ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠬᠠᠮᠲᠤ ᠶᠢᠨ ᠰᠤᠷᠤᠯᠴᠠᠯᠭ᠎ᠠ ᠵᠢᠴᠢ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2025/1/14
   1 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠠᠴᠠ ᠡᠮᠦᠨᠡᠬᠢ ᠬᠠᠮᠲᠤ ᠶᠢᠨ ᠰᠤᠷᠤᠯᠴᠠᠯᠭ᠎ᠠ ᠵᠢᠴᠢ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠪᠡ᠃    ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠭᠤᠣᠯ ᠳᠤᠭᠤᠶᠢᠯᠠᠩ ᠤᠨ ᠭᠡᠰᠢᠭᠦᠨ ᠶᠠᠩ ᠶᠢᠨ ᠷᠦᠢ᠂ ᠾᠧᠦ ᠶᠠᠨ ᠮᠢᠨ᠂ ᠭᠧᠩ ᡁᠢ ᠵᠢᠶᠦ᠋ᠨ᠂ ᠵᠠᠩ ᠶᠦᠩ ᡁᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠨᠥᠬᠦᠳ ᠪᠢᠴᠢᠭ ᠤᠨ ᠬᠡᠯᠪᠡᠷᠢ ᠪᠠᠷ ᠰᠣᠯᠢᠯᠴᠠᠭᠠᠨ ᠤ ᠮᠠᠲ᠋ᠧᠷᠢᠶᠠᠯ ᠢᠶᠠᠨ ᠳᠡᠪᠰᠢᠭᠦᠯᠪᠡ᠃    ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠪᠣᠳᠠᠲᠠᠢ ᠲᠠᠢ ᠤᠶᠠᠯᠳᠤᠭᠤᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠰᠤᠷᠤᠯᠴᠠᠨ ᠲᠤᠭᠤᠰᠢᠯᠠᠭᠤᠯᠬᠤ ᠶᠢ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠭᠦᠨᠵᠡᠭᠡᠢ ᠳ᠋ᠦᠩᠨᠡᠵᠦ᠂ ᠰᠠᠬᠢᠯᠭ᠎ᠠ ᠪᠠᠲᠤ ᠶᠢ ᠰᠤᠷᠤᠯᠴᠠᠵᠤ ᠰᠠᠬᠢᠯᠭ᠎ᠠ ᠪᠠᠲᠤ ᠶᠢ ᠣᠶᠢᠯᠠᠭᠠᠵᠤ ᠰᠠᠬᠢᠯᠭ᠎ᠠ ᠪᠠᠲᠤ ᠶᠢ ᠰᠠᠬᠢᠬᠤ ᠶᠢ ᠪᠠᠶᠢᠩᠭᠤᠵᠢᠭᠤᠯᠤᠨ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠰᠠᠶᠢᠲᠤᠷ ᠥᠷᠨᠢᠭᠦᠯᠬᠦ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠦᠢᠯᠡᠰ ᠢ ᠠᠬᠢᠭᠤᠯᠬᠤ ᠳᠤ ᠦᠵᠡᠭᠦᠯᠬᠦ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠦᠨᠳᠦᠰᠦᠨ ᠱᠠᠭᠠᠷᠳᠠᠯᠭ᠎ᠠ ᠶᠢ ᠴᠢᠩᠭ᠎ᠠ ᠰᠠᠬᠢᠵᠤ᠂ ᠤᠬᠠᠮᠰᠠᠷ ᠠᠴᠠ ᠪᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠵᠠᠯᠠᠷᠠᠭᠤᠯᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃ ᠦᠵᠡᠯ ᠰᠠᠨᠠᠭᠠᠨ ᠤ ᠳᠠᠪᠲᠠᠯᠲᠠ ᠪᠠᠨ ᠴᠢᠩᠭᠠᠳᠬᠠᠵᠤ᠂ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠴᠠᠭᠠᠷᠠᠭᠰᠠᠨ ᠡᠩᠨᠡᠭᠡ ᠶᠢ ᠪᠠᠶᠢᠭᠤᠯᠵᠤ᠂ ᠬᠠᠮᠢᠶ᠎ᠠ ᠪᠦᠬᠦᠢ ᠲᠦᠷᠢᠮ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃    ᠬᠤᠷᠠᠯ ᠠᠴᠠ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠷᠠᠯ ᠤᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠯ ᠬᠤᠷᠢᠶᠠᠬᠤ᠂ ᠰᠡᠳᠬᠢᠯ ᠤᠨ ᠦᠭᠡ ᠪᠠᠨ ᠶᠠᠷᠢᠯᠴᠠᠬᠤ᠂ ᠠᠰᠠᠭᠤᠳᠠᠯ ᠢ ᠪᠠᠶᠢᠴᠠᠭᠠᠨ ᠳᠡᠯᠭᠡᠬᠦ᠂ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠪᠢᠴᠢᠬᠦ ᠵᠡᠷᠭᠡ ᠬᠤᠷᠠᠯ ᠠᠴᠠ ᠡᠮᠦᠨᠡᠬᠢ ᠪᠡᠯᠡᠳᠬᠡᠯ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠭᠦᠨᠵᠡᠭᠡᠢ ᠥᠷᠨᠢᠭᠦᠯᠵᠦ᠂ ᠠᠰᠠᠭᠤᠳᠠᠯ ᠢ ᠣᠨᠣᠪᠴᠢᠲᠠᠢ ᠡᠷᠢᠵᠦ᠂ ᠦᠵᠡᠯ ᠰᠠᠨᠠᠭ᠎ᠠ ᠪᠠᠨ ᠨᠡᠪᠲᠡᠷᠬᠡᠢ ᠶᠠᠷᠢᠵᠤ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠢ ᠳᠡᠭᠡᠭᠰᠢᠯᠡᠭᠦᠯᠵᠦ᠂ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠢᠨᠠᠷ ᠰᠠᠶᠢᠲᠠᠢ ᠬᠤᠷᠠᠯᠳᠤᠬᠤ᠂ ᠰᠠᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号