【 ᠴᠠᠭᠠᠨ ᠰᠠᠷ᠎ᠠ ᠦᠨᠳᠦᠰᠦᠨ ᠱᠠᠲᠤᠨ ᠳᠤ ᠭᠦᠨᠵᠡᠭᠡᠶᠢᠷᠡᠬᠦ 】 ᠮᠠᠨ ᠤ ᠬᠤᠲᠠ ᠶᠢᠨ ᠴᠠᠭᠠᠨ ᠰᠠᠷ᠎ᠠ ᠶᠢᠨ ᠵᠥᠭᠡᠭᠡᠪᠦᠷᠢ ᠶᠢᠨ ︽ᠲᠠᠪᠴᠠᠩ︾ ᠳᠡᠭᠡᠷᠡᠬᠢ ᠬᠠᠯᠠᠭᠤᠨ ᠳᠤᠯᠠᠭᠠᠨ ᠪᠠ ᠡᠭᠦᠷᠭᠡᠯᠡᠯ
ᠨᠡᠶᠢᠲᠡᠯᠡᠭᠰᠡᠨ ᠴᠠᠭ᠄
2025/1/15
   2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠥᠨᠥᠳᠦᠷ ᠡᠬᠢᠯᠡᠵᠦ᠂ 2 ᠰᠠᠷ᠎ᠠ ᠶᠢᠨ 22 ᠤᠨ ᠡᠳᠦᠷ ᠳᠠᠭᠤᠰᠤᠨ᠎ᠠ᠂ 40 ᠡᠳᠦᠷ ᠶᠠᠪᠤᠭᠳᠠᠨ᠎ᠠ᠃ ᠴᠠᠭᠠᠨ ᠰᠠᠷ᠎ᠠ ᠶᠢᠨ ᠲᠡᠭᠡᠭᠡᠪᠦᠷᠢ ᠶᠢᠨ ᠬᠤᠭᠤᠴᠠᠭᠠᠨ ᠳᠠᠬᠢ ᠠᠶᠠᠨᠴᠢᠳ ᠤᠨ ᠲᠡᠭᠡᠭᠡᠪᠦᠷᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠪᠠᠲᠤᠯᠠᠬᠤ ᠶᠢᠨ ᠳᠣᠯᠠᠳᠠ᠂ ᠮᠠᠨ ᠤ ᠬᠤᠲᠠ ᠶᠢᠨ ᠲᠡᠮᠦᠷ ᠵᠠᠮ᠂ ᠠᠭᠠᠷ ᠤᠨ ᠠᠶᠠᠯᠠᠯ᠂ ᠠᠶᠠᠨᠴᠢᠳ ᠤᠨ ᠲᠡᠭᠡᠭᠡᠪᠦᠷᠢ ᠶᠢᠨ ᠮᠠᠰᠢᠨ ᠲᠡᠷᠭᠡᠨ ᠤ ᠥᠷᠲᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠴᠢᠳᠠᠮᠵᠢ ᠶᠢ ᠨᠡᠮᠡᠭᠳᠡᠭᠦᠯᠵᠦ᠂ ᠠᠶᠠᠨᠴᠢᠳ ᠨᠢᠭᠡᠪᠦᠷᠢ ᠶᠢᠨ ᠬᠠᠯᠠᠭᠤᠨ ᠳᠤᠯᠠᠭᠠᠨ ᠢ ᠬᠠᠮᠠᠭᠠᠯᠠᠵᠤ ᠪᠠᠶᠢᠨ᠎ᠠ᠃    ᠡᠷᠢᠶᠡᠨ ᠤ ᠲᠡᠮᠦᠷ ᠵᠠᠮ ᠤᠨ ᠥᠷᠲᠡᠭᠡᠨ ᠤ ᠣᠯᠠᠨ ᠤᠯᠤᠰ ᠤᠨ ᠲᠡᠷᠭᠡ ᠬᠦᠯᠢᠶᠡᠬᠦ ᠥᠷᠥᠭᠡᠨ ᠳᠤ᠂ ᠬᠦᠮᠦᠰ ᠳᠦᠬᠦᠷᠴᠦ ᠪᠠᠶᠢᠯ᠎ᠠ᠃  ᠴᠠᠭᠠᠨ ᠰᠠᠷ᠎ᠠ ᠡᠬᠢᠯᠡᠭᠰᠡᠨ ᠲᠤᠬᠠᠶ ᠶᠢᠨ ᠡᠳᠦᠷ᠂ ᠲᠡᠮᠦᠷ ᠵᠠᠮ ᠤᠨ ᠲᠡᠷᠭᠡᠨ ᠥᠷᠲᠡᠭᠡ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠬᠤ ᠪᠠᠷ ᠨᠠᠷᠢᠨ ᠨᠢᠮᠪᠠᠶ ᠪᠡᠯᠡᠳᠬᠡᠵᠦ᠂ ︽ᠪᠤᠶᠠᠨ︾ ᠦᠰᠦᠭ᠂ ᠴᠣᠩᠬᠤᠨ ᠤ ᠴᠡᠴᠡᠭ ᠬᠦᠷᠭᠡᠬᠦ ᠠᠵᠢᠯᠯᠠᠭ᠎ᠠ ᠥᠷᠨᠢᠭᠦᠯᠵᠦ᠂ ᠠᠶᠠᠨᠴᠢᠳ ᠲᠤ ᠴᠠᠭᠠᠨ ᠰᠠᠷ᠎ᠠ ᠶᠢᠨ ᠰᠠᠶᠢᠨ ᠰᠠᠶᠢᠬᠠᠨ ᠵᠥᠩᠨᠡᠯ ᠳᠡᠪᠰᠢᠭᠦᠯᠵᠡᠶ᠃    ᠬᠤᠯᠠ ᠶᠢᠨ ᠠᠶᠠᠨᠴᠢᠳ ᠤᠨ ᠲᠡᠭᠡᠭᠡᠪᠦᠷᠢ ᠶᠢᠨ ᠮᠠᠰᠢᠨ ᠲᠡᠷᠭᠡᠨ ᠤ ᠥᠷᠲᠡᠭᠡᠨ ᠳᠤ᠂ ᠭᠠᠳᠠᠭᠰᠢ ᠭᠠᠷᠬᠤ ᠬᠥᠮᠥᠰ ᠪᠤᠶᠤ ᠲᠣᠮᠣ ᠪᠣᠭᠴᠣ᠂ ᠡᠰᠡᠭᠦᠯ᠎ᠡ ᠡᠬᠡᠨᠡᠷ ᠬᠡᠦᠬᠡᠳ ᠢᠶᠠᠨ ᠠᠪᠴᠤ᠂ ᠶᠠᠭᠠᠷᠠᠤ ᠰᠠᠨᠳᠤᠷᠤᠤ ᠲᠡᠷᠭᠡᠨ ᠥᠷᠲᠡᠭᠡᠨ ᠳᠤ ᠣᠷᠣᠵᠦ᠂ ᠴᠠᠭᠠᠨ ᠰᠠᠷ᠎ᠠ ᠶᠢᠨ ᠠᠶᠠᠨ ᠵᠠᠮ ᠳᠠᠭᠠᠨ ᠪᠡᠯᠡᠳᠬᠡᠵᠡᠭᠡᠨ᠎ᠡ᠃ ᠲᠤᠬᠠᠶ ᠶᠢᠨ ᠡᠳᠦᠷ᠂ ᠥᠷᠲᠡᠭᠡᠨ ᠳᠤ ᠪᠠᠰᠠ ᠴᠠᠭᠠᠨ ᠰᠠᠷ᠎ᠠ ᠶᠢᠨ ᠵᠥᠭᠡᠭᠡᠪᠦᠷᠢ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠵᠤ᠂ ᠠᠵᠢᠯᠲᠠᠳ ᠵᠢᠭᠤᠯᠴᠢᠯᠠᠭᠴᠢ ᠳᠤ ᠶᠠᠪᠤᠵᠤ ᠰᠠᠭᠤᠬᠤ ᠠᠮᠤᠷ ᠲᠦᠪᠰᠢᠨ ᠤ ᠮᠡᠳᠡᠭᠳᠡᠯ ᠤᠨ ᠪᠢᠴᠢᠭ ᠲᠠᠷᠬᠠᠭᠠᠨ ᠥᠭᠭᠦᠭᠰᠡᠨ ᠪᠥᠭᠡᠳ ᠣᠯᠠᠨ ᠳᠤ ᠰᠦᠢᠳᠬᠡᠯ ᠬᠤᠷᠢᠶᠠᠬᠤ ᠥᠬᠡᠶ ᠪᠠᠷ ᠤᠤᠭᠤᠬᠤ ᠤᠰᠤ ᠪᠡᠯᠡᠳᠬᠡᠵᠦ᠂ ᠬᠠᠶᠢᠷ᠎ᠠ ᠰᠡᠳᠬᠢᠯ ᠢᠶᠠᠷ ᠠᠶᠠᠨᠴᠢᠳ ᠢ ᠬᠠᠯᠠᠭᠤᠨ ᠳᠤᠯᠠᠭᠠᠨ ᠢᠶᠠᠷ ᠬᠡᠷ ᠲᠤ ᠪᠠᠨ ᠪᠤᠴᠠᠭᠠᠬᠤ ᠵᠠᠮ ᠢᠶᠠᠷ ᠵᠠᠮᠨᠠᠪᠠ᠃    ᠰᠠᠶᠢᠬᠤᠰᠦ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠨᠢᠰᠬᠡᠯ ᠬᠦᠯᠢᠶᠡᠬᠦ ᠲᠠᠰᠤᠭ ᠲᠤ᠂ ᠠᠶᠠᠨᠴᠢᠳ ᠪᠤᠶᠤ ᠠᠯᠤᠰ ᠬᠤᠯᠠ ᠶᠢᠨ ᠭᠡᠷ ᠤᠨ ᠬᠥᠮᠦᠰ ᠲᠠᠢ ᠸᠢᠳᠢᠣ᠋ ᠪᠠᠷ ᠶᠠᠷᠢᠯᠴᠠᠬᠤ᠂ ᠡᠰᠡᠬᠦᠯ᠎ᠡ ᠡᠭᠡᠯᠵᠢ ᠶᠢᠨ ᠨᠢᠰᠬᠡᠯ ᠤᠨ ᠪᠠᠶᠢᠳᠠᠯ ᠢ ᠠᠩᠬᠠᠷᠴᠤ ᠪᠠᠶᠢᠯ᠎ᠠ᠃    ᠡᠨᠡ ᠵᠢᠯ ᠪᠣᠯ ᠪᠢᠲᠡᠭᠦᠨ ᠤ ᠬᠠᠤᠯᠢ ᠪᠠᠷ ᠲᠣᠭᠲᠠᠭᠠᠭᠰᠠᠨ ᠠᠮᠠᠷᠠᠯᠲᠠ ᠶᠢᠨ ᠬᠤᠭᠤᠴᠠᠭᠠᠨ ᠳᠤ ᠣᠷᠣᠭᠤᠯᠤᠭᠰᠠᠨ ᠠᠩᠬᠠᠨ ᠤ ᠵᠢᠯ ᠪᠣᠯᠤᠨ᠎ᠠ᠂ 8 ᠡᠳᠦᠷ ᠤᠨ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠠᠶᠠᠨᠴᠢᠳ ᠤᠨ ᠤᠷᠤᠰᠬᠠᠯ ᠤᠨ ᠬᠡᠮᠵᠢᠶ᠎ᠡ ᠨᠡᠯᠢᠶᠡᠳ ᠥᠨᠳᠥᠷ ᠪᠠᠶᠢᠨ᠎ᠠ᠃ ᠴᠠᠭᠠᠨ ᠰᠠᠷ᠎ᠠ ᠶᠢᠨ ᠲᠡᠭᠡᠭᠡᠪᠦᠷᠢ ᠶᠢᠨ ᠠᠶᠠᠨᠴᠢᠳ ᠤᠨ ᠣᠷᠭᠢᠯ ᠦᠶ᠎ᠡ ᠶᠢ ᠠᠷᠭᠠᠴᠠᠬᠤ ᠶᠢᠨ ᠳᠣᠯᠠᠳᠠ᠂ ᠮᠠᠨ ᠤ ᠬᠤᠲᠠ ᠶᠢᠨ ᠵᠠᠰᠠᠮᠠᠯ ᠵᠠᠮ᠂ ᠲᠡᠮᠦᠷ ᠵᠠᠮ᠂ ᠢᠷᠭᠡᠨ ᠤ ᠠᠭᠠᠷ ᠤᠨ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠴᠥᠮ ᠤᠷᠢᠳᠴᠢᠯᠠᠨ ᠪᠡᠯᠡᠳᠬᠡᠯ ᠲᠥᠰᠦᠯ ᠲᠣᠭᠲᠠᠭᠠᠵᠤ᠂ ᠨᠠᠷᠢᠨ ᠨᠢᠮᠪᠠᠶ ᠪᠠᠶᠢᠷᠢᠯᠠᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠴᠠᠭᠠᠨ ᠰᠠᠷ᠎ᠠ ᠶᠢᠨ ᠲᠡᠭᠡᠭᠡᠪᠦᠷᠢ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠨᠠᠷᠢᠨ ᠬᠢᠨᠠᠮᠠᠭᠠᠶ ᠲᠥᠯᠥᠪᠯᠡᠵᠦ᠂ ᠠᠶᠠᠨᠴᠢᠳ ᠤᠨ ᠠᠮᠤᠷ ᠲᠦᠪᠰᠢᠨ ᠢᠶᠠᠷ ᠵᠣᠷᠢᠭᠰᠠᠨ ᠭᠠᠵᠠᠷ ᠲᠠᠭᠠᠨ ᠬᠦᠷᠬᠦ ᠶᠢ ᠪᠠᠳᠣᠯᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号