| 2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠥᠨᠥᠳᠦᠷ ᠡᠬᠢᠯᠡᠵᠦ᠂ 2 ᠰᠠᠷ᠎ᠠ ᠶᠢᠨ 22 ᠤᠨ ᠡᠳᠦᠷ | ᠳᠠᠭᠤᠰᠤᠨ᠎ᠠ᠂ 40 ᠡᠳᠦᠷ ᠶᠠᠪᠤᠭᠳᠠᠨ᠎ᠠ᠃ ᠴᠠᠭᠠᠨ ᠰᠠᠷ᠎ᠠ ᠶᠢᠨ ᠲᠡᠭᠡᠭᠡᠪᠦᠷᠢ ᠶᠢᠨ ᠬᠤᠭᠤᠴᠠᠭᠠᠨ ᠳᠠᠬᠢ | ᠠᠶᠠᠨᠴᠢᠳ ᠤᠨ ᠲᠡᠭᠡᠭᠡᠪᠦᠷᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠪᠠᠲᠤᠯᠠᠬᠤ ᠶᠢᠨ ᠳᠣᠯᠠᠳᠠ᠂ ᠮᠠᠨ ᠤ | ᠬᠤᠲᠠ ᠶᠢᠨ ᠲᠡᠮᠦᠷ ᠵᠠᠮ᠂ ᠠᠭᠠᠷ ᠤᠨ ᠠᠶᠠᠯᠠᠯ᠂ ᠠᠶᠠᠨᠴᠢᠳ ᠤᠨ ᠲᠡᠭᠡᠭᠡᠪᠦᠷᠢ ᠶᠢᠨ ᠮᠠᠰᠢᠨ ᠲᠡᠷᠭᠡᠨ ᠤ | ᠥᠷᠲᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠴᠢᠳᠠᠮᠵᠢ ᠶᠢ ᠨᠡᠮᠡᠭᠳᠡᠭᠦᠯᠵᠦ᠂ ᠠᠶᠠᠨᠴᠢᠳ ᠨᠢᠭᠡᠪᠦᠷᠢ ᠶᠢᠨ | ᠬᠠᠯᠠᠭᠤᠨ ᠳᠤᠯᠠᠭᠠᠨ ᠢ ᠬᠠᠮᠠᠭᠠᠯᠠᠵᠤ ᠪᠠᠶᠢᠨ᠎ᠠ᠃ | ᠡᠷᠢᠶᠡᠨ ᠤ ᠲᠡᠮᠦᠷ ᠵᠠᠮ ᠤᠨ ᠥᠷᠲᠡᠭᠡᠨ ᠤ ᠣᠯᠠᠨ ᠤᠯᠤᠰ ᠤᠨ ᠲᠡᠷᠭᠡ ᠬᠦᠯᠢᠶᠡᠬᠦ ᠥᠷᠥᠭᠡᠨ ᠳᠤ᠂ ᠬᠦᠮᠦᠰ | ᠳᠦᠬᠦᠷᠴᠦ ᠪᠠᠶᠢᠯ᠎ᠠ᠃ ᠴᠠᠭᠠᠨ ᠰᠠᠷ᠎ᠠ ᠡᠬᠢᠯᠡᠭᠰᠡᠨ ᠲᠤᠬᠠᠶ ᠶᠢᠨ ᠡᠳᠦᠷ᠂ ᠲᠡᠮᠦᠷ ᠵᠠᠮ ᠤᠨ ᠲᠡᠷᠭᠡᠨ ᠥᠷᠲᠡᠭᠡ | ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠬᠤ ᠪᠠᠷ ᠨᠠᠷᠢᠨ ᠨᠢᠮᠪᠠᠶ ᠪᠡᠯᠡᠳᠬᠡᠵᠦ᠂ ︽ᠪᠤᠶᠠᠨ︾ | ᠦᠰᠦᠭ᠂ ᠴᠣᠩᠬᠤᠨ ᠤ ᠴᠡᠴᠡᠭ ᠬᠦᠷᠭᠡᠬᠦ ᠠᠵᠢᠯᠯᠠᠭ᠎ᠠ ᠥᠷᠨᠢᠭᠦᠯᠵᠦ᠂ ᠠᠶᠠᠨᠴᠢᠳ ᠲᠤ ᠴᠠᠭᠠᠨ ᠰᠠᠷ᠎ᠠ ᠶᠢᠨ ᠰᠠᠶᠢᠨ | ᠰᠠᠶᠢᠬᠠᠨ ᠵᠥᠩᠨᠡᠯ ᠳᠡᠪᠰᠢᠭᠦᠯᠵᠡᠶ᠃ | ᠬᠤᠯᠠ ᠶᠢᠨ ᠠᠶᠠᠨᠴᠢᠳ ᠤᠨ ᠲᠡᠭᠡᠭᠡᠪᠦᠷᠢ ᠶᠢᠨ ᠮᠠᠰᠢᠨ ᠲᠡᠷᠭᠡᠨ ᠤ ᠥᠷᠲᠡᠭᠡᠨ ᠳᠤ᠂ ᠭᠠᠳᠠᠭᠰᠢ ᠭᠠᠷᠬᠤ ᠬᠥᠮᠥᠰ | ᠪᠤᠶᠤ ᠲᠣᠮᠣ ᠪᠣᠭᠴᠣ᠂ ᠡᠰᠡᠭᠦᠯ᠎ᠡ ᠡᠬᠡᠨᠡᠷ ᠬᠡᠦᠬᠡᠳ ᠢᠶᠠᠨ ᠠᠪᠴᠤ᠂ ᠶᠠᠭᠠᠷᠠᠤ ᠰᠠᠨᠳᠤᠷᠤᠤ ᠲᠡᠷᠭᠡᠨ ᠥᠷᠲᠡᠭᠡᠨ ᠳᠤ | ᠣᠷᠣᠵᠦ᠂ ᠴᠠᠭᠠᠨ ᠰᠠᠷ᠎ᠠ ᠶᠢᠨ ᠠᠶᠠᠨ ᠵᠠᠮ ᠳᠠᠭᠠᠨ ᠪᠡᠯᠡᠳᠬᠡᠵᠡᠭᠡᠨᠡ᠃ ᠲᠤᠬᠠᠶ ᠶᠢᠨ ᠡᠳᠦᠷ᠂ ᠥᠷᠲᠡᠭᠡᠨ ᠳᠤ ᠪᠠᠰᠠ | ᠴᠠᠭᠠᠨ ᠰᠠᠷ᠎ᠠ ᠶᠢᠨ ᠵᠥᠭᠡᠭᠡᠪᠦᠷᠢ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠵᠤ᠂ ᠠᠵᠢᠯᠲᠠᠳ ᠵᠢᠭᠤᠯᠴᠢᠯᠠᠭᠴᠢ ᠳᠤ | ᠶᠠᠪᠤᠵᠤ ᠰᠠᠭᠤᠬᠤ ᠠᠮᠤᠷ ᠲᠦᠪᠰᠢᠨ ᠤ ᠮᠡᠳᠡᠭᠳᠡᠯ ᠤᠨ ᠪᠢᠴᠢᠭ ᠲᠠᠷᠬᠠᠭᠠᠨ ᠥᠭᠭᠦᠭᠰᠡᠨ ᠪᠥᠭᠡᠳ ᠣᠯᠠᠨ ᠳᠤ | ᠰᠦᠢᠳᠬᠡᠯ ᠬᠤᠷᠢᠶᠠᠬᠤ ᠥᠬᠡᠶ ᠪᠠᠷ ᠤᠤᠭᠤᠬᠤ ᠤᠰᠤ ᠪᠡᠯᠡᠳᠬᠡᠵᠦ᠂ ᠬᠠᠶᠢᠷ᠎ᠠ ᠰᠡᠳᠬᠢᠯ ᠢᠶᠠᠷ ᠠᠶᠠᠨᠴᠢᠳ ᠢ | ᠬᠠᠯᠠᠭᠤᠨ ᠳᠤᠯᠠᠭᠠᠨ ᠢᠶᠠᠷ ᠬᠡᠷ ᠲᠤ ᠪᠠᠨ ᠪᠤᠴᠠᠭᠠᠬᠤ ᠵᠠᠮ ᠢᠶᠠᠷ ᠵᠠᠮᠨᠠᠪᠠ᠃ | ᠰᠠᠶᠢᠬᠤᠰᠦ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠨᠢᠰᠬᠡᠯ ᠬᠦᠯᠢᠶᠡᠬᠦ ᠲᠠᠰᠤᠭ ᠲᠤ᠂ ᠠᠶᠠᠨᠴᠢᠳ | ᠪᠤᠶᠤ ᠠᠯᠤᠰ ᠬᠤᠯᠠ ᠶᠢᠨ ᠭᠡᠷ ᠤᠨ ᠬᠥᠮᠦᠰ ᠲᠠᠢ ᠸᠢᠳᠢᠣ᠋ ᠪᠠᠷ ᠶᠠᠷᠢᠯᠴᠠᠬᠤ᠂ ᠡᠰᠡᠬᠦᠯ᠎ᠡ ᠡᠭᠡᠯᠵᠢ ᠶᠢᠨ ᠨᠢᠰᠬᠡᠯ ᠤᠨ | ᠪᠠᠶᠢᠳᠠᠯ ᠢ ᠠᠩᠬᠠᠷᠴᠤ ᠪᠠᠶᠢᠯ᠎ᠠ᠃ | ᠡᠨᠡ ᠵᠢᠯ ᠪᠣᠯ ᠪᠢᠲᠡᠭᠦᠨ ᠤ ᠬᠠᠤᠯᠢ ᠪᠠᠷ ᠲᠣᠭᠲᠠᠭᠠᠭᠰᠠᠨ ᠠᠮᠠᠷᠠᠯᠲᠠ ᠶᠢᠨ ᠬᠤᠭᠤᠴᠠᠭᠠᠨ ᠳᠤ ᠣᠷᠣᠭᠤᠯᠤᠭᠰᠠᠨ | ᠠᠩᠬᠠᠨ ᠤ ᠵᠢᠯ ᠪᠣᠯᠤᠨ᠎ᠠ᠂ 8 ᠡᠳᠦᠷ ᠤᠨ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ | ᠠᠶᠠᠨᠴᠢᠳ ᠤᠨ ᠤᠷᠤᠰᠬᠠᠯ ᠤᠨ ᠬᠡᠮᠵᠢᠶ᠎ᠡ ᠨᠡᠯᠢᠶᠡᠳ ᠥᠨᠳᠥᠷ ᠪᠠᠶᠢᠨ᠎ᠠ᠃ ᠴᠠᠭᠠᠨ ᠰᠠᠷ᠎ᠠ ᠶᠢᠨ ᠲᠡᠭᠡᠭᠡᠪᠦᠷᠢ ᠶᠢᠨ | ᠠᠶᠠᠨᠴᠢᠳ ᠤᠨ ᠣᠷᠭᠢᠯ ᠦᠶ᠎ᠡ ᠶᠢ ᠠᠷᠭᠠᠴᠠᠬᠤ ᠶᠢᠨ ᠳᠣᠯᠠᠳᠠ᠂ ᠮᠠᠨ ᠤ ᠬᠤᠲᠠ ᠶᠢᠨ ᠵᠠᠰᠠᠮᠠᠯ ᠵᠠᠮ᠂ ᠲᠡᠮᠦᠷ ᠵᠠᠮ᠂ | ᠢᠷᠭᠡᠨ ᠤ ᠠᠭᠠᠷ ᠤᠨ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠴᠥᠮ ᠤᠷᠢᠳᠴᠢᠯᠠᠨ ᠪᠡᠯᠡᠳᠬᠡᠯ ᠲᠥᠰᠦᠯ | ᠲᠣᠭᠲᠠᠭᠠᠵᠤ᠂ ᠨᠠᠷᠢᠨ ᠨᠢᠮᠪᠠᠶ ᠪᠠᠶᠢᠷᠢᠯᠠᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ | ᠴᠠᠭᠠᠨ ᠰᠠᠷ᠎ᠠ ᠶᠢᠨ ᠲᠡᠭᠡᠭᠡᠪᠦᠷᠢ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠠᠮᠤᠷ ᠲᠦᠪᠰᠢᠨ ᠤ ᠪᠠᠲᠤᠯᠠᠭ᠎ᠠ ᠶᠢᠨ | ᠠᠵᠢᠯ ᠢ ᠨᠠᠷᠢᠨ ᠬᠢᠨᠠᠮᠠᠭᠠᠶ ᠲᠥᠯᠥᠪᠯᠡᠵᠦ᠂ ᠠᠶᠠᠨᠴᠢᠳ ᠤᠨ ᠠᠮᠤᠷ ᠲᠦᠪᠰᠢᠨ ᠢᠶᠠᠷ ᠵᠣᠷᠢᠭᠰᠠᠨ ᠭᠠᠵᠠᠷ ᠲᠠᠭᠠᠨ | ᠬᠦᠷᠬᠦ ᠶᠢ ᠪᠠᠳᠣᠯᠠᠨ᠎ᠠ᠃ |