| | | ᠡᠷᠢᠶᠡᠨ ᠪᠣᠭᠤᠮᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ | ᠥᠷᠲᠡᠭᠡ ᠶᠢᠨ ᠪᠦᠷᠢᠳᠬᠡᠯ ᠢ ᠦᠨᠳᠦᠰᠦᠯᠡᠪᠡᠯ᠂ 1 ᠳ᠋ᠦ᠋ᠭᠡᠷ ᠰᠠᠷ᠎ᠠ ᠶᠢᠨ 15 ᠤ ᠡᠳᠦᠷ ᠪᠣᠯᠲᠠᠯ᠎ᠠ᠂ ᠡᠷᠢᠶᠡᠨ | ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠬᠥᠮᠦᠰ 14.9 ᠲᠦᠮᠡᠨ ᠬᠥᠮᠦᠨ ᠤᠳᠠᠭ᠎ᠠ ᠶᠢ ᠳᠠᠪᠠᠵᠤ᠂ 2024 | ᠣᠨ ᠤ ᠠᠳᠠᠯᠢ ᠬᠤᠭᠤᠴᠠᠭᠠᠨ ᠤ ᠬᠢ ᠠᠴᠠ 40.56% ᠪᠠᠷ ᠨᠡᠮᠡᠭᠳᠡᠵᠦ᠂ 2025 ᠣᠨ ᠤ ᠰᠠᠶᠢᠨ ᠡᠬᠢᠯᠡᠯᠲᠡ ᠶᠢ | ᠤᠭᠲᠤᠨ ᠠᠪᠴᠢᠷᠠᠯ᠎ᠠ᠃ ᠡᠭᠦᠨ ᠳᠤ᠂ 1 ᠰᠠᠷ᠎ᠠ ᠶᠢᠨ 11 ᠤ ᠡᠳᠦᠷ᠂ ᠬᠢᠯᠢ ᠪᠠᠷ ᠣᠷᠣᠵᠤ ᠭᠠᠷᠬᠤ ᠬᠥᠮᠦᠰ | 13071 ᠬᠥᠮᠦᠨ ᠤᠳᠠᠭ᠎ᠠ᠂ ᠡᠷᠢᠶᠡᠨ ᠪᠣᠭᠤᠮᠲᠠ ᠶᠢ ᠨᠡᠭᠡᠭᠡᠭᠰᠡᠨ ᠠᠴᠠ ᠨᠠᠰᠢᠬᠢ ᠭᠠᠭᠴᠠ ᠡᠳᠦᠷ ᠤᠨ | ᠰᠢᠯᠭᠠᠯᠲᠠ ᠶᠢᠨ ᠬᠡᠮᠵᠢᠶᠡᠨ ᠤ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | 2025 ᠣᠨ ᠤ ᠡᠬᠢ ᠪᠠᠷ᠂ ᠡᠷᠢᠶᠡᠨ ᠵᠠᠰᠠᠮᠠᠯ ᠵᠠᠮ ᠤᠨ ᠪᠣᠭᠤᠮᠲᠠ ᠶᠢᠨ ᠬᠢᠯᠢ ᠪᠠᠷ ᠨᠡᠪᠳᠡᠷᠡᠬᠦ | ᠵᠢᠭᠤᠯᠴᠢᠯᠠᠯ ᠤᠨ ᠪᠠᠶᠢᠴᠠᠭᠠᠯᠲᠠ ᠶᠢᠨ ᠲᠢᠩᠬᠢᠮ ᠳᠤ ᠬᠥᠮᠦᠨ ᠬᠠᠷ᠎ᠠ ᠬᠤᠷᠠᠨ ᠴᠤᠭᠯᠠᠷᠠᠵᠤ᠂ ᠬᠥᠷ ᠬᠥᠭᠵᠢᠶᠡᠨ ᠢᠶᠠᠷ | ᠪᠢᠯᠬᠠᠵᠤ ᠪᠠᠶᠢᠪᠠ᠃ ᠬᠢᠯᠢ ᠳᠤ ᠣᠷᠣᠬᠤ ᠬᠥᠮᠦᠰ ᠡᠮᠬᠢ ᠵᠢᠷᠤᠮ ᠲᠠᠢ ᠪᠠᠷ ᠮᠥᠷᠯᠡᠨ ᠪᠣᠭᠤᠮᠲᠠ ᠥᠩᠭᠡᠷᠡᠬᠦ ᠶᠢ | ᠬᠦᠯᠢᠶᠡᠵᠦ᠂ ᠬᠢᠯᠢ ᠶᠢᠨ ᠪᠠᠶᠢᠴᠠᠭᠠᠯᠲᠠ᠂ ᠪᠣᠭᠤᠮᠲᠠ ᠵᠡᠷᠭᠡ ᠰᠠᠯᠠᠭ᠎ᠠ ᠮᠥᠴᠢᠷ ᠤᠨ ᠠᠵᠢᠯᠲᠠᠳ ᠡᠮᠬᠢ | ᠵᠠᠮᠪᠠᠷᠠᠭ᠎ᠠ ᠲᠠᠢ ᠪᠠᠷ ᠶᠠᠭᠠᠷᠠᠯᠲᠠᠢ ᠠᠵᠢᠯᠯᠠᠵᠤ᠂ ᠬᠢᠯᠢ ᠪᠠᠷ ᠨᠡᠪᠳᠡᠷᠡᠬᠦ ᠬᠥᠮᠥᠰ ᠤᠨ ᠪᠡᠶ᠎ᠡ ᠬᠡᠮ ᠤᠨ ᠮᠡᠳᠡᠭᠡ ᠵᠠᠩᠭᠢ ᠶᠢ | ᠨᠠᠷᠢᠨ ᠬᠢᠨᠠᠮᠠᠭᠠᠢ ᠪᠠᠶᠢᠴᠠᠭᠠᠨ ᠰᠢᠯᠭᠠᠵᠤ᠂ ᠬᠠᠮᠢᠶ᠎ᠠ ᠪᠦᠬᠦᠢ ᠭᠠᠷᠳᠠᠮ ᠢ ᠲᠦᠷᠭᠡᠨ ᠭᠦᠢᠴᠡᠳᠬᠡᠬᠦ ᠬᠡᠷᠡᠭᠲᠡᠢ᠃ | ᠪᠣᠭᠤᠮᠲᠠ ᠶᠢᠨ ᠠᠶᠠᠨᠴᠢᠳ ᠤᠨ ᠲᠤᠭ᠎ᠠ ᠦᠷᠭᠦᠯᠵᠢᠯᠡᠨ ᠲᠦᠷᠭᠡᠨ ᠨᠡᠮᠡᠭᠳᠡᠵᠦ ᠪᠠᠶᠢᠭ᠎ᠠ ᠪᠠᠶᠢᠳᠠᠯ ᠤᠨ ᠡᠮᠦᠨ᠎ᠡ᠂ | ᠡᠷᠢᠶᠡᠨ ᠤ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ︽ᠪᠠᠭᠤᠯᠭᠠᠬᠤ ᠬᠠᠮᠢᠶᠠᠷᠬᠤ | ᠦᠶ᠋ᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠦᠢᠯᠡᠴᠢᠯᠡᠭᠡᠨ ᠤ ᠵᠠᠭᠪᠤᠷ ᠲᠤ ᠲᠠᠰᠤᠷᠠᠯᠲᠠ ᠥᠬᠡᠶ | ᠰᠢᠨ᠎ᠡ ᠶᠢ ᠡᠭᠦᠳᠴᠦ᠂ ᠴᠠᠭᠳᠠᠭᠠᠨ ᠤ ᠬᠦᠴᠦᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠪᠡ᠃ ︽ᠨᠢᠭᠡ ᠪᠦᠰᠡ | ᠨᠢᠭᠡ ᠵᠠᠮ︾ ᠤᠨ ᠲᠤᠰᠬᠠᠢ ᠨᠡᠪᠲᠡᠷᠡᠬᠦ ᠵᠠᠮ ᠭᠠᠷᠭᠠᠬᠤ᠂ ᠤᠷᠢᠳᠴᠢᠯᠠᠨ ᠪᠣᠯᠵᠣᠵᠤ ᠪᠣᠭᠤᠮᠲᠠ ᠪᠠᠷ ᠥᠩᠭᠡᠷᠡᠭᠦᠯᠬᠦ᠂ | ᠵᠢᠭᠤᠯᠴᠢᠯᠠᠯ ᠤᠨ ᠪᠦᠯᠬᠦᠮ ᠢ ᠲᠥᠪᠯᠡᠷᠡᠭᠦᠯᠦᠨ ᠰᠢᠯᠭᠠᠨ ᠪᠠᠶᠢᠴᠠᠭᠠᠵᠤ ᠥᠩᠭᠡᠷᠡᠭᠦᠯᠬᠦ᠂ ᠬᠢᠯᠢ ᠠᠯᠤᠰᠯᠠᠭᠰᠠᠨ | ᠠᠪᠤᠷᠠᠨ ᠲᠤᠰᠠᠯᠠᠯᠲᠠ ᠥᠷᠨᠢᠭᠦᠯᠬᠦ ᠵᠡᠷᠭᠡ ᠳᠥᠭᠦᠮᠴᠢᠯᠡᠭᠰᠡᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠵᠢᠴᠢ ︽ᠬᠢᠯᠢ ᠶᠢᠨ | ᠪᠠᠶᠢᠴᠠᠭᠠᠯᠲᠠ ᠬᠢᠵᠦ ᠨᠡᠪᠲᠡᠷᠡᠭᠦᠯᠬᠦ︾ ᠳᠠᠩᠰᠠᠯᠠᠭᠤᠯᠤᠨ ᠳᠠᠩᠰᠠᠯᠠᠭᠤᠯᠬᠤ ᠤᠷᠢᠳᠴᠢᠯᠠᠨ ᠪᠣᠯᠵᠣᠬᠤ | ᠦᠢᠯᠡᠴᠢᠯᠡᠭᠡᠨ ᠤ ᠲᠠᠪᠴᠠᠩ ᠢ ᠰᠢᠨ᠎ᠡ ᠪᠠᠷ ᠡᠭᠦᠳᠦᠨ ᠨᠡᠭᠡᠭᠡᠵᠦ ᠬᠡᠷᠡᠭᠯᠡᠬᠦ᠂ ᠪᠣᠭᠤᠮᠲᠠ ᠶᠢᠨ ᠣᠷᠭᠢᠯ ᠤᠨ | ᠬᠤᠭᠤᠴᠠᠭᠠᠨ ᠳᠠᠬᠢ ᠪᠣᠭᠤᠮᠲᠠ ᠪᠠᠷ ᠥᠩᠭᠡᠷᠡᠬᠦ ᠲᠤᠭ᠎ᠠ ᠪᠠᠷᠢᠮᠲᠠ ᠪᠠ ᠵᠢᠮ᠎ᠡ ᠶᠣᠰᠣᠨ ᠤ ᠣᠨᠴᠠᠯᠢᠭ ᠲᠠᠢ | ᠤᠶᠠᠯᠳᠤᠭᠤᠯᠤᠨ᠂ ︽ᠬᠤᠶᠠᠷ ᠢ ᠨᠡᠶᠢᠲᠡᠯᠡᠵᠦ ᠨᠢᠭᠡ ᠰᠠᠨᠠᠭᠤᠯᠬᠤ︾ ᠤᠷᠢᠳᠴᠢᠯᠠᠨ ᠮᠡᠳᠡᠭᠳᠡᠬᠦ ᠦᠢᠯᠡᠴᠢᠯᠡᠭᠡ ᠶᠢ | ᠠᠬᠢᠭᠤᠯᠵᠤ᠂ ︽ᠤᠷᠢᠳᠴᠢᠯᠠᠨ ᠮᠡᠳᠡᠭᠡᠯᠡᠵᠦ ᠤᠷᠢᠳᠴᠢᠯᠠᠨ ᠪᠠᠶᠢᠴᠠᠭᠠᠬᠤ᠂ ᠲᠦᠷᠭᠡᠨ ᠨᠡᠪᠲᠡᠷᠡᠯᠴᠡᠭᠦᠯᠬᠦ︾ | ᠪᠠᠶᠢᠴᠠᠭᠠᠨ ᠰᠢᠯᠭᠠᠬᠤ ᠵᠠᠭᠪᠤᠷ ᠢ ᠪᠣᠶ ᠪᠣᠯᠭᠠᠵᠤ᠂ ᠠᠶᠠᠨᠴᠢᠳ ᠢ ᠬᠥᠲᠥᠯᠦᠨ ᠵᠢᠯᠣᠭᠤᠳᠴᠤ ᠪᠠᠶᠢᠭᠠᠳ ᠠᠶᠠᠨ | ᠵᠠᠮ ᠢ ᠨᠢ ᠵᠦᠶ ᠵᠣᠬᠢᠰᠲᠠᠶ ᠳᠣᠭᠢᠷᠠᠭᠤᠯᠤᠨ᠂ ᠣᠷᠭᠢᠯ ᠦᠶ᠎ᠡ ᠶᠢ ᠵᠥᠷᠢᠭᠦᠯᠦᠨ ᠨᠡᠪᠲᠡᠷᠡᠭᠦᠯᠵᠦ᠂ ᠬᠢᠯᠢ ᠪᠠᠷ ᠣᠷᠣᠵᠤ | ᠭᠠᠷᠬᠤ ᠠᠶᠠᠨᠴᠢᠳ ᠤᠨ ᠪᠣᠭᠤᠮᠲᠠ ᠪᠠᠷ ᠥᠩᠭᠡᠷᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠪᠣᠯᠭᠠᠪᠠ᠃ |