【 ᠬᠥᠭᠵᠢᠯᠲᠡ ᠶᠢᠨ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ ᠢᠷᠠᠭᠤ ᠬᠠᠭᠤᠳᠠᠰᠤ 】 ᠡᠷᠢᠶᠡᠨ ᠪᠣᠭᠤᠮᠲᠠ ᠵᠢᠮᠢᠰ ᠢᠳᠡᠰᠢᠨ ᠨᠣᠭᠤᠭ᠎ᠠ ᠶᠢ ᠭᠠᠳᠠᠭᠠᠳᠤ ᠳᠤ ᠭᠠᠷᠭᠠᠬᠤ ᠠᠵᠤ ᠦᠢᠯᠡᠰ ᠤᠨ ︽ᠬᠡᠯᠬᠢᠶ᠎ᠡ︾ ᠶᠢ ᠲᠦᠷᠭᠡᠳᠬᠡᠨ ᠨᠡᠭᠡᠭᠡᠵᠦ ᠬᠥᠭᠵᠢᠭᠦᠯᠪᠡ
ᠨᠡᠶᠢᠲᠡᠯᠡᠭᠰᠡᠨ ᠴᠠᠭ᠄
2025/1/14
   ᠡᠷᠢᠶᠡᠨ ᠪᠣᠭᠤᠮᠲᠠ ᠪᠣᠯ ᠮᠠᠨ ᠤ ᠤᠯᠤᠰ ᠤᠨ ᠮᠣᠩᠭᠤᠯ ᠤᠯᠤᠰ ᠲᠤ ᠨᠡᠭᠡᠭᠡᠯᠲᠡ ᠬᠢᠭᠰᠡᠨ ᠶᠡᠷᠦᠩᠬᠡᠶᠢᠯᠡᠭᠰᠡᠨ ᠴᠢᠨᠠᠷᠲᠠᠶ ᠵᠠᠩᠭᠢᠯᠠᠭ᠎ᠠ ᠶᠢᠨ ᠪᠣᠭᠤᠮᠲᠠ ᠪᠣᠯᠤᠨ᠎ᠠ᠂ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠪᠠ ᠳᠥᠭᠦᠮ ᠳᠥᠲᠡ ᠪᠣᠭᠤᠮᠲᠠ ᠥᠩᠭᠡᠷᠡᠬᠦ ᠣᠷᠴᠢᠨ ᠲᠣᠭᠤᠷᠢᠨ ᠲᠠᠢ᠂ ᠮᠣᠩᠭᠤᠯ ᠤᠯᠤᠰ ᠤᠨ ᠶᠡᠬᠡᠩᠬᠢ ᠵᠢᠮᠢᠰ ᠨᠣᠭᠤᠭ᠎ᠠ ᠶᠢ ᠡᠷᠢᠶᠡᠨ ᠪᠣᠭᠤᠮᠲᠠ ᠪᠠᠷ ᠥᠩᠭᠡᠷᠡᠭᠦᠯᠵᠦ ᠪᠠᠶᠢᠨ᠎ᠠ᠃    ᠵᠢᠯ ᠤᠨ ᠡᠴᠦᠰ ᠪᠣᠯᠬᠤ ᠳᠤ᠂ ᠮᠣᠩᠭᠤᠯ ᠤᠯᠤᠰ᠂ ᠣᠷᠣᠰ ᠵᠡᠷᠭᠡ ᠤᠯᠤᠰ ᠲᠤ ᠮᠠᠨ ᠤ ᠤᠯᠤᠰ ᠤᠨ ᠠᠯᠮᠤᠷᠠᠳ᠂ ᠵᠦᠷᠵᠢ᠂ ᠲᠥᠪᠡᠳ ᠬᠠᠰᠢ ᠵᠡᠷᠭᠡ ᠵᠢᠮᠢᠰ ᠨᠣᠭᠤᠭ᠎ᠠ ᠶᠢ ᠭᠠᠷᠭᠠᠳᠠᠭ᠃ ᠬᠤᠤ ᠭᠠᠩ ᠵᠢᠮᠢᠰ ᠢᠳᠡᠰᠢᠨ ᠨᠣᠭᠤᠭ᠎ᠠ ᠠᠮᠤ ᠳᠤᠰᠤ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠦᠷᠢᠶᠡᠯᠡᠩ ᠲᠣᠭᠤᠷᠢᠭ ᠲᠤ ᠂ ᠠᠵᠢᠯᠴᠢᠳ ᠵᠢᠮᠢᠰ ᠢᠳᠡᠰᠢᠨ ᠨᠣᠭᠤᠭ᠎ᠠ ᠶᠢ ᠰᠢᠨ᠎ᠡ ᠰᠣᠷᠭᠤᠭ ᠪᠠᠶᠢᠯᠭᠠᠬᠤ ᠬᠦᠢᠳᠡᠨ ᠬᠥᠮᠥᠷᠭᠡ ᠠᠴᠠ ᠬᠠᠶᠢᠷᠴᠠᠭ ᠰᠢᠨ᠎ᠡ ᠰᠣᠷᠭᠤᠭ ᠵᠢᠮᠢᠰ ᠨᠣᠭᠤᠭ᠎ᠠ ᠶᠢ ᠬᠦᠢᠳᠡᠨ ᠬᠠᠳᠠᠭᠠᠯᠠᠬᠤ ᠲᠡᠷᠭᠡᠨ ᠳᠤ ᠭᠠᠷᠭᠠᠵᠤ ᠪᠠᠶᠢᠯ᠎ᠠ᠃ ᠨᠠᠷᠠᠨ ᠭᠡᠷᠡᠯ ᠤᠨ ᠲᠤᠰᠤᠯᠲᠠ ᠳᠣᠣᠷ᠎ᠠ᠂ ᠰᠠᠶᠢᠨ ᠪᠣᠭᠤᠭᠰᠠᠨ ᠵᠢᠮᠢᠰ ᠨᠣᠭᠤᠭ᠎ᠠ ᠶᠢᠨ ᠥᠩᠭᠡ ᠨᠠᠩ ᠬᠤᠷᠴᠠ ᠲᠣᠳᠣ ᠪᠣᠯᠪᠠ᠃ ᠵᠢᠮᠢᠰ ᠢᠳᠡᠰᠢᠨ ᠨᠣᠭᠤᠭ᠎ᠠ ᠶᠢᠨ ᠲᠡᠷᠭᠡ ᠬᠥᠰᠬᠡ ᠪᠣᠭᠤᠮᠲᠠ ᠪᠠᠷ ᠥᠩᠭᠡᠷᠡᠬᠦ ᠭᠠᠷᠳᠠᠮ ᠭᠦᠢᠴᠡᠳᠬᠡᠵᠦ ᠪᠠᠷᠠᠭᠰᠠᠨ ᠤ ᠳᠠᠷᠠᠭ᠎ᠠ᠂ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠰᠠᠭᠠᠳ ᠦᠭᠡᠢ ᠨᠡᠪᠲᠡᠷᠡᠬᠦ ᠵᠠᠮ ᠢᠶᠠᠷ ᠳᠠᠮᠵᠢᠭᠤᠯᠤᠨ ᠲᠦᠷᠭᠡᠨ ᠢᠶᠠᠷ ᠬᠢᠯᠢ ᠠᠴᠠ ᠭᠠᠷᠪᠠ᠃
   ᠪᠦᠷᠢᠳᠬᠡᠯ ᠢ ᠦᠨᠳᠦᠰᠦᠯᠡᠪᠡᠯ᠂ ᠡᠷᠢᠶᠡᠨ ᠪᠣᠭᠤᠮᠲᠠ ᠶᠢᠨ 2024 ᠣᠨ ᠳᠤ ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ 14.39 ᠲᠦᠮᠡᠨ ᠲᠣᠨ ᠳᠤ ᠬᠦᠷᠴᠦ᠂ 2023 ᠣᠨ ᠤ ᠬᠢ ᠠᠴᠠ 31% ᠨᠡᠮᠡᠭᠳᠡᠪᠡ᠃     ᠬᠤᠤ ᠭᠠᠩ ᠵᠢᠮᠢᠰ ᠢᠳᠡᠰᠢᠨ ᠨᠣᠭᠤᠭ᠎ᠠ ᠠᠮᠤ ᠲᠣᠰᠣ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠦᠷᠢᠶᠡᠯᠡᠩ ᠲᠣᠭᠤᠷᠢᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠵᠢᠯᠲᠠᠨ ᠯᠢᠦ ᠸᠧᠶ᠄ ︽ᠣᠶᠢᠷ᠎ᠠ ᠶᠢᠨ ᠵᠢᠯ ᠳᠤ᠂ ᠤᠯᠤᠰ ᠤᠨ ᠳᠣᠲᠣᠭᠠᠳᠤ ᠶᠢᠨ ᠵᠢᠮᠢᠰ ᠢᠳᠡᠰᠢᠨ ᠨᠣᠭᠤᠭ᠎ᠠ ᠶᠢ ᠭᠠᠳᠠᠭᠠᠳᠤ ᠶᠢᠨ ᠬᠡᠷᠡᠭᠯᠡᠭᠴᠢᠳ ᠤᠨ ᠪᠠᠭ᠋ᠠᠷᠬᠠᠯ ᠢ ᠶᠡᠬᠡᠳᠡ ᠣᠯᠵᠤ᠂ ᠵᠢᠮᠢᠰ ᠢᠳᠡᠰᠢᠨ ᠨᠣᠭᠤᠭ᠎ᠠ ᠶᠢ ᠭᠠᠳᠠᠭᠠᠳᠤ ᠳᠤ ᠭᠠᠷᠭᠠᠬᠤ ᠵᠠᠬᠢᠶᠠᠯᠠᠭ᠎ᠠ ᠶᠢᠨ ᠬᠡᠮᠵᠢᠶ᠎ᠡ ᠲᠣᠭᠲᠠᠭᠤᠨ ᠢᠶᠠᠷ ᠨᠡᠮᠡᠭᠳᠡᠪᠡ᠃ ᠬᠢᠯᠢ ᠶᠢᠨ ᠪᠣᠭᠤᠮᠲᠠ ᠶᠢᠨ ᠲᠠᠯ᠎ᠠ ᠪᠠᠷ᠂ ᠬᠢᠯᠢ ᠶᠢᠨ ᠪᠠᠶᠢᠴᠠᠭᠠᠯᠲᠠ᠂ ᠪᠣᠭᠤᠮᠲᠠ ᠠᠴᠠ ᠪᠢᠳᠡᠨ ᠳᠤ ᠤᠷᠢᠳᠴᠢᠯᠠᠨ ᠭᠤᠶᠤᠴᠢᠯᠠᠨ ᠮᠡᠳᠡᠭᠦᠯᠬᠦ᠂ ᠤᠷᠢᠳᠴᠢᠯᠠᠨ ᠪᠣᠯᠵᠣᠵᠤ ᠪᠠᠶᠢᠴᠠᠭᠠᠨ ᠰᠢᠯᠭᠠᠬᠤ ᠵᠡᠷᠭᠡ ᠠᠷᠭ᠎ᠠ ᠮᠠᠶ᠋ᠢᠭ ᠢ ᠠᠪᠴᠤ᠂ ᠭᠠᠳᠠᠭᠠᠳᠤ ᠳᠤ ᠭᠠᠷᠭᠠᠬᠤ ᠵᠢᠮᠢᠰ ᠨᠣᠭᠤᠭ᠎ᠠ ᠶᠢ ︿ᠴᠠᠭ ᠲᠤᠬᠠᠶ ᠳᠤᠨᠢ ᠬᠦᠯᠢᠶᠡᠨ ᠠᠪᠴᠤ᠂ ᠴᠠᠭ ᠲᠤᠬᠠᠶ ᠳᠤᠨᠢ ᠪᠠᠶᠢᠴᠠᠭᠠᠨ ᠰᠢᠯᠭᠠᠵᠤ᠂ ᠲᠦᠷᠭᠡᠨ ᠶᠠᠪᠤᠭᠤᠯᠬᠤ﹀ ᠶᠢ ᠪᠡᠶᠡᠯᠡᠭᠦᠯᠵᠦ᠂ ᠵᠢᠮᠢᠰ ᠢᠳᠡᠰᠢᠨ ᠨᠣᠭᠤᠭ᠎ᠠ ᠶᠢᠨ ᠲᠡᠷᠭᠡ ᠬᠥᠰᠬᠡ ᠶᠢᠨ ᠪᠣᠭᠤᠮᠲᠠ ᠪᠠᠷ ᠲᠦᠷᠭᠡᠨ ᠥᠩᠭᠡᠷᠡᠬᠦ ᠶᠢ ᠪᠠᠲᠤᠯᠠᠪᠠ︾ ᠭᠡᠵᠦ ᠬᠡᠯᠡᠪᠡ᠃
  ᠰᠢᠨ᠎ᠡ ᠰᠣᠷᠭᠤᠭ ᠵᠢᠮᠢᠰ ᠨᠣᠭᠤᠭ᠎ᠠ ᠭᠠᠳᠠᠭᠠᠳᠤ ᠳᠤ ᠭᠠᠷᠭᠠᠬᠤ ᠶᠢᠨ ᠬᠠᠮᠲᠤ᠂ ᠡᠷᠢᠶᠡᠨ ᠪᠣᠭᠤᠮᠲᠠ ᠳᠤ ᠪᠠᠰᠠ ᠵᠢᠮᠢᠰ ᠨᠣᠭᠤᠭ᠎ᠠ ᠶᠢᠨ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ ᠨᠡᠪᠲᠡᠷᠡᠭᠦᠯᠵᠦ᠂ ᠪᠦᠬᠦ ᠬᠡᠯᠬᠢᠶ᠎ᠡ ᠪᠠᠷ ᠦᠷᠢᠰᠦᠯᠳᠦᠬᠦ ᠬᠦᠴᠦᠨ ᠢ ᠳᠡᠭᠡᠭᠰᠢᠯᠡᠭᠦᠯᠪᠡ᠃ 2024 ᠣᠨ ᠳᠤ᠂ ᠬᠤᠤ ᠭᠠᠩ ᠵᠢᠮᠢᠰ ᠢᠳᠡᠰᠢᠨ ᠨᠣᠭᠤᠭ᠎ᠠ ᠠᠮᠤ ᠳᠤᠰᠤ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠦᠷᠢᠶᠡᠯᠡᠩ ᠲᠣᠭᠤᠷᠢᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠪᠡᠯᠡ ᠣᠷᠣᠭᠤᠯᠤᠨ ᠪᠠᠶᠢᠭᠤᠯᠤᠭᠰᠠᠨ ᠲᠦᠷᠭᠡᠨ ᠬᠥᠯᠳᠡᠭᠡᠭᠰᠡᠨ ᠨᠣᠭᠤᠭ᠎ᠠ ᠡᠳ᠋ᠰᠢᠭᠦᠯᠬᠦ ᠲᠦᠷᠦᠯ ᠵᠦᠢᠯ ᠤᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ ᠳᠠᠭᠤᠰᠬᠠᠪᠠ᠃ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠮᠢᠰ ᠨᠣᠭᠤᠭ᠎ᠠ ᠡᠳ᠋ᠰᠢᠭᠦᠯᠬᠦ᠂ ᠪᠣᠭᠤᠳᠠᠯᠯᠠᠬᠤ᠂ ᠬᠥᠮᠥᠷᠭᠡᠯᠡᠨ ᠬᠠᠳᠠᠭᠠᠯᠠᠬᠤ᠂ ᠲᠡᠭᠡᠭᠡᠪᠦᠷᠢᠯᠡᠬᠦ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠶᠢᠨ ᠳᠣᠤᠷ᠎ᠠ ᠳᠤᠯᠠᠭᠠᠨ ᠳᠤ ᠰᠢᠨ᠎ᠡ ᠰᠣᠷᠭᠤᠭ ᠪᠠᠶᠢᠯᠭᠠᠬᠤ ᠶᠢ ᠪᠡᠶᠡᠯᠡᠭᠦᠯᠵᠦ᠂ ᠪᠣᠭᠤᠮᠲᠠ ᠶᠢᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠡᠳ᠋ᠰᠢᠭᠦᠯᠬᠦ ᠳᠤᠲᠠᠭᠤᠳᠠᠯ ᠢ ᠨᠥᠬᠦᠪᠥᠷᠢᠯᠡᠵᠦ᠂ ᠵᠢᠮᠢᠰ ᠨᠣᠭᠤᠭ᠎ᠠ ᠶᠢ ᠭᠠᠳᠠᠭᠠᠳᠤ ᠳᠤ ᠭᠠᠷᠭᠠᠬᠤ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠵᠦ᠂ ︽ᠲᠠᠷᠢᠶᠠᠨ ᠭᠠᠵᠠᠷ ᠠᠴᠠ ᠲᠣᠭᠤᠭᠠᠨ ᠬᠡᠷ ᠬᠦᠷᠲᠡᠯᠡᠬᠢ ᠰᠢᠨ᠎ᠡ ᠰᠣᠷᠭᠤᠭ ᠰᠢᠭᠤᠳ ᠬᠦᠷᠬᠦ︾ ᠶᠢ ᠪᠡᠶᠡᠯᠡᠭᠦᠯᠦᠨ᠎ᠡ᠃ ᠡᠭᠦᠨ ᠤ ᠬᠠᠮᠲᠤ ᠪᠠᠰᠠ ᠰᠠᠭᠤᠷᠢᠨ ᠭᠠᠵᠠᠷ ᠤᠨ ᠠᠵᠤ ᠠᠬᠤᠶᠢᠯᠠᠯ ᠪᠠ ᠭᠠᠴᠠᠭᠠᠨ ᠤ ᠲᠠᠷᠢᠶᠠᠴᠢᠨ ᠡᠷᠦᠬᠡ ᠶᠢᠨ ᠬᠠᠮᠲᠤᠷᠠᠯᠴᠠᠭᠠᠨ ᠤ ᠲᠣᠭᠲᠠᠴᠠ ᠶᠢ ᠠᠰᠢᠭᠯᠠᠨ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠪᠠ᠃    ᠬᠤᠤ ᠭᠠᠩ ᠵᠢᠮᠢᠰ ᠢᠳᠡᠰᠢᠨ ᠨᠣᠭᠤᠭ᠎ᠠ ᠠᠮᠤ ᠲᠣᠰᠣ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠦᠷᠢᠶᠡᠯᠡᠩ ᠲᠣᠭᠤᠷᠢᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠯᠪᠠᠨ ᠬᠡᠷ ᠤᠨ ᠡᠷᠬᠢᠯᠡᠭᠴᠢ ᠵᠠᠩ ᠢᠦᠶ ᠴᠧᠩ᠄ ︽2024 ᠣᠨ ᠤ ᠵᠢᠮᠢᠰ ᠢᠳᠡᠰᠢᠨ ᠨᠣᠭᠤᠭ᠎ᠠ ᠶᠢ ᠭᠠᠳᠠᠭᠠᠳᠤ ᠳᠤ ᠭᠠᠷᠭᠠᠭᠰᠠᠨ ᠲᠤᠭ᠎ᠠ ᠪᠠᠷᠢᠮᠲᠠ ᠪᠠ ᠵᠠᠬᠢᠶᠠᠯᠠᠭ᠎ᠠ ᠶᠢᠨ ᠪᠠᠶᠢᠳᠠᠯ ᠲᠠᠢ ᠤᠶᠠᠯᠳᠤᠭᠤᠯᠤᠨ ᠵᠠᠳᠠᠯᠵᠤ᠂ 2025 ᠣᠨ ᠳᠤ ᠲᠦᠷᠭᠡᠨ ᠬᠥᠯᠳᠡᠭᠡᠭᠰᠡᠨ ᠵᠢᠮᠢᠰ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠵᠤ᠂ ᠣᠷᠣᠰ ᠤᠨ ᠵᠢᠮᠢᠰ ᠢᠳᠡᠰᠢᠨ ᠨᠣᠭᠤᠭ᠎ᠠ ᠶᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠦᠷᠭᠦᠯᠵᠢᠯᠡᠨ ᠥᠷᠭᠡᠳᠬᠡᠨ᠎ᠡ᠃ ᠪᠣᠭᠤᠮᠲᠠ ᠶᠢᠨ ᠳᠡᠭᠡᠳᠦ ᠵᠡᠷᠭᠡ ᠶᠢᠨ AEO ᠭᠡᠷᠡᠴᠢᠯᠡᠯ ᠤᠨ ᠠᠵᠢᠯ ᠢ ᠪᠡᠯᠡᠳᠬᠡᠵᠦ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠣᠲᠣᠭᠠᠳᠤ ᠶᠢᠨ ᠡᠵᠡᠮᠳᠡᠬᠦ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠦᠭᠰᠢᠭᠦᠷᠢ ᠶᠢ ᠪᠠᠭᠤᠷᠠᠭᠤᠯᠵᠤ᠂ ᠪᠠᠷᠠᠭ᠎ᠠ ᠶᠢᠨ ᠠᠮᠤᠷ ᠲᠦᠪᠰᠢᠨ ᠢ ᠪᠠᠲᠤᠯᠠᠨ᠎ᠠ᠃ ᠲᠦᠷᠭᠡᠨ ᠬᠥᠯᠳᠡᠭᠡᠭᠰᠡᠨ ᠨᠣᠭᠤᠭ᠎ᠠ ᠪᠣᠯᠪᠠᠰᠤᠷᠠᠭᠤᠯᠬᠤ ᠲᠥᠷᠥᠯ ᠵᠦᠢᠯ ᠢ ᠡᠨᠡ ᠵᠢᠯ ᠤᠨ 5 ᠰᠠᠷ᠎ᠠ ᠠᠴᠠ ᠡᠬᠢᠯᠡᠨ ᠲᠤᠷᠰᠢᠨ ᠦᠢᠯᠡᠳᠪᠣᠷᠢᠯᠡᠬᠦ ᠪᠠᠷ ᠲᠥᠯᠥᠪᠯᠡᠵᠦ᠂ ᠵᠢᠮᠢᠰ ᠨᠣᠭᠤᠭ᠎ᠠ ᠶᠢ ᠭᠠᠳᠠᠭᠠᠳᠤ ᠳᠤ ᠭᠠᠷᠭᠠᠬᠤ ᠲᠥᠷᠥᠯ ᠵᠦᠢᠯ ᠢ ᠪᠠᠶᠠᠯᠢᠭᠵᠢᠭᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号