| | | ᠭᠤᠷᠪᠠ ᠶᠢᠰᠦ ᠶᠢᠨ ᠬᠦᠢᠲᠡᠨ ᠳᠤ ᠣᠷᠣᠬᠤ ᠲᠤᠲᠤᠮ ᠬᠦᠢᠲᠡᠷᠡᠯᠡ᠃ ᠡᠷᠢᠶᠡᠨ ᠬᠤᠲᠠ ᠶᠢᠨ | ᠪᠣᠭᠤᠮᠲᠠ ᠳᠤ᠃ 1 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ︽ᠳᠤᠮᠳᠠᠳᠤ ᠳᠤ ᠦᠢᠯᠡᠳᠦᠭᠰᠡᠨ︾ | 45 ᠠᠭᠤᠷᠬᠠᠢ ᠶᠢᠨ ᠲᠡᠷᠭᠡ᠂ ᠵᠢᠵᠢᠭ ᠮᠠᠰᠢᠨ ᠲᠡᠷᠭᠡ ᠪᠣᠭᠤᠮᠲᠠ ᠥᠩᠭᠡᠷᠡᠬᠦ ᠭᠠᠷ ᠭᠦᠢᠴᠡᠳᠬᠡᠯ ᠢᠶᠠᠨ ᠬᠢᠵᠦ | ᠪᠠᠷᠠᠭᠰᠠᠨ ᠤ ᠳᠠᠷᠠᠭ᠎ᠠ᠂ ᠡᠷᠢᠶᠡᠨ ᠬᠤᠲᠠ ᠶᠢᠨ ᠪᠣᠭᠤᠮᠲᠠ ᠪᠠᠷ ᠮᠣᠩᠭᠤᠯ ᠤᠯᠤᠰ ᠲᠤ ᠤᠷᠤᠭᠰᠢᠲᠠᠢ ᠪᠠᠷ | ᠭᠠᠳᠠᠭᠠᠳᠤ ᠳᠤ ᠭᠠᠷᠭᠠᠪᠠ᠃ | | | | | ᠥᠩᠭᠡᠷᠡᠭᠰᠡᠨ ᠨᠢᠭᠡ ᠵᠢᠯ ᠳᠤ᠂ ᠡᠷᠢᠶᠡᠨ ᠬᠤᠳᠠ ᠶᠢᠨ ᠪᠣᠭᠤᠮᠲᠠ ᠶᠢᠨ ᠬᠠᠮᠲᠤᠷᠠᠨ ᠪᠠᠶᠢᠴᠠᠭᠠᠬᠤ | ᠬᠠᠮᠲᠤᠷᠠᠭᠰᠠᠨ ᠲᠡᠭᠡᠭᠡᠪᠦᠷᠢ ᠶᠢᠨ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠡᠯ᠎ᠡ ᠲᠠᠯ᠎ᠠ ᠶᠢᠨ | ᠬᠠᠮᠲᠤ ᠶᠢᠨ ᠴᠢᠷᠮᠠᠶᠢᠯᠭ᠎ᠠ ᠳᠣᠣᠷ᠎ᠠ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠲᠠᠢ ᠪᠣᠯᠪᠠ᠃ ᠡᠷᠢᠶᠡᠨ | ᠪᠣᠭᠤᠮᠲᠠ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ 16 ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠪᠣᠭᠤᠮᠲᠠ ᠶᠢᠨ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠴᠢᠨᠠᠭᠰᠢᠳᠠ ᠰᠢᠯᠢᠳᠡᠭᠵᠢᠭᠦᠯᠵᠦ᠂ ᠠᠵᠤ ᠠᠬᠤᠶᠢᠯᠠᠯ ᠤᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠥᠭᠦᠮ ᠳᠥᠲᠡ ᠥᠨᠳᠥᠷ ᠪᠦᠲᠦᠮᠵᠢᠲᠡᠢ | ᠪᠣᠭᠤᠮᠲᠠ ᠪᠠᠷ ᠥᠩᠭᠡᠷᠡᠬᠦ ᠶᠢ ᠪᠠᠲᠤᠯᠠᠪᠠ᠃ | ᠡᠷᠢᠶᠡᠨ ᠪᠣᠭᠤᠮᠲᠠ ᠶᠢᠨ ᠵᠠᠰᠠᠮᠠᠯ ᠵᠠᠮ ᠤᠨ ᠬᠢᠨᠠᠯᠲᠠ ᠬᠠᠮᠢᠶᠠᠷᠤᠯᠲᠠ ᠶᠢᠨ ᠨᠢᠭᠡᠳᠦᠭᠡᠷ ᠰᠠᠯᠠᠭᠠᠨ ᠤ ᠳᠡᠳ᠋ | ᠳᠠᠷᠤᠭ᠎ᠠ ᠸᠠᠩ ᠯᠸᠢ᠄ ︽ᠡᠷᠢᠶᠡᠨ ᠪᠣᠭᠤᠮᠲᠠ ᠳᠤ ᠰᠠᠭᠠᠳ ᠦᠭᠡᠢ ᠨᠡᠪᠲᠡᠷᠡᠬᠦ ᠵᠠᠮ ᠪᠠᠶᠢᠭᠤᠯᠵᠤ᠂ ᠲᠤᠰᠬᠠᠢ ᠬᠥᠮᠥᠨ | ᠲᠣᠮᠢᠯᠠᠵᠤ ᠵᠣᠯᠭᠠᠭᠤᠯᠵᠤ᠂ ᠪᠣᠭᠤᠮᠲᠠ ᠪᠠᠷ ᠥᠩᠭᠡᠷᠡᠬᠦ ᠮᠡᠳᠡᠭᠡ ᠵᠠᠩᠭᠢ ᠶᠢ ᠤᠷᠢᠳᠴᠢᠯᠠᠨ ᠡᠵᠡᠮᠰᠢᠪᠡ᠃ ︵ | ᠳᠠᠷᠦ᠋ᠢᠬᠠᠨ ᠬᠢᠨᠠᠬᠤ︶ ﹇ᠬᠦᠷᠦᠮᠡᠭᠴᠡ ᠶᠠᠪᠤᠭᠤᠯᠬᠤ﹈ ᠪᠣᠭᠤᠮᠲᠠ ᠪᠠᠷ ᠥᠩᠭᠡᠷᠡᠬᠦ ᠵᠠᠭᠪᠤᠷ ᠢ ᠠᠪᠴᠤ᠂ | ᠭᠠᠳᠠᠭᠠᠳᠤ ᠳᠤ ᠭᠠᠷᠭᠠᠬᠤ ᠲᠡᠷᠭᠡ ᠬᠥᠰᠬᠡ ᠶᠢᠨ ᠥᠨᠳᠥᠷ ᠪᠦᠲᠦᠮᠵᠢᠲᠡᠶ ᠰᠠᠭᠠᠳ ᠥᠬᠡᠶ ᠪᠣᠭᠤᠮᠲᠠ ᠪᠠᠷ | ᠥᠩᠭᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ︾ ᠭᠡᠵᠦ ᠬᠡᠯᠡᠪᠡ᠃ |