ᠡᠪᠦᠯ ᠤᠨ ᠡᠳᠦᠷ ᠤᠨ ᠳᠣᠭᠳᠤᠯᠤᠮ᠎ᠠ ᠰᠡᠳᠭᠢᠯᠭᠡ ᠶᠢ ᠰᠡᠷᠭᠦᠭᠡᠶ᠎ᠠ︕ ᠮᠦᠰᠦᠨ ᠳᠡᠭᠡᠷᠡᠬᠢ ᠪᠡᠶ᠎ᠡ ᠶᠢᠨ ᠲᠠᠮᠢᠷ ᠤᠨ ᠤᠷᠤᠯᠳᠤᠭᠠᠨ ︽ᠤᠷᠮ᠎ᠠ ᠪᠠᠬ᠎ᠠ︾ ᠶᠢ ᠬᠦᠭᠵᠢᠭᠡᠨ᠎ᠡ
ᠨᠡᠶᠢᠲᠡᠯᠡᠭᠰᠡᠨ ᠴᠠᠭ᠄
2025/1/20
  ᠡᠨᠡ ᠡᠪᠦᠯ ᠤᠨ ᠤᠯᠠᠷᠢᠯ ᠳᠤ ᠮᠠᠨ ᠤ ᠬᠤᠲᠠ ᠶᠢᠨ ᠮᠥᠰᠥ ᠴᠠᠰᠤᠨ ᠤ ᠵᠤᠭᠠᠴᠠᠯ ᠤᠨ ᠲᠥᠷᠥᠯ ᠵᠦᠢᠯ ᠮᠠᠰᠢ ᠰᠣᠨᠢᠷᠬᠠᠯᠲᠠᠢ᠃ 1 ᠰᠠᠷ᠎ᠠ ᠶᠢᠨ 16 ᠤ ᠡᠳᠦᠷ᠂ ︽ᠪᠠᠶᠠᠷ ᠬᠥᠷ ᠲᠠᠢ ᠮᠥᠰᠥ ᠴᠠᠰᠤ ᠬᠠᠮᠲᠤ ᠪᠠᠷ ᠢᠷᠡᠭᠡᠳᠦᠢ ᠶᠢ ᠴᠣᠭᠴᠠᠯᠠᠶ᠎ᠠ︾ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠣᠯᠠᠨ ᠲᠦᠮᠡᠨ ᠤ ᠮᠥᠰᠥ ᠴᠠᠰᠤᠨ ᠤ ᠤᠯᠠᠷᠢᠯ ᠵᠢᠴᠢ ᠡᠷᠢᠶᠡᠨ ᠬᠤᠲᠠ ᠶᠢᠨ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠯᠦᠩ ᠶᠣᠣ ᠬᠢᠯᠢ ᠶᠢᠨ ᠪᠣᠭᠤᠮᠲᠠ · ᠰᠤᠮᠤ᠂ ᠨᠠᠶᠢᠬᠡᠮ ᠲᠣᠭᠤᠷᠢᠭ ᠤᠨ ᠮᠥᠰᠥ ᠴᠠᠰᠤᠨ ᠤ ᠰᠣᠨᠢᠷᠬᠠᠯᠳᠦ ᠲᠠᠮᠢᠷ ᠤᠨ ᠴᠤᠭᠯᠠᠭᠠᠨ ᠡᠬᠢᠯᠡᠪᠡ᠃    ᠡᠪᠦᠯ ᠤᠨ ᠡᠳᠦᠷ ᠤᠨ ᠬᠤᠨᠳᠣ ᠨᠠᠭᠤᠷ ᠨᠢᠭᠡᠨ ᠲᠣᠮᠣ ᠮᠥᠰᠥᠨ ᠲᠠᠯᠠᠪᠤᠷ ᠪᠣᠯᠵᠤ᠂ ᠠᠵᠢᠯᠲᠠᠳ ᠤᠨ ᠨᠠᠷᠢᠨ ᠨᠢᠮᠪᠠᠶ ᠴᠢᠮᠡᠭᠯᠡᠯ ᠢᠶᠠᠷ ᠨᠢᠳᠦ ᠭᠢᠯᠠᠰᠤᠮ᠎ᠠ ᠥᠩᠭᠡ ᠬᠠᠷᠠᠭᠳᠠᠵᠤ᠂ ᠬᠥᠳᠡᠯᠭᠡᠭᠡᠨ ᠳᠤ ᠣᠷᠣᠯᠴᠠᠬᠤ ᠪᠠᠷ ᠢᠷᠡᠭᠰᠡᠳ ᠤᠨ ᠴᠢᠷᠠᠶ ᠶᠢ ᠪᠠᠶᠠᠰᠬᠠᠵᠤ ᠪᠠᠶᠢᠯ᠎ᠠ᠃    ᠠᠵᠢᠯᠯᠠᠭ᠎ᠠ ᠳᠤ ᠮᠥᠰᠥᠨ ᠳᠡᠭᠡᠷᠡᠬᠢ ᠳᠤᠭᠤᠶ ᠲᠡᠷᠭᠡᠨ ᠤ ᠪᠤᠤᠬᠢᠶ᠎ᠠ ᠤᠷᠤᠯᠳᠤᠭᠠᠨ᠂ ᠮᠥᠰᠥ ᠴᠠᠰᠤᠨ ᠤ ᠤᠷᠤᠯᠳᠤᠭᠠᠨ ᠤ ᠬᠤᠷᠳᠤᠨ ᠵᠠᠯᠭᠠᠯᠲᠠ ᠶᠢᠨ ᠤᠷᠤᠯᠳᠤᠭᠠᠨ᠂ ᠮᠥᠰᠥᠨ ᠳᠡᠭᠡᠷᠡᠬᠢ ᠳᠡᠭᠡᠰᠦ ᠲᠠᠲᠠᠬᠤ ᠤᠷᠤᠯᠳᠤᠭᠠᠨ ᠵᠡᠷᠭᠡ ᠲᠥᠷᠥᠯ ᠵᠦᠢᠯ ᠢ ᠳᠣᠭᠢᠷᠠᠭᠤᠯᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠪᠠᠭ᠋ᠠᠲᠠᠶ ᠬᠥᠮᠦᠰ ᠢ ᠮᠥᠰᠥ ᠴᠠᠰᠤᠨ ᠤ ᠠᠪᠴᠢᠷᠠᠭᠰᠠᠨ ᠬᠢᠵᠠᠭᠠᠯᠠᠰᠢ ᠦᠭᠡᠢ ᠪᠠᠶᠠᠷ ᠪᠠᠶᠠᠰᠤᠯ ᠢ ᠡᠳ᠋ᠯᠡᠭᠦᠯᠪᠡ᠃ ᠤᠯᠠᠨ ᠢᠶᠠᠷ ᠢᠶᠠᠨ ᠬᠤᠷᠳᠤᠴᠠ ᠶᠢ ᠬᠥᠭᠡᠭᠡᠴᠡᠯᠳᠦᠵᠦ᠂ ᠤᠷ᠎ᠠ ᠮᠡᠷᠭᠡᠵᠢᠯ ᠢᠶᠠᠨ ᠳᠡᠯᠭᠡᠨ ᠦᠵᠡᠭᠦᠯᠵᠦ᠂ ᠲᠡᠩᠴᠡᠭᠦᠷᠢ ᠶᠢ ᠡᠵᠡᠮᠳᠡᠵᠦ᠂ ᠭᠡᠭᠡᠨ ᠲᠤᠩᠭᠠᠯᠠᠭ ᠬᠤᠨᠳᠣ ᠨᠠᠭᠤᠷ ᠢᠶᠠᠷ ᠠᠶᠠᠯᠠᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠠᠴᠠ ᠪᠣᠯᠤᠭᠰᠠᠨ ᠪᠠᠶᠠᠷ ᠪᠠᠶᠠᠰᠤᠯ ᠢ ᠡᠳ᠋ᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号