| | | | 1 ᠰᠠᠷ᠎ᠠ ᠶᠢᠨ 13 ᠤ ᠡᠳᠦᠷ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠮᠠᠷᠠᠲᠤ | ᠬᠢᠯᠢ ᠶᠢᠨ ᠨᠠᠶᠢᠬᠡᠮ ᠲᠣᠭᠤᠷᠢᠭ᠂ ᠡᠷᠢᠶᠡᠨ ᠬᠤᠲᠠ ᠶᠢᠨ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠵᠡᠷᠭᠡ ᠣᠯᠠᠨ | ᠰᠠᠯᠠᠭ᠎ᠠ ᠮᠥᠴᠢᠷ ᠬᠤᠲᠠ ᠶᠢᠨ ᠭᠤᠷᠪᠠᠳᠤᠭᠠᠷ ᠬᠡᠦᠬᠡᠳ ᠤᠨ ᠴᠡᠴᠡᠷᠯᠢᠭ ᠲᠤ ᠴᠤᠭᠯᠠᠷᠠᠵᠤ᠂ ᠨᠠᠮ ᠤᠨ | ᠪᠠᠶᠢᠭᠤᠯᠣᠯᠳᠠ ᠶᠢ ᠬᠠᠮᠲᠤᠷᠠᠨ ᠪᠠᠶᠢᠭᠤᠯᠵᠦ ᠬᠠᠮᠲᠤᠪᠠᠷ ᠪᠠᠶᠢᠭᠤᠯᠬᠤ ᠭᠤᠣᠯ ᠰᠡᠳᠦᠪᠲᠦ ᠠᠵᠢᠯᠯᠠᠭ᠎ᠠ ᠶᠢ ᠬᠠᠮᠲᠤᠪᠠᠷ | ᠡᠷᠬᠢᠯᠡᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠣᠮᠤᠭ ᠲᠡᠭᠦᠯᠳᠡᠷ ᠮᠣᠷᠢᠨ ᠬᠤᠭᠤᠷ ᠤᠨ ᠬᠥᠭᠵᠢᠮ ︽ᠳᠡᠬᠦᠯᠢᠨ | ᠨᠢᠰᠬᠦ ᠠᠵᠢᠨᠠᠢ ᠬᠦᠯᠦᠭ︾ ᠬᠥᠭᠵᠢᠮᠳᠡᠵᠦ᠂ ᠬᠥᠮᠥᠰ ᠤᠨ ᠰᠡᠳᠬᠢᠯ ᠢ ᠳᠣᠭᠳᠣᠯᠤᠭᠤᠯᠪᠠ᠃ ᠵᠠᠯᠭᠠᠭᠠᠳ᠂ | ᠠᠮᠢᠵᠢᠷᠠᠯ ᠤᠨ ᠬᠦᠴᠦᠨ ᠪᠢᠯᠬᠠᠭᠰᠠᠨ ᠲᠠᠯᠠᠪᠠᠶ ᠶᠢᠨ ᠪᠥᠵᠢᠭ ︽ᠪᠢ ᠴᠠᠰᠤᠲᠤ ᠠᠭᠤᠯᠠᠨ ᠠᠴᠠ ᠢᠷᠡᠨ᠎ᠡ︾᠂ ︽ | ᠠᠭᠤᠯᠠ ᠤᠰᠤᠨ ᠤ ᠮᠠᠭᠲᠠᠭᠠᠯ︾ ᠢ ᠤᠶᠠᠩᠭᠠᠯᠠᠨ ᠤᠩᠰᠢᠬᠤ ᠨᠢ ᠨᠠᠩ ᠴᠤ ᠬᠥᠳᠡᠯᠭᠡᠭᠡᠨ ᠤ ᠠᠭᠤᠷ ᠠᠮᠢᠰᠬᠤᠯ ᠢ | ᠣᠷᠭᠢᠯ ᠳᠤ ᠨᠢ ᠬᠦᠷᠭᠡᠵᠦ᠂ ᠲᠠᠶᠢᠰᠠᠨ ᠳᠣᠣᠷᠠᠬᠢ ᠠᠯᠠᠭ᠎ᠠ ᠲᠠᠰᠢᠯᠳᠠ ᠶᠢᠨ ᠳᠠᠭᠤᠨ ᠨᠢᠵᠢᠭᠢᠨᠡᠲᠡᠯ᠎ᠡ ᠴᠤᠤᠷᠢᠶᠠᠲᠤᠪᠠ᠃ | | ᠭᠤᠶᠢᠳᠠ ᠰᠠᠶᠢᠬᠠᠨ ᠲᠣᠭᠯᠠᠯᠲᠠ ᠶᠢᠨ ᠳᠠᠷᠠᠭ᠎ᠠ᠂ ᠬᠠᠮᠲᠤ ᠪᠠᠷ ᠪᠠᠶᠢᠭᠤᠯᠬᠤ ᠬᠡᠯᠡᠯᠴᠡᠭᠡᠷ ᠲᠤ ᠭᠠᠷ ᠤᠨ ᠦᠰᠦᠭ | ᠵᠢᠷᠤᠬᠤ ᠶᠣᠰᠣᠯᠠᠯ ᠶᠠᠪᠤᠭᠤᠯᠪᠠ᠃ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠪᠠᠶᠢᠭᠤᠯᠤᠯᠲᠠ ᠶᠢᠨ ᠳᠠᠭᠠᠭᠤᠯᠭ᠎ᠠ | ᠳᠣᠣᠷ᠎ᠠ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ | ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ | ᠵᠠᠭᠪᠤᠷ ᠤᠨ ᠰᠢᠨ᠎ᠡ ᠶᠢ ᠡᠭᠦᠳᠬᠦ ᠶᠢ ᠭᠠᠷ ᠬᠤᠯᠪᠣᠨ ᠰᠦᠪᠡᠭᠴᠢᠯᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ | ᠲᠦᠪᠰᠢᠨ ᠢ ᠬᠠᠮᠲᠤᠪᠠᠷ ᠳᠡᠭᠡᠭᠰᠢᠯᠡᠭᠦᠯᠬᠦ ᠪᠣᠯᠤᠨ᠎ᠠ᠃ ᠲᠤᠬᠠᠢ ᠶᠢᠨ ᠲᠠᠯᠠᠪᠠᠢ ᠳᠤ ᠪᠠᠰᠠ ᠲᠣᠬᠤᠨᠢᠭᠤᠯᠬᠤ ᠠᠵᠢᠯᠯᠠᠭ᠎ᠠ | ᠥᠷᠨᠢᠭᠦᠯᠵᠦ᠂ ᠡᠮᠦᠨ᠎ᠡ ᠹᠷᠣᠨᠲ ᠢ ᠪᠠᠲᠤ ᠰᠠᠬᠢᠵᠤ᠂ ᠦᠭᠡ ᠳᠠᠭᠤᠨ ᠦᠭᠡᠢ ᠪᠠᠷ ᠠᠮᠤᠷ ᠠᠮᠤᠭᠤᠯᠠᠩ ᠢ ᠰᠠᠬᠢᠨ | ᠬᠠᠮᠠᠭᠠᠯᠠᠵᠤ ᠪᠠᠶᠢᠭ᠎ᠠ ᠠᠷᠠᠳ ᠤᠨ ᠴᠠᠭᠳᠠᠭ᠎ᠠ ᠶᠢᠨ ᠲᠥᠯᠥᠭᠡᠯᠡᠭᠴᠢᠳ ᠲᠤ ᠴᠢᠩ ᠰᠡᠳᠬᠢᠯ ᠤᠨ ᠲᠣᠬᠤᠨᠢᠭᠤᠯᠤᠯ ᠪᠠ | ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ᠂ ᠲᠡᠳᠡᠨ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠢ᠃ | ᠲᠣᠰ ᠤᠳᠠᠭᠠᠨ ᠤ ᠨᠠᠮ ᠤᠨ ᠪᠠᠶᠢᠭᠤᠯᠤᠯᠲᠠ ᠶᠢᠨ ᠬᠠᠮᠲᠤᠷᠠᠨ ᠪᠠᠶᠢᠭᠤᠯᠵᠤ ᠬᠠᠮᠲᠤ ᠪᠠᠷ ᠪᠠᠶᠢᠭᠤᠯᠬᠤ | ᠠᠵᠢᠯᠯᠠᠭ᠎ᠠ ᠨᠢ ᠤᠷᠠᠯᠢᠭ ᠢᠶᠠᠷ ᠬᠤᠯᠪᠣᠭᠠᠰᠤ ᠪᠣᠯᠭᠠᠨ ᠬᠤᠯᠪᠣᠭᠠᠯᠠᠨ ᠬᠥᠳᠡᠯᠦᠯᠴᠡᠵᠦ᠂ ᠴᠠᠭᠳᠠᠭ᠎ᠠ ᠠᠷᠠᠳ ᠰᠡᠳᠬᠢᠯ | ᠨᠢᠭᠡᠳᠴᠦ᠂ ᠡᠯ᠎ᠡ ᠡᠲᠡᠭᠡᠳ ᠤᠨ ᠬᠢᠨ ᠭᠠᠷ ᠬᠤᠯᠪᠣᠯᠴᠠᠭᠰᠠᠨ ᠰᠠᠶᠢᠨ ᠰᠠᠶᠢᠬᠠᠨ ᠪᠠᠶᠢᠳᠠᠯ ᠢ ᠠᠮᠵᠢᠯᠲᠠ ᠲᠠᠢ | ᠠᠬᠢᠭᠤᠯᠵᠤ᠂ ᠠᠮᠤᠷ ᠲᠦᠪᠰᠢᠨ ᠢᠶᠠᠷ ᠡᠷᠡᠯᠬᠡᠭᠯᠡᠨ ᠤᠷᠤᠭᠰᠢᠯᠠᠬᠤ ᠴᠠᠭ ᠦᠶ᠎ᠡ ᠶᠢᠨ ᠬᠦᠴᠦᠷᠬᠡᠭ ᠳᠠᠭᠤᠨ ᠢ | ᠬᠠᠩᠭᠢᠨᠠᠭᠤᠯᠪᠠ᠃ |