| 1 ᠰᠠᠷ᠎ᠠ ᠶᠢᠨ 8 ᠤ ᠡᠳᠦᠷ᠂ ᠬᠤᠲᠠ ᠶᠢᠨ ᠵᠠᠰᠠᠭ ᠤᠨ ᠣᠷᠳᠣᠨ 2025 ᠣᠨ ᠤ ᠬᠤᠶᠠᠳᠤᠭᠠᠷ | ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠣᠷᠣᠯᠠᠭᠴᠢ ᠬᠤᠲᠠ ᠶᠢᠨ ᠳᠠᠷᠤᠭ᠎ᠠ ᠮᠠ ᠬᠠᠶ ᠲᠤᠤ ᠬᠤᠷᠠᠯ ᠡᠷᠭᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 | ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠥᠰᠦᠯ ︵ᠶᠠᠷᠢᠯᠴᠠᠬᠤ ᠨᠤᠤᠷᠠᠭ︶︾ ᠢ ᠰᠤᠳᠤᠯᠤᠨ ᠬᠢᠨᠠᠨ | ᠵᠥᠪᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ | ᠬᠤᠯᠪᠣᠭᠳᠠᠯ ᠢ ᠴᠢᠨᠠᠭᠰᠢᠳᠠ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ | ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ | ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠶᠡᠷᠦᠩᠬᠡᠢ | ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ | ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠵᠤ᠂ ᠪᠠᠶᠢᠩᠭᠤ ᠶᠢᠨ ᠴᠢᠨᠠᠷᠲᠠᠢ ᠪᠠ ᠲᠥᠪᠯᠡᠷᠡᠯ ᠤᠨ ᠴᠢᠨᠠᠷ ᠢ | ᠤᠶᠠᠯᠳᠤᠭᠤᠯᠤᠭᠰᠠᠨ ᠰᠠᠬᠢᠯᠭ᠎ᠠ ᠪᠠᠲᠤ ᠶᠢᠨ ᠬᠥᠮᠦᠵᠢᠯ ᠤᠨ ᠲᠣᠭᠲᠠᠴᠠ ᠶᠢ ᠪᠠᠶᠢᠭᠤᠯᠵᠤ᠂ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠨᠡᠨ ᠬᠦ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠵᠤ᠂ | ᠪᠠᠶᠢᠩᠭᠤ ᠠᠳᠬᠤᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠪᠠᠲᠤ ᠴᠢᠩᠭ᠎ᠠ ᠨᠠᠶᠢᠳᠠᠪᠤᠷᠢᠵᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ | ᠡᠰᠡᠷᠭᠦᠴᠡᠬᠦ ᠶᠢ ᠭᠦᠨᠵᠡᠭᠡᠢ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ | ᠬᠤᠷᠠᠯ ᠠᠴᠠ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ | ᠬᠤᠷᠠᠯ ᠢᠶᠠᠷ ᠬᠡᠪ ᠳᠠᠭᠤᠷᠢᠶᠠᠯ ᠪᠣᠯᠭᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ | ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠷᠠᠳᠴᠢᠯᠠᠯ ᠤᠨ ᠠᠮᠢᠳᠤᠷᠠᠯ ᠤᠨ | ᠬᠤᠷᠠᠯ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠡᠯ᠎ᠡ | ᠭᠤᠭᠴᠤᠭ᠎ᠠ ᠶᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠤᠯᠤᠰ ᠲᠦᠷᠦ ᠶᠢ ᠡᠷᠬᠢᠮᠯᠡᠬᠦ ᠱᠠᠭᠠᠷᠳᠠᠯᠭ᠎ᠠ ᠶᠢ | ᠰᠡᠳᠬᠢᠯ ᠤᠨ ᠦᠭᠡ ᠪᠠᠨ ᠶᠠᠷᠢᠯᠴᠠᠬᠤ᠂ ᠠᠰᠠᠭᠤᠳᠠᠯ ᠢ ᠪᠠᠶᠢᠴᠠᠭᠠᠨ ᠳᠡᠯᠭᠡᠬᠦ᠂ ᠬᠠᠷᠢᠴᠠᠭᠤᠯᠤᠨ ᠪᠠᠶᠢᠴᠠᠭᠠᠬᠤ᠂ | ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠤᠨ ᠪᠦᠬᠦ ᠶᠠᠪᠤᠴᠠ ᠳᠤ ᠢᠯᠡᠷᠡᠭᠦᠯᠵᠦ᠂ ᠠᠷᠠᠳᠴᠢᠯᠠᠯ ᠤᠨ ᠠᠮᠢᠳᠤᠷᠠᠯ ᠤᠨ | ᠬᠤᠷᠠᠯ ᠤᠨ ᠴᠢᠨᠠᠷ ᠰᠠᠶᠢᠲᠠᠢ᠂ ᠰᠠᠶᠢᠨ ᠦᠷ᠎ᠡ ᠪᠦᠲᠦᠮᠵᠢ᠂ ᠰᠢᠨ᠎ᠡ ᠳᠦᠷᠰᠦ ᠪᠠᠶᠢᠳᠠᠯ ᠲᠠᠢ ᠪᠣᠯᠬᠤ ᠶᠢ ᠪᠠᠲᠤᠯᠠᠬᠤ | ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |