ᠮᠠᠨ ᠤ ᠬᠤᠲᠠ ᠭᠤᠷᠪᠠᠨ ᠵᠢᠯ ᠳᠠᠷᠠᠭᠠᠯᠠᠨ ︽ᠳᠤᠮᠳᠠᠳᠤ ᠤᠯᠤᠰ ᠤᠨ ᠰᠢᠯᠢᠳᠡᠭ ᠵᠠᠰᠠᠭ ᠤᠨ ᠣᠷᠳᠣᠨ ᠤ ᠰᠦᠯᠵᠢᠶ᠎ᠡ ︵ᠰᠢᠶᠠᠨ ᠤ ᠲᠠᠰ︶︾ ᠶᠢᠨ ᠢᠷᠠᠭᠤ ᠠᠯᠳᠠᠷ ᠢ ᠭᠥᠷᠳᠡᠪᠡ
ᠨᠡᠶᠢᠲᠡᠯᠡᠭᠰᠡᠨ ᠴᠠᠭ᠄
2025/1/16
       2024 ᠣᠨ ᠤ 12 ᠰᠠᠷ᠎ᠠ ᠶᠢᠨ 25 ᠤ ᠡᠳᠦᠷ᠂ 2024 ᠣᠨ ᠤ ᠳᠤᠮᠳᠠᠳᠤ ᠤᠯᠤᠰ ᠤᠨ ᠰᠢᠯᠢᠳᠡᠭ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠲᠠᠨᠢᠯᠴᠠᠭᠤᠯᠭ᠎ᠠ ᠵᠢᠴᠢ ᠶᠡᠷᠦᠩᠬᠡᠶᠢᠯᠡᠭᠰᠡᠨ ᠨᠥᠯᠥᠭᠡᠯᠡᠬᠦ ᠬᠦᠴᠦᠨ ᠢ ᠦᠨᠡᠯᠡᠨ ᠵᠢᠱᠢᠭᠰᠡᠨ ᠦᠷ᠎ᠡ ᠳ᠋ᠦᠩ ᠢ ᠵᠢᠩᠬᠢᠨᠢ ᠪᠠᠷ ᠨᠡᠶᠢᠲᠡᠯᠡᠵᠦ᠂ ᠮᠠᠨ ᠤ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ 2024 ᠣᠨ ᠤ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶᠡᠨ ᠤ ᠰᠢᠯᠢᠳᠡᠭ ᠱᠠᠩᠨᠠᠯ ︵ᠰᠢᠶᠠᠨ ᠤ ᠱᠠᠲᠤ︶︾ ᠶᠢᠨ ᠢᠷᠠᠭᠤ ᠠᠯᠳᠠᠷ ᠢ ᠭᠥᠷᠳᠡᠪᠡ᠂ ᠡᠨᠡ ᠪᠣᠯ ᠮᠠᠨ ᠤ ᠬᠤᠲᠠ ᠶᠢᠨ ᠰᠦᠯᠵᠢᠶᠡᠨ ᠥᠷᠲᠡᠭᠡ ᠵᠠᠯᠭᠠᠭ᠎ᠠ ᠪᠠᠷ ᠭᠤᠷᠪᠠᠨ ᠵᠢᠯ ᠲᠣᠰ ᠢᠷᠠᠭᠤ ᠠᠯᠳᠠᠷ ᠢ ᠭᠥᠷᠳᠡᠭᠰᠡᠨ ᠶᠠᠪᠤᠳᠠᠯ ᠪᠣᠯᠤᠨ᠎ᠠ᠃
     ᠲᠣᠰ ᠤᠳᠠᠭᠠᠨ ᠤ ᠦᠨᠡᠯᠡᠨ ᠵᠢᠱᠢᠯᠲᠡ ᠶᠢ 6 ᠳ᠋ᠤᠭᠠᠷ ᠰᠠᠷ᠎ᠠ ᠠᠴᠠ ᠡᠬᠢᠯᠡᠨ ᠡᠬᠢᠯᠡᠭᠦᠯᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠢᠯᠢᠳᠡᠭ ᠰᠦᠯᠵᠢᠶ᠎ᠡ᠂ ᠵᠠᠰᠠᠭ ᠤᠨ ᠶᠠᠪᠤᠳᠠᠯ ᠤᠨ ᠪᠢᠴᠢᠯ ᠪᠦᠷᠭᠡ ᠲᠠᠨᠢᠯᠴᠠᠭᠤᠯᠭ᠎ᠠ ᠵᠢᠴᠢ ᠶᠡᠷᠦᠩᠬᠡᠶᠢᠯᠡᠭᠰᠡᠨ ᠨᠥᠯᠥᠭᠡᠯᠡᠬᠦ ᠬᠦᠴᠦᠨ ᠤ ᠦᠨᠡᠯᠡᠨ ᠵᠢᠱᠢᠯᠲᠡ ᠶᠢ ᠬᠠᠮᠤᠷᠴᠠᠶ᠃ ᠡᠨᠡ ᠪᠣᠯ ᠲᠣᠰ ᠪᠠᠶᠢᠭᠤᠯᠤᠮᠵᠢ 2002 ᠣᠨ ᠠᠴᠠ ᠡᠬᠢᠯᠡᠨ 23 ᠵᠢᠯ ᠳᠠᠷᠠᠭᠠᠯᠠᠨ ᠲᠤᠰᠬᠠᠶ ᠮᠡᠷᠭᠡᠵᠢᠯ ᠤᠨ ᠭᠤᠷᠪᠠᠳᠠᠬᠢ ᠡᠲᠡᠭᠡᠳ ᠤᠨ ᠰᠤᠳᠤᠯᠭᠠᠨ ᠤ ᠪᠠᠶᠢᠭᠤᠯᠤᠮᠵᠢ ᠶᠢᠨ ᠨᠡᠷ᠎ᠡ ᠪᠠᠷ ᠡᠨᠡ ᠬᠦ ᠦᠨᠡᠯᠡᠨ ᠵᠢᠱᠢᠯᠲᠡ ᠶᠢ ᠥᠷᠨᠢᠭᠦᠯᠦᠭᠰᠡᠨ ᠶᠠᠪᠤᠳᠠᠯ ᠮᠥᠨ᠂ ᠣᠳᠣᠬᠠᠨ ᠳᠤ ᠮᠠᠨ ᠤ ᠤᠯᠤᠰ ᠤᠨ ᠬᠠᠮᠤᠭ ᠤᠨ ᠡᠷᠬᠡ ᠰᠦᠷ ᠲᠠᠢ᠂ ᠬᠠᠮᠤᠭ ᠤᠨ ᠶᠡᠭᠡ ᠨᠥᠯᠥᠭᠡᠯᠡᠬᠦ ᠬᠦᠴᠦᠨ ᠲᠠᠢ  ᠡᠯᠧᠺᠲᠷᠣᠨ ᠵᠠᠰᠠᠭ ᠤᠨ ᠶᠠᠪᠤᠳᠠᠯ ᠵᠢᠴᠢ ᠮᠡᠳᠡᠭᠡ ᠵᠠᠩᠭᠢᠵᠢᠯᠲᠠ ᠶᠢᠨ ᠦᠨᠡᠯᠡᠨ ᠵᠢᠱᠢᠯᠲᠡ ᠶᠢᠨ ᠦᠢᠯᠡᠳᠦᠯᠭᠡ ᠶᠢᠨ ᠠᠵᠢᠯᠯᠠᠭ᠎ᠠ ᠮᠥᠨ᠃      ᠡᠨᠡ ᠵᠢᠯ ᠤᠨ ᠦᠨᠡᠯᠡᠨ ᠵᠢᠱᠢᠯᠲᠡ ᠨᠢ ᠭᠤᠤᠯᠳᠠᠭᠤ ᠬᠠᠮᠤᠭ ᠤᠨ ᠶᠡᠭᠡ ᠨᠥᠯᠥᠭᠡᠯᠡᠬᠦ ᠬᠦᠴᠦᠨ ᠲᠠᠢ᠂ ᠰᠢᠨ᠎ᠡ ᠶᠢ ᠡᠭᠦᠳᠬᠦ ᠬᠦᠴᠦᠨ ᠪᠠ ᠠᠮᠵᠢᠯᠲᠠ ᠪᠦᠲᠦᠮᠵᠢ ᠶᠢᠨ ᠲᠡᠷᠢᠭᠦᠨ ᠠᠴᠠ ᠭᠠᠳᠠᠨᠠᠬᠢ ᠨᠠᠮ ᠤᠨ ᠶᠠᠪᠤᠳᠠᠯ ᠵᠠᠰᠠᠭ ᠤᠨ ᠶᠠᠪᠤᠳᠠᠯ ᠤᠨ ᠰᠦᠯᠵᠢᠶ᠎ᠡ ᠳᠤ ᠴᠢᠭᠯᠡᠭᠦᠯᠦᠨ ᠰᠢᠯᠭᠠᠨ ᠦᠨᠡᠯᠡᠯᠲᠡ ᠬᠢᠨ᠎ᠡ᠂ ᠲᠤᠬᠠᠶᠢᠯᠠᠪᠠᠯ ᠶᠡᠷᠦᠩᠬᠡᠶᠢᠯᠡᠭᠰᠡᠨ ᠨᠥᠯᠥᠭᠡᠯᠡᠬᠦ ᠬᠦᠴᠦᠨ᠂ ᠠᠵᠢᠯ ᠤᠨ ᠠᠮᠵᠢᠯᠲᠠ ᠪᠦᠲᠦᠮᠵᠢ ᠶᠢᠨ ᠢᠯᠡᠷᠡᠯ ᠨᠢ ᠰᠢᠯᠢᠳᠡᠭ ᠢᠯᠡᠷᠡᠯ ᠲᠠᠢ᠂ 2024 ᠣᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠶᠢᠨ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠰᠢᠰᠲ᠋ᠧᠮ ᠢ ᠦᠨᠳᠦᠰᠦᠯᠡᠨ Tahaoo ᠢᠨᠲ᠋ᠧᠷ ᠰᠦᠯᠵᠢᠶᠡᠨ ᠤ ᠨᠥᠯᠥᠭᠡᠯᠡᠬᠦ ᠬᠦᠴᠦᠨ ᠤ ᠵᠢᠭᠠᠯᠲᠠ ᠲᠤᠭ᠎ᠠ ᠶᠢ ᠲᠣᠭᠲᠠᠭᠠᠵᠤ᠂ ᠡᠯ᠎ᠡ ᠨᠢᠭᠡᠴᠢ ᠶᠢᠨ ᠥᠪᠡᠷ ᠢ ᠪᠠᠨ ᠲᠠᠨᠢᠯᠴᠠᠭᠤᠯᠬᠤ ᠵᠢᠴᠢ ᠲᠤᠰᠬᠠᠢ ᠮᠡᠷᠭᠡᠵᠢᠯᠲᠡᠨ ᠤ ᠲᠠᠨᠢᠯᠴᠠᠭᠤᠯᠬᠤ ᠮᠠᠲ᠋ᠧᠷᠢᠶᠠᠯ ᠵᠡᠷᠭᠡ ᠶᠢ ᠶᠡᠷᠦᠩᠬᠡᠶᠢᠯᠡᠨ ᠦᠨᠡᠯᠡᠨ ᠲᠣᠭᠲᠠᠭᠠᠨ᠎ᠠ᠃ ᠮᠠᠨ ᠤ ᠬᠤᠲᠠ ᠶᠢᠨ ᠰᠦᠯᠵᠢᠶᠡᠨ ᠥᠷᠲᠡᠭᠡ ᠨᠢ ᠦᠢᠯᠡᠴᠢᠯᠡᠭᠡᠨ ᠤ ᠬᠡᠯᠪᠡᠷᠢ᠂ ᠣᠶᠤᠨᠴᠢ ᠬᠡᠯᠪᠡᠷᠢ ᠶᠢᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢ ᠪᠠᠶᠢᠭᠤᠯᠬᠤ᠂ ᠠᠷᠠᠳ ᠢ ᠳᠣᠲᠣᠨᠣᠴᠢᠯᠠᠬᠤ ᠬᠡᠷᠡᠭᠯᠡᠭᠡᠨ ᠤ ᠬᠡᠯᠪᠡᠷᠢ ᠶᠢᠨ ᠵᠠᠰᠠᠭ ᠤᠨ ᠶᠠᠪᠤᠳᠠᠯ ᠤᠨ ᠪᠢᠴᠢᠯ ᠪᠦᠷᠭᠡ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠰᠦᠯᠵᠢᠶᠡᠨ ᠥᠷᠲᠡᠭᠡ ᠶᠢᠨ ᠵᠢᠷᠤᠭ ᠲᠥᠯᠥᠪᠯᠡᠭᠡ᠂ ᠬᠡᠪᠯᠡᠯ ᠤᠨ ᠨᠢᠭᠤᠷ ᠤᠨ ᠪᠠᠶᠢᠷᠢᠰᠢᠭᠤᠯᠤᠯᠲᠠ᠂ ᠥᠩᠭᠡ ᠪᠤᠳᠤᠭ ᠢ ᠵᠣᠬᠢᠴᠠᠭᠤᠯᠬᠤ᠂ ᠪᠣᠭᠤᠮᠲᠠ ᠶᠢᠨ ᠲᠤᠰᠬᠠᠶ ᠲᠣᠭᠤᠷᠢᠭ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠰᠦᠯᠵᠢᠶᠡᠨ ᠢᠷᠭᠡᠳ ᠤᠨ ᠣᠶᠢᠯᠠᠭᠠᠯᠲᠠ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠵᠡᠷᠭᠡ ᠲᠠᠯ᠎ᠠ ᠠᠴᠠ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢ ᠴᠢᠩᠭᠠᠳᠬᠠᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠵᠠᠰᠠᠭ ᠤᠨ ᠣᠷᠳᠣᠨ ᠤ ᠠᠵᠢᠯᠯᠠᠭᠠᠨ ᠤ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号