【 ᠴᠠᠭᠠᠨ ᠰᠠᠷ᠎ᠠ ᠦᠨᠳᠦᠰᠦᠨ ᠱᠠᠲᠤᠨ ᠳᠤ ᠭᠦᠨᠵᠡᠭᠡᠶᠢᠷᠡᠬᠦ 】 ᠬᠤᠣᠰ ᠣᠶᠠᠩᠭ᠎ᠠ ᠪᠠᠷ ᠴᠠᠭᠠᠨ ᠰᠠᠷ᠎ᠠ ᠶᠢ ᠤᠭᠲᠤᠪᠠ
ᠨᠡᠶᠢᠲᠡᠯᠡᠭᠰᠡᠨ ᠴᠠᠭ᠄
2025/1/15
 
    ᠴᠠᠭᠠᠨ ᠰᠠᠷ᠎ᠠ ᠣᠶᠢᠷᠠᠳᠬᠤ ᠶᠢ ᠳᠠᠭᠠᠯᠳᠤᠨ᠂ ᠵᠢᠯ ᠤᠨ ᠦᠨᠦᠷ ᠠᠮᠲᠠ ᠤᠯᠠᠮ ᠠᠴᠠ ᠤᠯᠠᠮ ᠥᠳᠬᠡᠷᠡᠵᠦ ᠪᠠᠶᠢᠨ᠎ᠠ᠃ ᠴᠠᠭᠠᠨ ᠰᠠᠷ᠎ᠠ ᠶᠢᠨ ᠪᠠᠶᠠᠷ ᠤᠨ ᠬᠤᠭᠤᠴᠠᠭᠠᠨ ᠳᠤ ᠬᠤᠤᠰ ᠤᠶᠠᠩᠭ᠎ᠠ ᠨᠠᠭᠠᠵᠤ᠂ ᠪᠤᠶᠠᠨ ᠡᠯᠬᠦᠬᠦ ᠪᠣᠯ ᠳᠤᠲᠠᠭᠳᠠᠵᠤ ᠪᠣᠯᠤᠰᠢ ᠦᠭᠡᠢ ᠶᠣᠰᠣᠯᠠᠯ ᠤᠨ ᠲᠥᠷᠥᠭᠳᠡᠯ ᠪᠣᠯᠤᠨ᠎ᠠ᠃ 1 ᠰᠠᠷ᠎ᠠ ᠶᠢᠨ 14 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ ᠠᠯᠪᠠᠨ ᠭᠡᠷ ᠠᠴᠠ ᠵᠡᠬᠦᠨ ᠬᠤᠳᠠ ᠨᠡᠶᠢᠭᠡᠮ ᠲᠣᠭᠤᠷᠢᠭ ᠲᠠᠢ ᠬᠠᠮᠲᠤᠷᠠᠨ ︽ᠴᠠᠭᠠᠨ ᠰᠠᠷ᠎ᠠ ᠶᠢ ᠤᠭᠲᠤᠵᠤ᠂ ᠠᠮᠣᠷ ᠳᠦᠪᠰᠢᠨ ᠢ ᠲᠦᠮᠡᠨ ᠡᠷᠦᠬᠡ ᠳᠤ ᠣᠷᠣᠭᠤᠯᠬᠤ︾ ᠠᠵᠢᠯᠯᠠᠭ᠎ᠠ ᠥᠷᠨᠢᠭᠦᠯᠵᠦ᠂ ᠴᠠᠭᠠᠨ ᠰᠠᠷ᠎ᠠ ᠶᠢᠨ ᠠᠭᠤᠷ ᠠᠮᠢᠰᠬᠤᠯ ᠪᠠ ᠰᠠᠶᠢᠨ ᠰᠠᠶᠢᠬᠠᠨ ᠵᠥᠩᠨᠡᠯ ᠢ ᠤᠯᠠᠨ ᠲᠦᠮᠡᠨ ᠤ ᠳᠡᠷᠭᠡᠳᠡ ᠬᠦᠷᠭᠡᠪᠡ᠃    ᠲᠤᠬᠠᠢ ᠶᠢᠨ ᠲᠠᠯᠠᠪᠠᠢ ᠳᠤ᠂ ᠪᠡᠭᠡ ᠶᠢᠨ ᠦᠨᠦᠷ ᠬᠠᠩᠬᠤᠯᠤᠭᠰᠠᠨ ᠬᠤᠣᠰ ᠤᠶᠠᠩᠭ᠎ᠠ ᠪᠣᠯᠣᠨ ᠪᠢᠯᠬᠠᠭᠰᠠᠨ ᠪᠤᠶᠠᠨ ᠦᠰᠦᠭ ᠴᠢᠩ ᠰᠡᠳᠬᠢᠯ ᠤᠨ ᠵᠥᠩᠨᠡᠯ ᠢᠶᠠᠨ ᠢᠯᠡᠳᠬᠡᠵᠦ᠂ ᠨᠡᠩ ᠴᠤ ᠰᠢᠨ᠎ᠡ ᠨᠢᠭᠡ ᠵᠢᠯ ᠤᠨ ᠰᠠᠶᠢᠨ ᠰᠠᠶᠢᠬᠠᠨ ᠬᠦᠰᠡᠯ ᠡᠷᠡᠮᠡᠯᠵᠡᠯ ᠲᠠᠢ ᠪᠣᠯᠵᠠᠢ᠃    ᠬᠠᠤᠯᠢ ᠪᠠᠷ ᠵᠠᠰᠠᠬᠤ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ ᠪᠠᠶᠢᠬᠤ ᠮᠥᠷᠲᠡᠭᠡᠨ ᠪᠠᠰᠠ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠬᠡᠷᠡᠭ ᠪᠠ ᠶᠣᠰᠣ ᠤᠴᠢᠷ ᠢ ᠡᠯᠭᠦᠵᠦ᠂ ᠤᠯᠠᠨ ᠲᠦᠮᠡᠨ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠭᠦᠨ ᠵᠤᠵᠠᠭᠠᠨ ᠮᠡᠳᠡᠷᠡᠭᠦᠯᠬᠦ ᠶᠢᠨ ᠬᠠᠮᠲᠤ᠂ ᠬᠠᠤᠯᠢ ᠴᠠᠭᠠᠵᠠ ᠶᠢᠨ ᠮᠡᠳᠡᠯᠭᠡ᠂ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ᠂ ᠪᠣᠳᠠᠲᠤ ᠶᠠᠪᠤᠳᠠᠯ ᠤᠨ ᠶᠣᠰᠣ ᠤᠴᠢᠷ ᠢ ᠲᠦᠭ ᠲᠦᠮᠡᠨ ᠠᠶᠢᠯ ᠡᠷᠦᠬᠡ ᠳᠤ ᠦᠯᠦ ᠮᠡᠳᠡᠭᠳᠡᠨ᠎ᠡ᠃    ᠠᠵᠢᠯᠯᠠᠭ᠎ᠠ ᠳᠤ ᠣᠷᠣᠯᠴᠠᠭᠰᠠᠨ ᠰᠠᠭᠤᠭᠠᠯᠢ ᠠᠷᠠᠳ ᠤᠨ ᠬᠠᠯᠠᠭᠤᠨ ᠰᠡᠳᠬᠢᠯᠭᠡ ᠣᠷᠭᠢᠯᠵᠤ᠂ ᠤᠯᠠᠨ ᠤ ᠴᠢᠷᠠᠢ ᠳᠤ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ ᠪᠠᠶᠢᠯ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号