1 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ 2035 ᠣᠨ ᠤ ᠰᠢᠨ᠎ᠡ ᠵᠢᠯ ᠤᠨ ᠪᠠᠶᠠᠷ ᠤᠨ ᠦᠭᠡ᠂ | ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠵᠢᠯ ᠤᠨ | ᠴᠠᠢ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ | ᠬᠤᠲᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠠᠶᠢᠮᠠᠭ ᠤᠨ ᠨᠠᠮ ᠤᠨ | ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 2035 ᠣᠨ ᠤ ᠰᠢᠨ᠎ᠡ ᠵᠢᠯ ᠤᠨ ᠪᠠᠶᠠᠷ ᠤᠨ ᠦᠭᠡ | ᠪᠣᠯᠤᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷᠡᠬᠢ ᠴᠢᠬᠤᠯᠠ | ᠶᠠᠷᠢᠶ᠎ᠠ ᠨᠢ ᠵᠣᠭᠰᠣᠴᠠ ᠥᠨᠳᠥᠷ ᠪᠠᠶᠢᠵᠤ᠂ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠶᠤᠮ᠃ ᠪᠦᠬᠦ | ᠬᠤᠲᠠ ᠪᠠᠷ ᠢᠶᠠᠨ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠡᠷᠡᠯᠬᠡᠭᠯᠡᠨ | ᠤᠷᠤᠭᠰᠢᠯᠠᠬᠤ ᠬᠦᠴᠦᠨ ᠢᠶᠠᠨ ᠤᠯᠠᠮ ᠨᠢᠭᠡ ᠠᠯᠬᠤᠮ ᠬᠤᠷᠠᠮᠳᠤᠭᠤᠯᠵᠤ᠂ ᠬᠥᠭᠵᠢᠯᠲᠡ ᠶᠢᠨ ᠢᠲᠡᠭᠡᠯ ᠢᠶᠠᠨ | ᠪᠠᠲᠤᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ︔ ᠪᠠᠶᠠᠷ ᠤᠨ ᠦᠭᠡ ᠶᠢᠨ ᠵᠣᠷᠢᠭ ᠰᠠᠨᠠᠭ᠎ᠠ ᠶᠢ ᠭᠦᠨᠵᠡᠭᠡᠢ | ᠣᠶᠢᠯᠠᠭᠠᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠠᠷᠪᠠᠨ ᠳᠥᠷᠪᠡᠳᠦᠭᠡᠷ | ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠯᠤᠭ᠎ᠠ | ᠭᠦᠨᠵᠡᠭᠡᠢ ᠣᠶᠢᠯᠠᠭᠠᠵᠤ᠂ ᠨᠠᠷᠢᠨ ᠬᠢᠨᠠᠮᠠᠭᠠᠢ ᠡᠵᠡᠮᠰᠢᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠲᠠᠪᠤᠨ | ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢᠨ ᠠᠵᠢᠯ ᠤᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠪᠦᠬᠦᠳᠡ ᠬᠤᠷᠠᠯ ᠠᠴᠠ ︽ | ᠵᠢᠷᠭᠤᠭᠠᠨ ᠰᠢᠪᠲᠤᠯᠤᠯᠲᠠ ᠶᠢᠨ ᠴᠢᠨᠠᠷᠲᠠᠢ ᠠᠬᠢᠴᠠ︾ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠵᠤ᠂ ᠰᠢᠨ᠎ᠡ ᠨᠢᠭᠡ ᠵᠢᠯ ᠳᠤ ᠮᠠᠨ ᠤ ᠬᠤᠳᠠ ᠶᠢᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ | ᠬᠢᠵᠦ᠂ ᠨᠡᠩ ᠰᠠᠶᠢᠨ ᠬᠢᠬᠦ ᠬᠡᠷᠡᠭᠲᠡᠢ︔ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ | ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠨ ᠨᠡᠶᠢᠭᠡᠮ ᠤᠨ ᠡᠯ᠎ᠡ | ᠡᠲᠡᠭᠡᠳ ᠤᠨ ᠬᠥᠮᠦᠰ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ | ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠲᠤᠬᠢᠷᠠᠭᠤᠯᠤᠯᠳᠠ ᠶᠢ ᠭᠦᠨᠵᠡᠭᠡᠢ ᠤᠢᠢᠯᠠᠭᠠᠭᠤᠯᠤᠨ | ᠪᠦᠬᠦ ᠲᠠᠯ᠎ᠠ ᠪᠠᠷ ᠲᠤᠤᠱᠯᠠᠭᠤᠯᠵᠤ᠂ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠮᠠᠨ ᠤ | ᠬᠤᠳᠠ ᠶᠢᠨ ᠡᠯ᠎ᠡ ᠵᠦᠢᠯ ᠤᠨ ᠠᠵᠢᠯ ᠢ ᠨᠡᠩ ᠰᠠᠶᠢᠨ ᠬᠢᠬᠦ ᠬᠡᠷᠡᠭᠲᠡᠢ᠃ | ᠬᠤᠷᠠᠯ ᠠᠴᠠ 2025 ᠣᠨ ᠤ ᠪᠥᠬᠦ ᠬᠤᠲᠠ ᠶᠢᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ | ᠠᠵᠢᠯᠲᠠᠨ ᠢ ᠰᠢᠯᠭᠠᠷᠠᠭᠤᠯᠤᠨ ᠬᠥᠬᠢᠭᠦᠯᠬᠦ ᠶᠠᠪᠤᠳᠠᠯ ᠢ ᠰᠤᠳᠤᠯᠤᠨ ᠬᠢᠨᠠᠨ ᠵᠥᠪᠯᠡᠪᠡ᠃ |