| | 1 ᠰᠠᠷ᠎ᠠ ᠶᠢᠨ 17 ᠤ ᠡᠳᠦᠷ᠂ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ | ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠬᠤ᠋ | ᠰᠢᠤᠸᠠᠢ ᠵᠢᠶᠠᠨ ᠮᠠᠨ ᠤ ᠬᠤᠲᠠ ᠳᠤ ᠢᠷᠡᠵᠦ᠂ ᠬᠤᠲᠠ ᠳᠤ ᠰᠠᠭᠤᠭ᠎ᠠ ᠴᠡᠷᠢᠭ ᠠᠩᠭᠢ ᠪᠣᠯᠤᠨ ᠠᠰᠠᠷᠠᠨ ᠬᠠᠷᠠᠭᠠᠯᠵᠠᠬᠤ | ᠡᠲᠡᠭᠡᠳ ᠢ ᠪᠣᠯᠭᠤᠭᠠᠨ ᠲᠣᠬᠤᠨᠢᠭᠤᠯᠵᠤ᠂ ᠨᠠᠮ ᠪᠣᠯᠤᠨ ᠵᠠᠰᠠᠭ ᠤᠨ ᠣᠷᠳᠣᠨ ᠤ ᠲᠣᠬᠤᠨᠢᠭᠤᠯᠤᠯ ᠪᠣᠯᠤᠨ ᠵᠥᠩᠨᠡᠯ | ᠳᠡᠪᠰᠢᠭᠦᠯᠪᠡ᠃ | | | | | ᠠᠰᠠᠷᠠᠨ ᠬᠠᠷᠠᠭᠠᠯᠵᠠᠬᠤ ᠡᠲᠡᠭᠡᠳ ᠭᠦᠸᠧ ᠸᠧᠨ ᠪᠢᠨ ᠤ ᠭᠡᠷ ᠲᠤ᠂ ᠬᠤ᠋ ᠰᠢᠤᠸᠠᠢ ᠵᠢᠶᠠᠨ ᠥᠪᠡᠷᠲᠡᠭᠡᠨ ᠵᠠᠰᠠᠬᠤ | ᠣᠷᠣᠨ ᠤ ᠬᠤᠶᠠᠷ ᠢ ᠬᠦᠷᠢᠶᠡᠯᠡᠬᠦ ᠠᠯᠪᠠᠨ ᠭᠡᠷ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠢ ᠲᠥᠯᠥᠭᠡᠯᠡᠨ | ᠲᠡᠭᠦᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠲᠣᠬᠤᠨᠢᠭᠤᠯᠬᠤ ᠮᠥᠩᠭᠦ ᠬᠦᠷᠭᠡᠭᠰᠡᠨ ᠪᠥᠭᠡᠳ ᠲᠡᠭᠦᠨ ᠲᠠᠢ | ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ᠂ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠬᠤ᠋ | ᠰᠢᠤᠸᠠᠢ ᠵᠢᠶᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠰᠠᠷᠠᠨ ᠬᠠᠷᠠᠭᠠᠯᠵᠠᠬᠤ ᠡᠲᠡᠭᠡᠳ ᠢ ᠢᠯᠡᠭᠦᠬᠡᠨ | ᠬᠠᠯᠠᠮᠵᠢᠯᠠᠵᠤ᠂ ᠠᠩᠬᠠᠷᠴᠤ᠂ ᠡᠯ᠎ᠡ ᠵᠦᠢᠯ ᠤᠨ ᠠᠰᠠᠷᠠᠨ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠪᠣᠳᠠᠲᠠᠢ ᠨᠠᠷᠢᠯᠢᠭ | ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠲᠡᠳᠡᠨ ᠳᠤ ᠪᠣᠳᠠᠲᠠᠢ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂ ᠬᠦᠴᠢᠷ | ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠢᠢᠳᠪᠦᠷᠢᠯᠡᠵᠦ᠂ ᠡᠳᠦᠷ ᠲᠤᠳᠤᠮ ᠤᠨ ᠬᠠᠯᠠᠮᠵᠢᠯᠠᠯ᠂ | ᠦᠢᠯᠡᠴᠢᠯᠡᠭᠡ ᠳᠣᠲᠣᠨᠣ᠂ ᠲᠦᠷᠦ ᠶᠢᠨ ᠪᠤᠳᠤᠯᠭ᠎ᠠ ᠶᠢᠨ ᠰᠡᠳᠬᠢᠯ ᠢ ᠳᠤᠯᠠᠭᠠᠴᠠᠭᠤᠯᠬᠤ ᠬᠡᠷᠡᠭᠲᠡᠢ ᠭᠡᠵᠦ ᠱᠠᠭᠠᠷᠳᠠᠪᠠ᠃ | | | | | ᠨᠢᠭᠡᠨ ᠪᠠᠷᠢᠭᠠᠳᠠ ᠳᠤ᠂ ᠬᠤ᠋ ᠰᠢᠤᠸᠠᠢ ᠵᠢᠶᠠᠨ ᠨᠠᠷ ᠳᠠᠷᠤᠭ᠎ᠠ ᠪᠠᠶᠢᠯᠳᠤᠭᠴᠢᠳ ᠤᠨ ᠡᠳᠦᠷ ᠳᠤᠳᠤᠮ ᠤᠨ ᠪᠣᠯᠪᠠᠰᠤᠷᠠᠯ | ᠂ ᠵᠢᠵᠢᠭᠦᠷ ᠤᠨ ᠪᠡᠯᠡᠳᠬᠡᠯ᠂ ᠠᠵᠢᠯ ᠰᠤᠷᠤᠯᠭ᠎ᠠ ᠪᠠ ᠠᠮᠢᠳᠤᠷᠠᠯ ᠤᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ | ᠬᠠᠮᠲᠤ ᠡᠮᠦᠨ᠎ᠡ ᠹᠷᠣᠨᠲ ᠲᠤ ᠪᠠᠶᠢᠭ᠎ᠠ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠬᠦᠨᠳᠦᠳᠬᠡᠯ ᠪᠠ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠲᠡᠳᠡᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠳᠤ ᠲᠠᠯᠠᠷᠬᠠᠪᠠ᠃ | ᠡᠭᠦᠨ ᠤ ᠬᠠᠮᠲᠤ᠂ ᠬᠤ᠋ ᠰᠢᠤᠸᠠᠢ ᠵᠢᠶᠠᠨ ᠰᠠᠭᠤᠭ᠎ᠠ ᠭᠠᠵᠠᠷ ᠤᠨ ᠴᠡᠷᠢᠭ ᠠᠩᠭᠢ ᠴᠡᠷᠢᠭ ᠠᠷᠠᠳ ᠤᠨ ᠵᠢᠭᠠᠰᠤ ᠤᠰᠤᠨ ᠤ | ᠪᠠᠶᠢᠳᠠᠯ ᠤᠨ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠦᠵᠡᠯ ᠰᠠᠨᠠᠭ᠎ᠠ ᠤᠯᠤᠰ ᠲᠥᠷᠥ᠂ | ᠴᠡᠷᠢᠭ ᠤᠨ ᠶᠠᠪᠤᠳᠠᠯ ᠤᠨ ᠬᠡᠪ ᠴᠢᠨᠠᠷ ᠪᠣᠯᠤᠨ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠵᠤ᠂ | ᠨᠠᠮ ᠤᠨ ᠵᠢᠯᠣᠭᠤᠳᠣᠯᠭ᠎ᠠ ᠶᠢ ᠲᠠᠭᠠᠬᠤ᠂ ᠢᠯᠠᠭᠤᠭᠰᠠᠨ ᠳᠠᠶᠢᠨ ᠬᠢᠵᠦ ᠴᠢᠳᠠᠬᠤ᠂ ᠣᠪᠣᠷ ᠰᠤᠷᠲᠠᠯ ᠰᠢᠯᠢᠳᠡᠭ ᠰᠠᠶᠢᠨ | ᠣᠳᠣᠬᠢᠴᠢᠯᠠᠭᠰᠠᠨ ᠡᠩᠨᠡᠭᠡ ᠶᠢ ᠪᠠᠶᠢᠭᠤᠯᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠪᠠᠶᠢᠭᠤᠯᠤᠯᠲᠠ ᠶᠢ | ᠳᠡᠮᠵᠢᠬᠦ᠂ ᠪᠥᠬᠦ ᠣᠷᠣᠨ ᠤ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ | ᠪᠠᠬᠢᠵᠢᠭᠦᠯᠦᠨ ᠬᠥᠭᠵᠢᠭᠦᠯᠬᠦ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃ | ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠳᠤ ᠲᠠᠯᠠᠷᠬᠠᠵᠤ | ᠪᠠᠶᠢᠬᠤ ᠪᠠᠨ ᠢᠯᠡᠳᠬᠡᠵᠦ᠂ ᠡᠨᠡ ᠬᠦ ᠬᠠᠯᠠᠮᠵᠢᠯᠠᠯ ᠢ ᠡᠳᠦᠷ ᠲᠤᠲᠤᠮ ᠤᠨ ᠰᠤᠷᠭᠠᠭᠤᠯᠢᠯᠠᠯ ᠤᠨ ᠬᠥᠳᠡᠯᠭᠡᠬᠦ ᠬᠦᠴᠦᠨ | ᠪᠣᠯᠭᠠᠨ ᠬᠤᠪᠢᠷᠠᠭᠤᠯᠵᠤ᠂ ᠡᠬᠡ ᠤᠯᠤᠰ ᠤᠨ ᠪᠡᠭᠡᠵᠢᠩ ᠶᠡᠭᠡ ᠰᠤᠷᠭᠠᠭᠤᠯᠢ ᠶᠢᠨ ᠡᠭᠦᠳᠡ ᠶᠢ ᠰᠠᠶᠢᠲᠤᠷ ᠰᠠᠬᠢᠬᠤ ᠶᠢᠨ | ᠲᠥᠯᠥᠭᠡ ᠴᠥᠬᠦᠷᠡᠰᠢ ᠥᠬᠡᠶ ᠴᠢᠷᠮᠠᠶᠢᠨ᠎ᠠ ᠭᠡᠵᠦ ᠢᠯᠡᠳᠬᠡᠪᠡ᠃ |