【 ᠬᠤᠶᠠᠷ ᠬᠤᠷᠠᠯ ᠳᠡᠭᠡᠷ᠎ᠡ ᠲᠦᠪᠯᠡᠷᠡᠬᠦᠯᠬᠦ 】 ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2025/1/13
    1 ᠰᠠᠷ᠎ᠠ ᠶᠢᠨ 10 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠵᠤ᠂ ᠵᠠᠰᠠᠭ ᠵᠠᠬᠢᠷᠭᠠᠨ ᠤ ᠲᠥᠪ ᠤᠨ ᠮᠡᠳᠡᠭᠦᠯᠦᠯᠲᠡ ᠶᠢᠨ ᠲᠢᠩᠬᠢᠮ ᠳᠤ ᠠᠮᠵᠢᠯᠲᠠ ᠲᠠᠢ ᠲᠡᠭᠦᠰᠪᠡ᠃      ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠮᠠ ᠬᠠᠶ ᠲᠤᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ ᠲᠡᠭᠦᠰᠬᠦ ᠶᠠᠷᠢᠶ᠎ᠠ ᠲᠠᠯᠪᠢᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠦᠸᠧ ᠫᠢᠩ ᠸᠠᠩ ᠶᠡᠭᠡ ᠬᠤᠷᠠᠯ ᠢ ᠡᠷᠭᠢᠯᠡᠪᠡ᠃       ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠢᠯᠢᠨᠪᠠᠭᠠᠳᠣᠷ᠂ ᠢᠦᠶ ᠬᠤᠩ ᠯᠢ᠂ ᠨᠠᠷᠠᠰᠤ᠂ ᠵᠠᠩ ᠴᠦᠨ ᠬᠤᠸᠠᠨ᠂ ᠶᠤᠸᠠᠢ ᠰᠢ ᠬᠤᠸᠠ᠂ ᠬᠠᠰᠬᠦᠣ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠷᠢᠨ ᠪᠢᠴᠢᠭ ᠤᠨ ᠳᠠᠷᠤᠭ᠎ᠠ ᠹᠠᠨ ᠭᠤᠤ ᠶᠤᠸᠠᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ ᠬᠤᠳᠠ ᠶᠢᠨ ᠤᠳᠤᠷᠢᠳᠤᠯᠭ᠎ᠠ ᠾᠧᠦ ᠶᠠᠨ ᠮᠢᠨ᠂ ᠭᠧᠩ ᡁᠢ ᠵᠢᠶᠦ᠋ᠨ᠂ ᠵᠠᠩ ᠺᠠᠢ ᠳ᠋ᠦᠩ᠂ ᠵᠠᠩ ᠯᠢ ᠴᠧᠩ᠂ ᠵᠠᠩ ᠶᠦᠩ ᡁᠢ᠂ ᠰᠢᠶᠤᠤ ᠵᠢᠶᠠᠨ ᠵᠢᠶᠦ᠋ᠨ ᠪᠤᠢ᠃
       ᠬᠤᠷᠠᠯ ᠳᠤ ᠣᠷᠣᠯᠴᠠᠬᠤ ᠶᠣᠰᠣᠲᠠᠶ ᠭᠡᠰᠢᠭᠦᠨ 141 ᠬᠥᠮᠦᠨ᠂ ᠪᠣᠳᠠᠲᠠᠶ ᠣᠷᠣᠯᠴᠠᠭᠰᠠᠨ ᠨᠢ 131 ᠬᠥᠮᠦᠨ ᠪᠠᠶᠢᠵᠤ᠂ ᠤᠯᠤᠰ ᠲᠥᠷᠥ ᠶᠢᠨ ᠵᠥᠪᠯᠡᠯᠭᠡᠨ ᠤ ᠲᠦᠷᠢᠮ ᠤᠨ ᠲᠣᠭᠲᠠᠭᠠᠯ ᠳᠤ ᠨᠡᠶᠢᠴᠡᠵᠦ ᠪᠠᠶᠢᠨ᠎ᠠ᠃     ᠬᠤᠷᠠᠯ ᠠᠴᠠ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠰᠢᠢᠳᠪᠦᠷᠢ᠂ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠰᠢᠢᠳᠪᠦᠷᠢ᠂ ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ᠂ ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠤᠯᠤᠰ ᠲᠥᠷᠥ ᠶᠢᠨ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠭᠡᠰᠢᠭᠦᠳ ᠪᠣᠯᠣᠨ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠤᠯᠤᠰ ᠲᠦᠷᠦ ᠶᠢᠨ ᠵᠥᠪᠯᠡᠯᠭᠡᠨ ᠤ ᠡᠷᠢᠶᠡᠨ ᠬᠤᠳᠠ ᠶᠢᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠮᠵᠢᠯᠲᠠ ᠲᠠᠢ ᠲᠡᠭᠦᠰᠪᠡ᠃ ᠡᠨᠡ ᠤᠳᠠᠭ᠎ᠠ ᠶᠢᠨ ᠬᠤᠷᠠᠯ ᠪᠣᠯ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠪᠦᠯᠬᠦᠮᠳᠡᠨ ᠵᠣᠷᠢᠭᠵᠢᠭᠤᠯᠤᠭᠰᠠᠨ ᠨᠢᠭᠡᠨ ᠤᠳᠠᠭ᠎ᠠ ᠶᠢᠨ ᠶᠡᠭᠡ ᠬᠤᠷᠠᠯ ᠮᠥᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠭᠰᠡᠨ ᠶᠡᠭᠡ ᠬᠤᠷᠠᠯ ᠮᠥᠨ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠮᠠ ᠬᠠᠶ ᠲᠤᠤ ᠵᠡᠷᠭᠡ ᠬᠤᠲᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠳᠤᠭᠤᠶᠢᠯᠠᠩ ᠬᠤᠪᠢᠶᠠᠨ ᠶᠠᠷᠢᠯᠴᠠᠬᠤ ᠳᠤ ᠣᠷᠣᠯᠴᠠᠵᠤ᠂ ᠭᠡᠰᠢᠭᠦᠳ ᠤᠨ ᠰᠠᠨᠠᠯ ᠢ ᠰᠣᠨᠣᠰᠴᠤ᠂ ᠭᠡᠰᠢᠭᠦᠳ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤ ᠥᠭᠴᠦ᠂ ᠭᠡᠰᠢᠭᠦᠳ ᠲᠠᠢ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠰᠦᠪᠡᠭᠴᠢᠯᠡᠵᠦ᠂ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠬᠦᠴᠦᠲᠡᠶ ᠳᠡᠮᠵᠢᠵᠦ ᠪᠠᠶᠢᠬᠤ ᠶᠢ ᠭᠦᠢᠴᠡᠳ ᠢᠯᠡᠷᠡᠭᠦᠯᠪᠡ᠃     ᠬᠤᠷᠠᠯ ᠠᠴᠠ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠡᠴᠦᠰ ᠤᠨ ᠵᠢᠯ᠂ ᠪᠦᠬᠦ ᠬᠤᠳᠠ ᠶᠢᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠲᠡᠮᠡᠴᠡᠯ ᠤᠨ ᠵᠢᠯ ᠪᠣᠯᠤᠨ᠎ᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠡᠭᠦᠷᠭᠡ ᠶᠢ ᠪᠠᠲᠤ ᠡᠵᠡᠮᠳᠡᠵᠦ᠂ ᠤᠯᠤᠰ ᠲᠥᠷᠥ ᠶᠢᠨ ᠪᠠᠶᠢᠭᠤᠯᠤᠯᠲᠠ ᠶᠢ ᠳᠣᠪᠤᠶᠢᠯᠭᠠᠬᠤ ᠶᠢᠨ ᠲᠣᠭᠤᠷᠢᠨ ᠳᠤ ᠨᠢᠭᠡ ᠭᠤᠤᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠠᠬᠢᠭᠤᠯᠵᠤ᠂ ᠲᠤᠰᠬᠠᠶ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ ᠬᠤᠤᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠪᠡ᠃ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ︽ᠤᠯᠤᠰ ᠤᠨ ᠶᠡᠭᠡ ᠶᠠᠪᠤᠳᠠᠯ︾ ᠢ ᠰᠡᠳᠬᠢᠯ ᠳᠡᠭᠡᠨ ᠪᠤᠳᠤᠵᠤ᠂ ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ︔ ᠰᠤᠷᠤᠯᠴᠠᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ︽ᠬᠤᠰᠢᠭᠤᠴᠢ ᠠᠩᠭᠢ︾ ᠪᠣᠯᠬᠤ ᠬᠡᠷᠡᠭᠲᠡᠢ︔ ᠬᠡᠬᠦᠳᠡᠭ ᠴᠡᠭᠡᠵᠢᠨ ᠳᠡᠭᠡᠨ ᠪᠦᠬᠦ ᠲᠠᠯ᠎ᠠ ᠶᠢ ᠪᠠᠭᠲᠠᠭᠠᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠮᠡᠷᠭᠡᠨ ᠪᠦᠯᠬᠦᠮ︾ ᠪᠣᠯᠬᠤ ᠬᠡᠷᠡᠭᠲᠡᠢ︔ ᠠᠷᠠᠳ ᠤᠨ ᠠᠮᠢᠳᠤᠷᠠᠯ ᠢ ᠠᠩᠬᠠᠷᠴᠤ᠂ ᠦᠨᠳᠦᠰᠦᠨ ᠱᠠᠲᠤᠨ ᠤ ᠤᠯᠠᠨ ᠲᠦᠮᠡᠨ ᠤ ︽ᠣᠷᠣᠯᠠᠨ ᠥᠭᠦᠯᠡᠭᠴᠢ︾ ᠪᠣᠯᠬᠤ ᠬᠡᠷᠡᠭᠲᠡᠢ      ᠬᠤᠷᠠᠯ ᠠᠴᠠ᠂ ᠪᠦᠬᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠢᠭᠡ ᠰᠡᠳᠬᠢᠯ ᠨᠢᠭᠡ ᠵᠣᠷᠢᠭ᠂ ᠤᠯᠠᠨ ᠤ ᠤᠬᠠᠭᠠᠨ ᠬᠠᠮᠲᠤ ᠶᠢᠨ ᠬᠦᠴᠦᠨ᠂ ᠪᠣᠳᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠠᠷᠠᠳ ᠤᠨ ᠲᠥᠯᠥᠭᠡ ᠵᠢᠳᠬᠦᠬᠦ ᠰᠡᠳᠬᠢᠯ ᠢ ᠪᠠᠲᠤ ᠰᠠᠬᠢᠵᠤ᠂ ᠬᠥᠮᠦᠰ ᠤᠨ ᠰᠡᠳᠬᠢᠯ ᠢ ᠥᠷᠭᠡᠨ ᠢᠶᠠᠷ ᠨᠢᠭᠲᠠᠷᠠᠭᠤᠯᠵᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠰᠢᠨ᠎ᠡ ᠬᠠᠭᠤᠳᠠᠰᠤ ᠶᠢ ᠴᠢᠷᠮᠠᠶᠢᠨ ᠡᠭᠦᠳᠴᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠴᠠᠭ ᠦᠶ᠎ᠡ ᠶᠢᠨ ᠪᠣᠭᠤᠮᠲᠠ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠤᠷᠢᠶᠠᠯᠠᠪᠠ᠃      ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠡᠷ ᠲᠡᠭᠡᠨ ᠪᠠᠶᠢᠭ᠎ᠠ ᠤᠳᠤᠷᠢᠳᠤᠯᠭ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠤᠳᠤᠷᠢᠳᠤᠯᠭ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠬᠠᠮᠠᠳ ᠺᠠᠳ᠋ᠷ ᠤᠨ ᠲᠥᠯᠥᠭᠡᠯᠡᠭᠴᠢ᠂ ᠬᠤᠲᠠ ᠶᠢᠨ ᠲᠣᠭᠤᠷᠢᠭ ᠲᠤ ᠰᠠᠭᠤᠭ᠎ᠠ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠲᠠ ᠶᠢᠨ ᠰᠢᠭᠤᠳ ᠬᠠᠷᠢᠶ᠎ᠠ ᠬᠤᠲᠠ ᠳᠤ ᠰᠠᠭᠤᠭ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠤᠷᠢᠯᠭ᠎ᠠ ᠪᠠᠷ ᠲᠡᠭᠦᠰᠬᠦ ᠶᠡᠭᠡ ᠬᠤᠷᠠᠯ ᠳᠤ ᠣᠷᠣᠯᠴᠠᠪᠠ᠃      ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠲᠡᠭᠦᠰᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号