| 1 ᠰᠠᠷ᠎ᠠ ᠶᠢᠨ 13 ᠤ ᠡᠳᠦᠷ᠂ ᠭᠡᠷᠡᠯᠳᠦᠠᠣᠳᠦ ᠰᠤᠮᠤ ︽ᠨᠠᠮ ᠤᠨ ᠠᠴᠢ ᠳᠤ ᠲᠠᠯᠠᠷᠬᠠᠬᠤ᠂ ᠨᠠᠮ ᠤᠨ | ᠦᠭᠡ ᠶᠢ ᠰᠣᠨᠣᠰᠬᠤ᠂ ᠨᠠᠮ ᠢᠶᠠᠨ ᠲᠠᠭᠠᠬᠤ︾ 2025 ᠣᠨ ᠤ ︽ᠭᠤᠪᠢ ᠶᠢᠨ ᠬᠠᠪᠤᠷ︾ ᠮᠠᠯᠴᠢᠨ | ᠲᠠᠷᠢᠶᠠᠴᠢᠨ ᠤ ᠴᠠᠭᠠᠨ ᠰᠠᠷ᠎ᠠ ᠶᠢᠨ ᠤᠷᠠᠨ ᠰᠠᠶᠢᠬᠠᠨ ᠤ ᠦᠳᠡᠰᠢᠯᠡᠭᠡ ᠡᠷᠭᠢᠯᠡᠪᠡ᠃ | ᠦᠳᠡᠰᠢᠯᠡᠭᠡ ᠨᠢ ︽ᠨᠤᠲᠤᠭ ᠤᠰᠤᠨ ᠤ ᠤᠶᠠᠩᠭ᠎ᠠ · ᠣᠨ ᠰᠠᠷ᠎ᠠ ᠶᠢᠨ ᠰᠡᠳᠬᠢᠯᠭᠡ᠂ ᠬᠥᠭᠵᠢᠯ | ᠮᠠᠨᠳᠤᠯ ᠤᠨ ᠰᠤᠷᠲᠠᠯ · ᠰᠢᠨ᠎ᠡ ᠳᠦᠷᠰᠦ ᠪᠠᠶᠢᠳᠠᠯ᠂ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ · ᠢᠷᠡᠭᠡᠳᠦᠶ ᠶᠢᠨ | ᠬᠥᠭᠵᠢᠯ | ᠮᠠᠨᠳᠤᠯ︾ ᠭᠡᠬᠦ ᠭᠤᠷᠪᠠᠨ ᠪᠦᠯᠦᠭ ᠬᠤᠪᠢᠶᠠᠵᠤ᠂ ᠣᠯᠠᠩᠬᠢ ᠲᠣᠭᠯᠠᠯᠲᠠ ᠨᠢ ᠴᠥᠮ ᠰᠤᠮᠤᠨ ᠤ ᠮᠠᠯᠴᠢᠨ | ᠲᠠᠷᠢᠶᠠᠴᠢᠨ ᠤ ᠥᠪᠡᠷᠲᠡᠭᠡᠨ ᠨᠠᠶᠢᠷᠠᠭᠤᠯᠵᠤ ᠥᠪᠡᠷ ᠢᠶᠠᠨ ᠤᠳᠤᠷᠢᠳᠴᠤ ᠥᠪᠡᠷ ᠢᠶᠠᠨ ᠲᠣᠭᠯᠠᠵᠠᠶ᠃ | | | | | | | | ᠳᠠᠭᠤᠤ ᠪᠥᠵᠢᠭ ︽ᠮᠠᠯᠴᠢᠳ ᠡᠪ ᠬᠠᠮᠲᠤ ᠨᠠᠮ ᠢᠶᠠᠨ ᠳᠠᠭᠤᠯᠠᠶ᠎ᠠ︾ ᠭᠡᠬᠦ ᠳᠠᠭᠤᠤ ᠨᠢ ᠪᠠᠶᠠᠷ | ᠪᠠᠶᠠᠰᠬᠤᠯᠠᠩᠲᠤ ᠪᠥᠵᠢᠭ᠂ ᠢᠷᠠᠭᠤ ᠰᠠᠶᠢᠬᠠᠨ ᠳᠠᠭᠤᠤ ᠪᠠᠷ ᠢᠶᠠᠨ ᠨᠠᠮ ᠳᠠᠭᠠᠨ ᠬᠠᠨᠳᠤᠭᠤᠯᠤᠭᠰᠠᠨ ᠬᠠᠶᠢᠷ᠎ᠠ | ᠰᠡᠳᠬᠢᠯᠭᠡ ᠪᠠ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠶᠢᠯᠪᠤᠷᠢᠯᠠᠵᠤ ᠪᠠᠶᠢᠨ᠎ᠠ︔ ᠤᠷᠲᠤ ᠶᠢᠨ | ᠳᠠᠭᠤᠤ ︽ᠵᠢᠷᠤᠭ᠎ᠠ ᠮᠣᠷᠢ︾ ᠭᠡᠬᠦ ᠥᠪᠡᠷᠮᠢᠴᠡ ᠬᠥᠭ ᠠᠶᠠᠰ᠂ ᠢᠷᠠᠭᠤ ᠨᠠᠶᠢᠷᠠᠭ ᠢᠶᠠᠷ ᠲᠠᠯ᠎ᠠ ᠨᠤᠲᠤᠭ ᠤᠨ | ᠬᠥᠪᠡᠭᠦᠳ ᠥᠬᠢᠳ ᠤᠨ ᠣᠮᠤᠭ ᠵᠣᠷᠢᠭ ᠠᠤᠭ᠎ᠠ ᠵᠣᠷᠢᠭ ᠪᠠ ᠡᠶᠡᠯᠳᠡᠭ ᠵᠥᠭᠡᠯᠡᠨ ᠰᠡᠳᠬᠢᠯᠭᠡ ᠶᠢ ᠲᠣᠭᠠᠴᠢᠵᠤ | ᠪᠠᠶᠢᠳᠠᠭ᠃ ᠮᠠᠯᠴᠢᠳ ᠪᠣᠯᠤᠨ ᠰᠤᠷᠤᠭᠴᠢᠳ ᠤᠨ ᠬᠠᠮᠲᠤ ᠪᠠᠷ ᠲᠣᠭᠯᠠᠭᠰᠠᠨ ︽ᠵᠠᠩᠭᠠᠷ ᠤᠨ ᠮᠠᠭᠲᠠᠭᠠᠯ︾ ᠨᠢ | ᠤᠷᠠᠨ ᠨᠠᠷᠢᠯᠢᠭ ᠤᠷ᠎ᠠ ᠮᠡᠷᠭᠡᠵᠢᠯ ᠪᠣᠯᠤᠨ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠲᠣᠭᠯᠠᠯᠲᠠ ᠪᠠᠷ ᠲᠤᠤᠯᠢ | ᠮᠡᠲᠦ ᠪᠠᠭᠠᠲᠤᠷᠯᠢᠭ ᠦᠯᠢᠭᠡᠷ ᠢ ᠦᠵᠡᠭᠴᠢᠳ ᠤᠨ ᠡᠮᠦᠨ᠎ᠡ ᠠᠮᠢᠳᠤᠯᠢᠭ ᠢᠶᠠᠷ ᠳᠡᠯᠭᠡᠨ ᠦᠵᠡᠭᠦᠯᠦᠭᠰᠡᠨ ᠪᠠᠶᠢᠨ᠎ᠠ᠃ | ᠦᠵᠡᠭᠳᠡᠯᠲᠦ ᠵᠦᠴᠦᠭᠡ ︽ᠬᠠᠶᠢᠷ᠎ᠠ ᠶᠢᠨ ᠤᠯᠠᠮᠵᠢᠯᠠᠯ︾ ᠨᠢ ᠬᠢᠯᠢ ᠬᠢᠵᠠᠭᠠᠷ ᠤᠨ ᠪᠠᠬᠢᠯᠡᠯᠲᠡ ᠡᠷᠦᠬᠡ ᠦᠨᠢᠮᠦ᠋ᠩᠬᠡ | ᠶᠢᠨ ᠨᠢᠭᠡ ᠭᠡᠷ ᠤᠨ ᠭᠤᠷᠪᠠᠨ ᠦᠶ᠎ᠡ ᠶᠢᠨ ᠬᠢᠯᠢ ᠬᠢᠵᠠᠭᠠᠷ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ | ᠬᠠᠮᠠᠭᠠᠯᠠᠬᠤ ᠶᠢᠨ ᠲᠥᠯᠥᠭᠡ ᠬᠠᠷᠠᠮ ᠦᠭᠡᠢ ᠵᠣᠷᠢᠭᠤᠯᠬᠤ ᠦᠯᠢᠭᠡᠷ ᠵᠢᠱᠢᠶ᠎ᠡ ᠪᠠᠨ ᠶᠠᠷᠢᠭᠰᠠᠨ ᠪᠠᠶᠢᠨ᠎ᠠ᠃ | ᠬᠡᠦᠬᠡᠳ ᠤᠨ ᠪᠥᠵᠢᠭ ︽ᠪᠠᠶᠠᠷ ᠪᠠᠶᠠᠰᠬᠤᠯᠠᠩᠲᠤ ᠨᠠᠭᠠᠳᠤᠮ ᠤᠨ ᠬᠤᠷᠠᠯ︾ ᠨᠢ ᠠᠮᠢᠳᠤᠯᠢᠭ ᠪᠥᠵᠢᠭ ᠢᠶᠠᠷ | ᠨᠠᠭᠠᠳᠤᠮ ᠤᠨ ᠬᠥᠷ ᠬᠥᠭᠵᠢᠶᠡᠨ ᠲᠠᠢ ᠪᠠᠶᠢᠳᠠᠯ ᠢ ᠢᠯᠡᠷᠡᠭᠦᠯᠪᠡ᠃ ︽ ᠭᠡᠷᠡᠯᠳᠦᠠᠣᠳᠦ ᠶᠢᠨ ᠰᠢᠨ᠎ᠡ ᠬᠠᠭᠤᠳᠠᠰᠤ︾ | ᠨᠢ ᠥᠩᠭᠡᠷᠡᠭᠰᠡᠨ ᠨᠢᠭᠡ ᠵᠢᠯ ᠤᠨ ᠰᠤᠮᠤ ︽ᠬᠤᠶᠠᠷ ᠶᠡᠭᠡ ᠶᠠᠪᠤᠳᠠᠯ︾ ᠪᠠ ︽ᠵᠢᠷᠭᠤᠭᠠᠨ ᠢᠨᠵᠧᠨᠧᠷᠢᠩ︾ ᠳᠤ | ᠠᠩᠬᠠᠷᠤᠯ ᠢᠶᠠᠨ ᠲᠥᠪᠯᠡᠷᠡᠭᠦᠯᠦᠭᠰᠡᠨ ᠪᠠᠶᠢᠳᠠᠯ ᠢ ᠡᠷᠭᠢᠴᠡᠭᠦᠯᠵᠦ᠂ ᠥᠷᠭᠡᠨ ᠣᠯᠠᠨ ᠮᠠᠯᠴᠢᠨ ᠲᠠᠷᠢᠶᠠᠴᠢᠨ ᠢ | ᠳᠠᠭᠠᠭᠤᠯᠤᠨ ᠵᠣᠯ ᠵᠢᠷᠭᠠᠯᠲᠤ ᠵᠠᠮ᠂ ᠪᠠᠶᠠᠵᠢᠨ ᠴᠢᠨᠡᠭᠡᠯᠢᠭᠵᠢᠬᠦ ᠵᠠᠮ᠂ ᠬᠥᠭᠵᠢᠨ ᠮᠠᠨᠳᠤᠬᠤ ᠵᠠᠮ ᠳᠡᠭᠡᠷ᠎ᠡ ᠲᠣᠮᠣ | ᠠᠯᠬᠤᠮ ᠢᠶᠠᠷ ᠤᠷᠤᠭᠰᠢᠯᠠᠭᠰᠠᠨ ᠠᠮᠢᠳᠤᠯᠢᠭ ᠥᠯᠢᠭᠡᠷ ᠢ ᠡᠷᠭᠢᠴᠡᠭᠦᠯᠪᠡ᠃ | | | | | | | | ︽ᠭᠤᠪᠢ ᠶᠢᠨ ᠬᠠᠪᠤᠷ︾ ᠭᠡᠬᠦ ᠴᠠᠭᠠᠨ ᠰᠠᠷ᠎ᠠ ᠶᠢᠨ ᠤᠷᠠᠨ ᠰᠠᠶᠢᠬᠠᠨ ᠤ ᠦᠳᠡᠰᠢᠯᠡᠭᠡ ᠨᠢ ᠶᠠᠭ ᠮᠠᠨ ᠤ | ᠬᠤᠲᠠ ᠶᠢᠨ ᠥᠷᠭᠡᠨ ᠣᠯᠠᠨ ᠮᠠᠯᠴᠢᠨ ᠲᠠᠷᠢᠶᠠᠴᠢᠨ ᠤ ᠴᠠᠭᠠᠨ ᠰᠠᠷ᠎ᠠ ᠶᠢᠨ ᠳᠤᠲᠠᠭᠳᠠᠵᠤ ᠪᠣᠯᠤᠰᠢ ᠥᠬᠡᠶ | ᠣᠨᠴᠠᠯᠢᠭ ᠲᠠᠢ ᠪᠢᠳᠡᠬᠦᠨ ᠤ ᠬᠤᠭᠤᠯᠠ ᠨᠢ ᠮᠠᠯᠴᠢᠨ ᠲᠠᠷᠢᠶᠠᠴᠢᠨ ᠤ ᠬᠠᠶᠢᠷ᠎ᠠ ᠰᠡᠳᠬᠢᠯᠭᠡ ᠶᠢ ᠨᠢᠭᠲᠠᠷᠠᠭᠤᠯᠬᠤ᠂ | ᠮᠠᠯᠵᠢᠬᠤ ᠲᠠᠷᠢᠶᠠᠯᠠᠬᠤ ᠣᠷᠣᠨ ᠤ ᠪᠣᠯᠪᠠᠰᠤᠨ ᠢ ᠠᠬᠢᠭᠤᠯᠬᠤ᠂ ᠡᠶ᠎ᠡ ᠵᠣᠬᠢᠴᠠᠩᠭᠤᠶ ᠰᠣᠶᠣᠯ ᠤᠨ ᠪᠠᠶᠢᠭᠤᠯᠤᠯᠲᠠ ᠶᠢ | ᠠᠬᠢᠭᠤᠯᠬᠤ ᠴᠢᠬᠤᠯᠠ ᠠᠴᠢᠶᠠᠯᠠᠪᠤᠷᠢ ᠪᠣᠯᠤᠭᠰᠠᠨ ᠪᠠᠶᠢᠨ᠎ᠠ᠃ | ᠬᠤᠲᠠ ᠶᠢᠨ ᠭᠡᠷᠡᠯᠳᠦᠠᠣᠳᠦ ᠰᠤᠮᠤ ᠶᠢᠨ ᠨᠠᠮ ᠤᠨ ᠬᠤᠷᠢᠶᠠᠨ ᠤ ᠱᠦᠵᠢ ᠭᠧᠩ ᠭᠠᠩ ᠴᠢᠶᠠᠩ᠄ ︽ᠲᠣᠰ | ᠤᠳᠠᠭᠠᠨ ᠤ ᠦᠳᠡᠰᠢᠯᠡᠭᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠣᠶ ᠪᠣᠯᠭᠠᠬᠤ ᠭᠤᠤᠯ ᠱᠤᠭᠤᠮ ᠤᠨ ᠲᠣᠭᠤᠷᠢᠨ ᠳᠤ᠂ ᠰᠤᠮᠤᠨ ᠤ ᠺᠠᠳ᠋ᠷ ᠠᠵᠢᠯᠲᠠᠨ ᠠᠵᠢᠯᠴᠢᠨ᠂ ᠥᠷᠭᠡᠨ | ᠣᠯᠠᠨ ᠮᠠᠯᠴᠢᠨ ᠲᠠᠷᠢᠶᠠᠴᠢᠨ ᠬᠠᠮᠲᠤ ᠪᠠᠷ ᠣᠷᠣᠯᠴᠠᠭᠰᠠᠨ ᠨᠢᠭᠡ ᠤᠳᠠᠭᠠᠨ ᠤ ᠤᠷᠠᠨ ᠰᠠᠶᠢᠬᠠᠨ ᠤ ᠲᠣᠭᠯᠠᠯᠲᠠ ᠨᠢ | ᠰᠤᠮᠤ ᠶᠢᠨ ᠴᠤᠭ ᠪᠠᠳᠠᠷᠠᠩᠭᠤᠶ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ ᠣᠶᠤᠨ ᠰᠠᠨᠠᠭᠠᠨ ᠤ ᠳᠦᠷᠰᠦ | ᠪᠠᠶᠢᠳᠠᠯ ᠢ ᠢᠯᠡᠷᠡᠭᠦᠯᠪᠡ᠃ ᠰᠢᠨ᠎ᠡ ᠨᠢᠭᠡ ᠵᠢᠯ ᠳᠤ᠂ ᠪᠢᠳᠡ ᠦᠷᠭᠦᠯᠵᠢᠯᠡᠨ ᠦᠨᠳᠦᠰᠦᠨ ᠱᠠᠲᠤᠨ ᠳᠤ | ᠦᠨᠳᠦᠰᠦᠯᠡᠵᠦ᠂ ᠠᠷᠠᠳ ᠲᠦᠮᠡᠨ ᠳᠤ ᠦᠢᠯᠡᠴᠢᠯᠡᠵᠦ᠂ ᠪᠡᠯᠴᠢᠭᠡᠷᠯᠡᠭᠦᠯᠬᠦ ᠶᠢ ᠵᠣᠭᠰᠣᠭᠠᠬᠤ ᠲᠤᠷᠰᠢᠯᠲᠠ ᠶᠢᠨ | ᠴᠢᠭ ᠤᠨ ᠠᠵᠢᠯ ᠢ ᠰᠠᠶᠢᠲᠤᠷ ᠬᠢᠵᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ | ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠮᠠᠯᠴᠢᠨ | ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠤᠨ᠎ᠠ︾ ᠭᠡᠵᠦ ᠬᠡᠯᠡᠪᠡ᠃ | ᠦᠳᠡᠰᠢᠯᠡᠭᠡ ᠶᠢᠨ ᠲᠤᠬᠠᠶ ᠶᠢᠨ ᠲᠠᠯᠠᠪᠠᠶ ᠳᠤ᠂ ᠱᠠᠩᠨᠠᠯ ᠤᠨ ᠭᠤᠭᠴᠤᠭ᠎ᠠ ᠣᠷᠣᠭᠤᠯᠵᠠᠶ᠃ ᠠᠵᠠ ᠶᠢᠨ | ᠡᠵᠡᠨ ᠢᠯᠡᠷᠡᠬᠦ ᠶᠢ ᠳᠠᠭᠠᠯᠳᠤᠨ᠂ ᠤᠷᠠᠶᠢᠯᠠᠨ ᠬᠠᠰᠬᠢᠷᠬᠤ ᠳᠠᠭᠤᠨ ᠲᠠᠰᠤᠷᠠᠯᠲᠠ ᠦᠭᠡᠢ ᠭᠠᠷᠴᠤ᠂ ᠦᠳᠡᠰᠢᠯᠡᠭᠡ ᠳᠤ | ᠪᠠᠶᠠᠷ ᠬᠥᠷ ᠲᠠᠢ ᠥᠯᠵᠡᠢ ᠪᠡᠯᠭᠡ ᠲᠠᠢ ᠪᠠᠶᠢᠯ᠎ᠠ᠃ | |