ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠲᠠᠶᠢᠯᠤᠮᠵᠢ ᠡᠷᠬᠢᠯᠡᠪᠡ
ᠨᠡᠶᠢᠲᠡᠯᠡᠭᠰᠡᠨ ᠴᠠᠭ᠄
2025/1/21
    ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠪᠠᠶᠠᠯᠢᠭ ᠠᠭᠤᠯᠤᠭᠳᠠᠬᠤᠨ ᠪᠠ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠰᠤᠷᠤᠯᠴᠠᠨ ᠡᠵᠡᠮᠰᠢᠵᠦ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠬᠢᠭᠡᠳ ᠰᠣᠶᠣᠯ ᠤᠨ ᠪᠠᠶᠢᠭᠤᠯᠤᠯᠲᠠ ᠶᠢᠨ ᠣᠷᠭᠠᠨᠢᠭ ᠠᠭᠤᠰᠤᠯᠴᠠᠯ ᠢ ᠠᠬᠢᠭᠤᠯᠬᠤ ᠶᠢᠨ ᠳᠣᠯᠠᠳᠠ᠂ 1 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠲᠠᠶᠢᠯᠤᠮᠵᠢ ᠡᠷᠭᠢᠯᠡᠵᠦ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠣᠷᠣᠯᠴᠠᠵᠠᠶ᠃
  ᠲᠠᠶᠢᠯᠤᠮᠵᠢ ᠳᠤ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠹᠠᠨ ᠬᠤᠩ ᠶᠢᠩ ᠢ ᠤᠷᠢᠵᠤ ᠲᠤᠰᠬᠠᠶ ᠰᠡᠳᠦᠪ ᠢᠶᠠᠷ ᠬᠢᠴᠢᠶᠡᠯᠯᠡᠭᠦᠯᠪᠡ᠃ ᠲᠠᠶᠢᠯᠤᠮᠵᠢ ᠶᠢᠨ ᠭᠤᠤᠯ ᠰᠡᠳᠦᠪ ᠨᠢ ᠢᠯᠡ ᠲᠣᠳᠣ᠂ ᠠᠭᠤᠯᠭ᠎ᠠ ᠨᠢ ᠨᠠᠷᠢᠨ ᠪᠣᠳᠠᠲᠠᠶ᠂ ᠬᠡᠷᠡᠭ ᠤᠨ ᠵᠢᠱᠢᠶ᠎ᠡ ᠨᠢ ᠡᠯᠪᠡᠭ ᠪᠠᠶᠠᠯᠢᠭ ᠪᠠᠶᠢᠵᠤ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠲᠤ ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠲᠤᠬᠠᠶ ᠨᠠᠩ ᠲᠣᠳᠣᠷᠬᠠᠶ᠂ ᠨᠠᠩ ᠭᠦᠨᠵᠡᠭᠡᠶ ᠲᠠᠨᠢᠯᠲᠠ ᠲᠠᠢ ᠪᠣᠯᠭᠠᠪᠠ᠃
  ᠲᠠᠶᠢᠯᠤᠮᠵᠢ ᠳᠡᠭᠡᠷ᠎ᠡ᠂ ᠪᠦᠬᠦ ᠨᠠᠮ ᠤᠨ ᠭᠡᠰᠢᠭᠦᠨ ᠺᠠᠳ᠋ᠷ ᠰᠡᠳᠬᠢᠯ ᠲᠠᠯᠪᠢᠨ ᠰᠣᠨᠣᠰᠴᠤ᠂ ᠭᠦᠨᠵᠡᠭᠡᠢ ᠰᠡᠳᠬᠢᠵᠦ᠂ ᠢᠳᠡᠪᠬᠢᠲᠡᠢ ᠬᠥᠳᠡᠯᠦᠯᠴᠡᠪᠡ᠃ ᠤᠯᠠᠨ ᠢᠶᠠᠷ ᠢᠶᠠᠨ᠂ ᠲᠤᠰ ᠤᠳᠠᠭ᠎ᠠ ᠶᠢᠨ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠪᠠᠷ ᠠᠵᠠ ᠲᠣᠬᠢᠶᠠᠯ ᠪᠣᠯᠭᠠᠵᠤ᠂ ᠲᠤᠰ ᠪᠡᠶ᠎ᠡ ᠶᠢᠨ ᠰᠣᠶᠣᠯ ᠤᠨ ᠬᠡᠪ ᠪᠣᠯᠪᠠᠰᠤᠷᠠᠯ ᠪᠣᠯᠤᠨ ᠶᠡᠷᠦᠩᠬᠡᠶᠢᠯᠡᠭᠰᠡᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠦᠨᠡᠨ ᠬᠦ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号