| | | 1 ᠰᠠᠷ᠎ᠠ ᠶᠢᠨ 13 ᠤ ᠡᠳᠦᠷ᠂ ᠭᠡᠷᠡᠯᠳᠦᠠᠣᠳᠦ ᠰᠤᠮᠤ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ | ᠰᠣᠨᠣᠰᠬᠤ᠂ ᠨᠠᠮ ᠢᠶᠠᠨ ᠲᠠᠭᠠᠬᠤ︾ 2025 ᠣᠨ ᠤ ︽ᠭᠤᠪᠢ ᠶᠢᠨ ᠬᠠᠪᠤᠷ︾ ᠮᠠᠯᠴᠢᠨ ᠲᠠᠷᠢᠶᠠᠴᠢᠨ ᠤ ᠴᠠᠭᠠᠨ | ᠰᠠᠷ᠎ᠠ ᠶᠢᠨ ᠤᠷᠠᠨ ᠰᠠᠶᠢᠬᠠᠨ ᠤ ᠦᠳᠡᠰᠢᠯᠡᠭᠡ ᠡᠷᠭᠢᠯᠡᠪᠡ᠃ | ᠦᠳᠡᠰᠢᠯᠡᠭᠡ ᠨᠢ ︽ᠨᠤᠲᠤᠭ ᠤᠰᠤᠨ ᠤ ᠤᠶᠠᠩᠭ᠎ᠠ · ᠣᠨ ᠰᠠᠷ᠎ᠠ ᠶᠢᠨ ᠰᠡᠳᠬᠢᠯᠭᠡ᠂ ᠬᠥᠭᠵᠢᠯ ᠮᠠᠨᠳᠤᠯ ᠤᠨ ᠰᠤᠷᠲᠠᠯ | · ᠰᠢᠨ᠎ᠡ ᠳᠦᠷᠰᠦ ᠪᠠᠶᠢᠳᠠᠯ᠂ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ · ᠢᠷᠡᠭᠡᠳᠦᠶ ᠶᠢᠨ ᠬᠥᠭᠵᠢᠯ ᠮᠠᠨᠳᠤᠯ︾ ᠭᠡᠬᠦ | ᠭᠤᠷᠪᠠᠨ ᠪᠦᠯᠦᠭ ᠬᠤᠪᠢᠶᠠᠵᠤ᠂ ᠣᠯᠠᠩᠬᠢ ᠲᠣᠭᠯᠠᠯᠲᠠ ᠨᠢ ᠴᠥᠮ ᠰᠤᠮᠤᠨ ᠤ ᠮᠠᠯᠴᠢᠨ ᠲᠠᠷᠢᠶᠠᠴᠢᠨ ᠤ ᠥᠪᠡᠷᠲᠡᠭᠡᠨ | ᠨᠠᠶᠢᠷᠠᠭᠤᠯᠵᠤ ᠥᠪᠡᠷ ᠢᠶᠠᠨ ᠤᠳᠤᠷᠢᠳᠴᠤ ᠥᠪᠡᠷ ᠢᠶᠠᠨ ᠲᠣᠭᠯᠠᠵᠠᠶ᠃ | ᠳᠠᠭᠤᠤ ᠪᠥᠵᠢᠭ ︽ᠮᠠᠯᠴᠢᠳ ᠡᠪ ᠬᠠᠮᠲᠤ ᠨᠠᠮ ᠢᠶᠠᠨ ᠳᠠᠭᠤᠯᠠᠶ᠎ᠠ︾ ᠭᠡᠬᠦ ᠳᠠᠭᠤᠤ ᠨᠢ ᠪᠠᠶᠠᠷ ᠪᠠᠶᠠᠰᠬᠤᠯᠠᠩᠲᠤ ᠪᠥᠵᠢᠭ | ᠂ ᠢᠷᠠᠭᠤ ᠰᠠᠶᠢᠬᠠᠨ ᠳᠠᠭᠤᠤ ᠪᠠᠷ ᠢᠶᠠᠨ ᠨᠠᠮ ᠳᠠᠭᠠᠨ ᠬᠠᠨᠳᠤᠭᠤᠯᠤᠭᠰᠠᠨ ᠬᠠᠶᠢᠷ᠎ᠠ ᠰᠡᠳᠬᠢᠯᠭᠡ ᠪᠠ ᠰᠠᠶᠢᠨ ᠰᠠᠶᠢᠬᠠᠨ | ᠠᠮᠢᠳᠤᠷᠠᠯ ᠤᠨ ᠬᠦᠰᠡᠯ ᠡᠷᠡᠮᠡᠯᠵᠡᠯ ᠢ ᠲᠠᠶᠢᠯᠪᠤᠷᠢᠯᠠᠵᠤ ᠪᠠᠶᠢᠨ᠎ᠠ︔ ᠤᠷᠲᠤ ᠶᠢᠨ ᠳᠠᠭᠤᠤ ︽ᠵᠢᠷᠤᠭ᠎ᠠ ᠮᠣᠷᠢ︾ ᠭᠡᠬᠦ | ᠥᠪᠡᠷᠮᠢᠴᠡ ᠬᠥᠭ ᠠᠶᠠᠰ᠂ ᠢᠷᠠᠭᠤ ᠨᠠᠶᠢᠷᠠᠭ ᠢᠶᠠᠷ ᠲᠠᠯ᠎ᠠ ᠨᠤᠲᠤᠭ ᠤᠨ ᠬᠥᠪᠡᠭᠦᠳ ᠥᠬᠢᠳ ᠤᠨ ᠣᠮᠤᠭ ᠵᠣᠷᠢᠭ ᠠᠤᠭ᠎ᠠ | ᠵᠣᠷᠢᠭ ᠪᠠ ᠡᠶᠡᠯᠳᠡᠭ ᠵᠥᠭᠡᠯᠡᠨ ᠰᠡᠳᠬᠢᠯᠭᠡ ᠶᠢ ᠲᠣᠭᠠᠴᠢᠵᠤ ᠪᠠᠶᠢᠳᠠᠭ᠃ ᠮᠠᠯᠴᠢᠳ ᠪᠣᠯᠤᠨ ᠰᠤᠷᠤᠭᠴᠢᠳ ᠤᠨ ᠬᠠᠮᠲᠤ ᠪᠠᠷ | ᠲᠣᠭᠯᠠᠭᠰᠠᠨ ︽ᠵᠠᠩᠭᠠᠷ ᠤᠨ ᠮᠠᠭᠲᠠᠭᠠᠯ︾ ᠨᠢ ᠤᠷᠠᠨ ᠨᠠᠷᠢᠯᠢᠭ ᠤᠷ᠎ᠠ ᠮᠡᠷᠭᠡᠵᠢᠯ ᠪᠣᠯᠤᠨ ᠭᠦᠨ ᠵᠤᠵᠠᠭᠠᠨ ᠬᠠᠶᠢᠷ᠎ᠠ | ᠰᠡᠳᠬᠢᠯᠭᠡ ᠲᠠᠢ ᠲᠣᠭᠯᠠᠯᠲᠠ ᠪᠠᠷ ᠲᠤᠤᠯᠢ ᠮᠡᠲᠦ ᠪᠠᠭᠠᠲᠤᠷᠯᠢᠭ ᠦᠯᠢᠭᠡᠷ ᠢ ᠦᠵᠡᠭᠴᠢᠳ ᠤᠨ ᠡᠮᠦᠨ᠎ᠡ ᠠᠮᠢᠳᠤᠯᠢᠭ ᠢᠶᠠᠷ | ᠳᠡᠯᠭᠡᠨ ᠦᠵᠡᠭᠦᠯᠦᠭᠰᠡᠨ ᠪᠠᠶᠢᠨ᠎ᠠ᠃ ᠦᠵᠡᠭᠳᠡᠯᠲᠦ ᠵᠦᠴᠦᠭᠡ ︽ᠬᠠᠶᠢᠷ᠎ᠠ ᠶᠢᠨ ᠤᠯᠠᠮᠵᠢᠯᠠᠯ︾ ᠨᠢ ᠬᠢᠯᠢ ᠬᠢᠵᠠᠭᠠᠷ ᠤᠨ | ᠪᠠᠬᠢᠯᠡᠯᠲᠡ ᠡᠷᠦᠬᠡ ᠦᠨᠢᠮᠦ᠋ᠩᠬᠡ ᠶᠢᠨ ᠨᠢᠭᠡ ᠭᠡᠷ ᠤᠨ ᠭᠤᠷᠪᠠᠨ ᠦᠶ᠎ᠡ ᠶᠢᠨ ᠬᠢᠯᠢ ᠬᠢᠵᠠᠭᠠᠷ ᠤᠨ ᠠᠮᠤᠷ ᠲᠦᠪᠰᠢᠨ | ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ ᠬᠠᠷᠠᠮ ᠦᠭᠡᠢ ᠵᠣᠷᠢᠭᠤᠯᠬᠤ ᠦᠯᠢᠭᠡᠷ ᠵᠢᠱᠢᠶ᠎ᠡ ᠪᠠᠨ ᠶᠠᠷᠢᠭᠰᠠᠨ | ᠪᠠᠶᠢᠨ᠎ᠠ᠃ ᠬᠡᠦᠬᠡᠳ ᠤᠨ ᠪᠥᠵᠢᠭ ︽ᠪᠠᠶᠠᠷ ᠪᠠᠶᠠᠰᠬᠤᠯᠠᠩᠲᠤ ᠨᠠᠭᠠᠳᠤᠮ ᠤᠨ ᠬᠤᠷᠠᠯ︾ ᠨᠢ ᠠᠮᠢᠳᠤᠯᠢᠭ ᠪᠥᠵᠢᠭ ᠢᠶᠠᠷ | ᠨᠠᠭᠠᠳᠤᠮ ᠤᠨ ᠬᠥᠷ ᠬᠥᠭᠵᠢᠶᠡᠨ ᠲᠠᠢ ᠪᠠᠶᠢᠳᠠᠯ ᠢ ᠢᠯᠡᠷᠡᠭᠦᠯᠪᠡ᠃ ︽ ᠭᠡᠷᠡᠯᠳᠦᠠᠣᠳᠦ ᠶᠢᠨ ᠰᠢᠨ᠎ᠡ ᠬᠠᠭᠤᠳᠠᠰᠤ︾ ᠨᠢ | ᠥᠩᠭᠡᠷᠡᠭᠰᠡᠨ ᠨᠢᠭᠡ ᠵᠢᠯ ᠤᠨ ᠰᠤᠮᠤ ︽ᠬᠤᠶᠠᠷ ᠶᠡᠭᠡ ᠶᠠᠪᠤᠳᠠᠯ︾ ᠪᠠ ︽ᠵᠢᠷᠭᠤᠭᠠᠨ ᠢᠨᠵᠧᠨᠧᠷᠢᠩ︾ ᠳᠤ | ᠠᠩᠬᠠᠷᠤᠯ ᠢᠶᠠᠨ ᠲᠥᠪᠯᠡᠷᠡᠭᠦᠯᠦᠭᠰᠡᠨ ᠪᠠᠶᠢᠳᠠᠯ ᠢ ᠡᠷᠭᠢᠴᠡᠭᠦᠯᠵᠦ᠂ ᠥᠷᠭᠡᠨ ᠣᠯᠠᠨ ᠮᠠᠯᠴᠢᠨ ᠲᠠᠷᠢᠶᠠᠴᠢᠨ ᠢ ᠳᠠᠭᠠᠭᠤᠯᠤᠨ | ᠵᠣᠯ ᠵᠢᠷᠭᠠᠯᠲᠤ ᠵᠠᠮ᠂ ᠪᠠᠶᠠᠵᠢᠨ ᠴᠢᠨᠡᠭᠡᠯᠢᠭᠵᠢᠬᠦ ᠵᠠᠮ᠂ ᠬᠥᠭᠵᠢᠨ ᠮᠠᠨᠳᠤᠬᠤ ᠵᠠᠮ ᠳᠡᠭᠡᠷ᠎ᠡ ᠲᠣᠮᠣ ᠠᠯᠬᠤᠮ ᠢᠶᠠᠷ | ᠤᠷᠤᠭᠰᠢᠯᠠᠭᠰᠠᠨ ᠠᠮᠢᠳᠤᠯᠢᠭ ᠥᠯᠢᠭᠡᠷ ᠢ ᠡᠷᠭᠢᠴᠡᠭᠦᠯᠪᠡ᠃ | ︽ᠭᠤᠪᠢ ᠶᠢᠨ ᠬᠠᠪᠤᠷ︾ ᠭᠡᠬᠦ ᠴᠠᠭᠠᠨ ᠰᠠᠷ᠎ᠠ ᠶᠢᠨ ᠤᠷᠠᠨ ᠰᠠᠶᠢᠬᠠᠨ ᠤ ᠦᠳᠡᠰᠢᠯᠡᠭᠡ ᠨᠢ ᠶᠠᠭ ᠮᠠᠨ ᠤ ᠬᠤᠲᠠ ᠶᠢᠨ | ᠥᠷᠭᠡᠨ ᠣᠯᠠᠨ ᠮᠠᠯᠴᠢᠨ ᠲᠠᠷᠢᠶᠠᠴᠢᠨ ᠤ ᠴᠠᠭᠠᠨ ᠰᠠᠷ᠎ᠠ ᠶᠢᠨ ᠳᠤᠲᠠᠭᠳᠠᠵᠤ ᠪᠣᠯᠤᠰᠢ ᠥᠬᠡᠶ ᠣᠨᠴᠠᠯᠢᠭ ᠲᠠᠢ ᠪᠢᠳᠡᠬᠦᠨ ᠤ | ᠬᠤᠭᠤᠯᠠ ᠨᠢ ᠮᠠᠯᠴᠢᠨ ᠲᠠᠷᠢᠶᠠᠴᠢᠨ ᠤ ᠬᠠᠶᠢᠷ᠎ᠠ ᠰᠡᠳᠬᠢᠯᠭᠡ ᠶᠢ ᠨᠢᠭᠲᠠᠷᠠᠭᠤᠯᠬᠤ᠂ ᠮᠠᠯᠵᠢᠬᠤ ᠲᠠᠷᠢᠶᠠᠯᠠᠬᠤ ᠣᠷᠣᠨ ᠤ | ᠪᠣᠯᠪᠠᠰᠤᠨ ᠢ ᠠᠬᠢᠭᠤᠯᠬᠤ᠂ ᠡᠶ᠎ᠡ ᠵᠣᠬᠢᠴᠠᠩᠭᠤᠶ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠴᠢᠶᠠᠯᠠᠪᠤᠷᠢ | ᠪᠣᠯᠤᠭᠰᠠᠨ ᠪᠠᠶᠢᠨ᠎ᠠ᠃ | ᠬᠤᠲᠠ ᠶᠢᠨ ᠭᠡᠷᠡᠯᠳᠦᠠᠣᠳᠦ ᠰᠤᠮᠤ ᠶᠢᠨ ᠨᠠᠮ ᠤᠨ ᠬᠤᠷᠢᠶᠠᠨ ᠤ ᠱᠦᠵᠢ ᠭᠧᠩ ᠭᠠᠩ ᠴᠢᠶᠠᠩ᠄ ︽ᠲᠣᠰ ᠤᠳᠠᠭᠠᠨ ᠤ | ᠦᠳᠡᠰᠢᠯᠡᠭᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ | ᠭᠤᠤᠯ ᠱᠤᠭᠤᠮ ᠤᠨ ᠲᠣᠭᠤᠷᠢᠨ ᠳᠤ᠂ ᠰᠤᠮᠤᠨ ᠤ ᠺᠠᠳ᠋ᠷ ᠠᠵᠢᠯᠲᠠᠨ ᠠᠵᠢᠯᠴᠢᠨ᠂ ᠥᠷᠭᠡᠨ ᠣᠯᠠᠨ ᠮᠠᠯᠴᠢᠨ ᠲᠠᠷᠢᠶᠠᠴᠢᠨ | ᠬᠠᠮᠲᠤ ᠪᠠᠷ ᠣᠷᠣᠯᠴᠠᠭᠰᠠᠨ ᠨᠢᠭᠡ ᠤᠳᠠᠭᠠᠨ ᠤ ᠤᠷᠠᠨ ᠰᠠᠶᠢᠬᠠᠨ ᠤ ᠲᠣᠭᠯᠠᠯᠲᠠ ᠨᠢ ᠰᠤᠮᠤ ᠶᠢᠨ ᠴᠤᠭ ᠪᠠᠳᠠᠷᠠᠩᠭᠤᠶ᠂ | ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠰᠢᠨ᠎ᠡ ᠨᠢᠭᠡ | ᠵᠢᠯ ᠳᠤ᠂ ᠪᠢᠳᠡ ᠦᠷᠭᠦᠯᠵᠢᠯᠡᠨ ᠦᠨᠳᠦᠰᠦᠨ ᠱᠠᠲᠤᠨ ᠳᠤ ᠦᠨᠳᠦᠰᠦᠯᠡᠵᠦ᠂ ᠠᠷᠠᠳ ᠲᠦᠮᠡᠨ ᠳᠤ ᠦᠢᠯᠡᠴᠢᠯᠡᠵᠦ᠂ | ᠪᠡᠯᠴᠢᠭᠡᠷᠯᠡᠭᠦᠯᠬᠦ ᠶᠢ ᠵᠣᠭᠰᠣᠭᠠᠬᠤ ᠲᠤᠷᠰᠢᠯᠲᠠ ᠶᠢᠨ ᠴᠢᠭ ᠤᠨ ᠠᠵᠢᠯ ᠢ ᠰᠠᠶᠢᠲᠤᠷ ᠬᠢᠵᠦ᠂ ᠭᠠᠴᠠᠭᠠᠨ ᠤ ᠬᠠᠮᠲᠤ ᠶᠢᠨ | ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ | ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠤᠨ᠎ᠠ︾ ᠭᠡᠵᠦ ᠬᠡᠯᠡᠪᠡ᠃ | ᠦᠳᠡᠰᠢᠯᠡᠭᠡ ᠶᠢᠨ ᠲᠤᠬᠠᠶ ᠶᠢᠨ ᠲᠠᠯᠠᠪᠠᠶ ᠳᠤ᠂ ᠱᠠᠩᠨᠠᠯ ᠤᠨ ᠭᠤᠭᠴᠤᠭ᠎ᠠ ᠣᠷᠣᠭᠤᠯᠵᠠᠶ᠃ ᠠᠵᠠ ᠶᠢᠨ ᠡᠵᠡᠨ | ᠢᠯᠡᠷᠡᠬᠦ ᠶᠢ ᠳᠠᠭᠠᠯᠳᠤᠨ᠂ ᠤᠷᠠᠶᠢᠯᠠᠨ ᠬᠠᠰᠬᠢᠷᠬᠤ ᠳᠠᠭᠤᠨ ᠲᠠᠰᠤᠷᠠᠯᠲᠠ ᠦᠭᠡᠢ ᠭᠠᠷᠴᠤ᠂ ᠦᠳᠡᠰᠢᠯᠡᠭᠡ ᠳᠤ ᠪᠠᠶᠠᠷ | ᠬᠥᠷ ᠲᠠᠢ ᠥᠯᠵᠡᠢ ᠪᠡᠯᠭᠡ ᠲᠠᠢ ᠪᠠᠶᠢᠯ᠎ᠠ᠃ |