ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2025/1/14
     1 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ 2025 ᠣᠨ ᠤ ᠰᠢᠨ᠎ᠡ ᠵᠢᠯ ᠤᠨ ᠪᠠᠶᠠᠷ ᠤᠨ ᠦᠭᠡ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 2035 ᠣᠨ ᠤ ᠰᠢᠨ᠎ᠡ ᠵᠢᠯ ᠤᠨ ᠪᠠᠶᠠᠷ ᠤᠨ ᠦᠭᠡ ᠪᠣᠯᠤᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷᠡᠬᠢ ᠴᠢᠬᠤᠯᠠ ᠶᠠᠷᠢᠶ᠎ᠠ ᠨᠢ ᠵᠣᠭᠰᠣᠴᠠ ᠥᠨᠳᠥᠷ ᠪᠠᠶᠢᠵᠤ᠂ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠶᠤᠮ᠃ ᠪᠦᠬᠦ ᠬᠤᠲᠠ ᠪᠠᠷ ᠢᠶᠠᠨ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢᠶᠠᠨ ᠤᠯᠠᠮ ᠨᠢᠭᠡ ᠠᠯᠬᠤᠮ ᠬᠤᠷᠠᠮᠳᠤᠭᠤᠯᠵᠤ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ︔ ᠪᠠᠶᠠᠷ ᠤᠨ ᠦᠭᠡ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠯᠤᠭ᠎ᠠ ᠭᠦᠨᠵᠡᠭᠡᠢ ᠣᠶᠢᠯᠠᠭᠠᠵᠤ᠂ ᠨᠠᠷᠢᠨ ᠬᠢᠨᠠᠮᠠᠭᠠᠢ ᠡᠵᠡᠮᠰᠢᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠪᠦᠬᠦᠳᠡ ᠬᠤᠷᠠᠯ ᠠᠴᠠ ︽ᠵᠢᠷᠭᠤᠭᠠᠨ ᠰᠢᠪᠲᠤᠯᠤᠯᠲᠠ ᠶᠢᠨ ᠴᠢᠨᠠᠷᠲᠠᠢ ᠠᠬᠢᠴᠠ︾ ᠶᠢᠨ ᠡᠭᠦᠷᠭᠡ  ᠶᠢ ᠰᠠᠶᠢᠲᠤᠷ ᠠᠳᠬᠤᠵᠤ᠂ ᠰᠢᠨ᠎ᠡ ᠨᠢᠭᠡ ᠵᠢᠯ ᠳᠤ ᠮᠠᠨ ᠤ ᠬᠤᠳᠠ ᠶᠢᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠨᠡᠩ ᠰᠠᠶᠢᠨ ᠬᠢᠬᠦ ᠬᠡᠷᠡᠭᠲᠡᠢ︔ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠲᠤᠬᠢᠷᠠᠭᠤᠯᠤᠯᠳᠠ ᠶᠢ ᠭᠦᠨᠵᠡᠭᠡᠢ ᠤᠢᠢᠯᠠᠭᠠᠭᠤᠯᠤᠨ ᠪᠦᠬᠦ ᠲᠠᠯ᠎ᠠ ᠪᠠᠷ ᠲᠤᠤᠱᠯᠠᠭᠤᠯᠵᠤ᠂ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠮᠠᠨ ᠤ ᠬᠤᠳᠠ ᠶᠢᠨ ᠡᠯ᠎ᠡ ᠵᠦᠢᠯ ᠤᠨ ᠠᠵᠢᠯ ᠢ ᠨᠡᠩ ᠰᠠᠶᠢᠨ ᠬᠢᠬᠦ ᠬᠡᠷᠡᠭᠲᠡᠢ᠃      ᠬᠤᠷᠠᠯ ᠠᠴᠠ 2025 ᠣᠨ ᠤ ᠪᠥᠬᠦ ᠬᠤᠲᠠ ᠶᠢᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠰᠢᠯᠭᠠᠷᠠᠭᠤᠯᠤᠨ ᠬᠥᠬᠢᠭᠦᠯᠬᠦ ᠶᠠᠪᠤᠳᠠᠯ ᠢ ᠰᠤᠳᠤᠯᠤᠨ ᠬᠢᠨᠠᠨ ᠵᠥᠪᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号