| | ︽ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠦᠷᠦ ᠶᠢᠨ ᠶᠠᠪᠤᠳᠠᠯ ᠤᠨ | ᠬᠤᠷᠢᠶ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠠᠷᠠᠳ ᠤᠨ ᠳᠡᠭᠡᠳᠦ ᠰᠢᠭᠦᠬᠦ ᠬᠤᠷᠢᠶ᠎ᠠ ᠠᠷᠠᠳ ᠤᠨ ᠳᠡᠭᠡᠳᠦ | ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠪᠠ ᠲᠥᠪ ᠤᠨ | ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ ᠰᠤᠳᠤᠯᠤᠭᠰᠠᠨ ᠶᠡᠷᠦᠩᠬᠡᠢ ᠪᠠᠶᠢᠳᠠᠯ ᠤᠨ | ᠮᠡᠳᠡᠭᠦᠯᠦᠯᠲᠡ︾ ︽ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠰᠠᠨᠠᠯ︾ ᠢ ᠬᠢᠨᠠᠨ ᠵᠥᠪᠯᠡᠵᠡᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ | ᠡᠷᠭᠢᠯᠡᠵᠡᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 1 ᠰᠠᠷ᠎ᠠ ᠶᠢᠨ 20 ᠤ ᠡᠳᠦᠷ ᠬᠤᠷᠠᠯ | ᠬᠤᠷᠠᠯᠳᠤᠭᠤᠯᠵᠤ᠂ ︽ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ | ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ | ᠮᠡᠳᠡᠭᠦᠯᠦᠯᠲᠡ ᠪᠠ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ ᠰᠤᠳᠤᠯᠤᠭᠰᠠᠨ | ᠶᠡᠷᠦᠩᠬᠡᠢ ᠪᠠᠶᠢᠳᠠᠯ ᠤᠨ ᠮᠡᠳᠡᠭᠦᠯᠦᠯᠲᠡ︾᠂ ︽ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ | ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠰᠠᠨᠠᠯ︾ ᠢ ᠬᠢᠨᠠᠨ ᠵᠥᠪᠯᠡᠵᠡᠢ᠃ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ᠃ | ᠬᠤᠷᠠᠯ ᠠᠴᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ | ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠪᠣᠯᠣᠨ ᠲᠥᠪ ᠤᠨ | ᠱᠦᠵᠢ ᠨᠠᠷ ᠤᠨ ᠭᠠᠵᠠᠷ ᠤᠨ 2024 ᠣᠨ ᠤ ᠠᠵᠢᠯ ᠢ ᠭᠦᠢᠴᠡᠳ ᠨᠤᠲᠠᠯᠠᠵᠤ᠂ 2025 ᠣᠨ ᠤ ᠠᠵᠢᠯ ᠤᠨ | ᠲᠣᠬᠢᠷᠠᠭᠤᠯᠤᠯᠲᠠ ᠶᠢ ᠨᠢ ᠵᠥᠪᠰᠢᠶᠡᠷᠡᠪᠡ᠃ ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ 5 ᠨᠠᠮ ᠤᠨ ᠤᠳᠤᠷᠢᠳᠬᠤ | ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ | ᠲᠤᠰᠢᠶᠠᠯ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠲᠤᠰ | ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ | ᠪᠦᠭᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠪᠡ᠃ ᠲᠥᠪ ᠤᠨ ᠱᠦᠵᠢ ᠨᠠᠷ ᠤᠨ ᠭᠠᠵᠠᠷ ᠨᠢ ᠨᠠᠮ ᠤᠨ | ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ | ᠢᠳᠡᠪᠬᠢᠲᠡᠢ ᠠᠵᠢᠯᠯᠠᠵᠤ᠂ ᠨᠠᠮ ᠤᠨ ᠲᠥᠪ ᠬᠤᠷᠢᠶ᠎ᠠ ᠶᠢᠨ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ | ᠪᠠᠶᠢᠭᠤᠯᠤᠯᠲᠠ ᠶᠢ ᠴᠢᠩᠭᠠᠳᠬᠠᠬᠤ᠂ ᠤᠯᠠᠨ ᠲᠦᠮᠡᠨᠴᠢ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠠ | ᠥᠭᠡᠷᠡᠴᠢᠯᠡᠯᠲᠡ ᠶᠢ ᠵᠢᠯᠤᠭᠤᠳᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠡᠢ ᠭᠡᠵᠦ ᠦᠵᠡᠪᠡ᠃ | ᠬᠤᠷᠠᠯ ᠠᠴᠠ᠂ ᠰᠢᠨ᠎ᠡ ᠨᠢᠭᠡ ᠵᠢᠯ ᠳᠤ᠂ 5 ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠵᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠭᠡᠬᠦ ᠡᠨᠡ ᠬᠦ | ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠢ ᠪᠠᠷᠢᠮᠲᠠᠯᠠᠵᠤ᠂ ᠦᠵᠡᠯ ᠰᠠᠨᠠᠭ᠎ᠠ ᠪᠠᠨ ᠨᠢᠭᠡᠳᠬᠡᠬᠦ᠂ ᠴᠢᠭᠯᠡᠯ ᠢᠶᠠᠨ | ᠨᠢᠭᠡᠳᠬᠡᠬᠦ᠂ ᠵᠠᠷᠯᠢᠭ ᠴᠠᠭᠠᠵᠠ ᠶᠢ ᠳᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠵᠥᠪ ᠠᠵᠢᠯ ᠤᠨ ᠠᠮᠵᠢᠯᠲᠠ | ᠪᠦᠲᠦᠮᠵᠢ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠠᠵᠢᠯ ᠬᠢᠬᠦ ᠶᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠵᠤ᠂ ᠡᠷᠡᠮᠡᠬᠡᠶᠢᠯᠡᠨ ᠤᠷᠤᠭᠰᠢᠯᠠᠵᠤ᠂ ᠴᠢᠳᠠᠮᠠᠭᠠᠢ ᠬᠢᠵᠦ ᠴᠢᠳᠠᠮᠠᠭᠠᠢ ᠠᠵᠢᠯᠯᠠᠵᠤ᠂ ᠬᠦᠴᠦ ᠪᠠᠨ ᠬᠠᠮᠲᠤᠳᠬᠠᠨ | ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ | ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ | ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠲᠥᠪ ᠤᠨ ᠱᠦᠵᠢ ᠨᠠᠷ ᠤᠨ | ᠭᠠᠵᠠᠷ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠤᠯᠤᠰ ᠲᠦᠷᠦ ᠶᠢᠨ ᠴᠢᠳᠠᠪᠤᠷᠢ ᠪᠠᠨ | ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠤᠨ ᠲᠥᠪ ᠬᠤᠷᠢᠶ᠎ᠠ ᠶᠢᠨ ᠲᠤᠰᠢᠶᠠᠭᠰᠠᠨ ᠡᠯ᠎ᠡ ᠵᠦᠢᠯ ᠤᠨ ᠡᠭᠦᠷᠭᠡ ᠶᠢ ᠴᠢᠨᠠᠷ | ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ | ᠬᠥᠭᠵᠢᠯᠲᠡ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠣᠯᠣᠨ ᠥᠨᠢᠳᠡ ᠶᠢᠨ | ᠬᠥᠭᠵᠢᠯᠲᠡ ᠲᠠᠢ ᠬᠤᠯᠪᠣᠭᠳᠠᠬᠤ ᠮᠢᠩᠭᠠᠨ ᠣᠨ ᠤ ᠠᠤᠭ᠎ᠠ ᠪᠣᠳᠣᠯᠭ᠎ᠠ ᠮᠥᠨ᠂ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ | ᠪᠣᠳᠣᠯᠭ᠎ᠠ ᠶᠢᠨ ᠵᠣᠷᠢᠯᠲᠠ ᠶᠢ ᠭᠦᠨᠵᠡᠭᠡᠢ ᠣᠶᠢᠯᠠᠭᠠᠵᠤ᠂ ᠬᠠᠮᠠᠭᠠᠯᠠᠬᠤ ᠶᠢ ᠴᠢᠬᠤᠯᠠᠴᠢᠯᠠᠬᠤ᠂ ᠵᠠᠰᠠᠯᠲᠠ ᠪᠠᠷ ᠭᠤᠣᠯᠳᠠᠯᠭ᠎ᠠ | ᠪᠤᠯᠭᠠᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠤ᠂ ᠬᠠᠲᠤᠨ ᠭᠤᠣᠯ ᠤᠨ ᠬᠠᠮᠠᠭᠠᠯᠠᠯᠲᠠ ᠶᠢᠨ | ᠬᠠᠤᠯᠢ ᠶᠢ ᠪᠦᠭᠦ ᠲᠠᠯ᠎ᠠ ᠪᠠᠷ ᠬᠡᠷᠡᠭᠵᠢᠭᠦᠯᠬᠦ ᠶᠢ ᠠᠬᠢᠭᠤᠯᠵᠤ᠂ ᠪᠠᠶᠢᠭᠠᠯᠢ ᠶᠢᠨ ᠵᠢᠮ᠎ᠡ ᠶᠣᠰᠣ ᠶᠢ ᠭᠦᠨᠳᠦᠳᠭᠡᠵᠦ᠂ ᠤᠰᠤ | ᠬᠢᠭᠡᠳ ᠬᠥᠮᠥᠨ ᠠᠮᠠ᠂ ᠠᠮᠤ ᠪᠤᠳᠠᠭ᠎ᠠ᠂ ᠡᠨᠧᠷᠭᠢ ᠶᠢᠨ ᠬᠠᠷᠢᠴᠠᠭ᠎ᠠ ᠶᠢ ᠭᠤᠣᠯᠳᠠᠯᠭ᠎ᠠ ᠲᠠᠢ ᠰᠠᠶᠢᠲᠤᠷ ᠰᠢᠢᠳᠪᠦᠷᠢᠯᠡᠵᠦ᠂ | ᠬᠥᠭᠵᠢᠯᠲᠡ ᠶᠢᠨ ᠭᠡᠯᠪᠡᠷᠢ ᠶᠢ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠶᠡᠭᠡ ᠬᠠᠮᠠᠭᠠᠯᠠᠯᠲᠠ ᠶᠡᠭᠡ | ᠬᠠᠮᠵᠢᠯᠴᠠᠭ᠎ᠠ ᠶᠢᠨ ᠪᠠᠶᠢᠷᠢᠰᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠳᠡᠭᠡᠷ᠎ᠡ ᠤᠷᠤᠰᠬᠠᠯ ᠤᠨ ᠤᠰᠤᠨ ᠤ ᠡᠬᠢ | ᠰᠤᠷᠪᠤᠯᠵᠢ ᠶᠢ ᠬᠠᠳᠠᠭᠠᠯᠠᠬᠤ ᠠᠷᠴᠢᠯᠠᠬᠤ ᠴᠢᠳᠠᠪᠤᠷᠢ ᠶᠢ ᠰᠢᠰᠲ᠋ᠧᠮ ᠲᠠᠢ ᠳᠡᠭᠡᠭᠰᠢᠯᠡᠭᠦᠯᠵᠦ᠂ ᠳᠤᠮᠳᠠ ᠤᠷᠤᠰᠬᠠᠯ ᠤᠨ | ᠬᠥᠷᠥᠰᠥ ᠰᠢᠷᠣᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠳᠣᠣᠷ᠎ᠠ ᠤᠷᠤᠰᠬᠠᠯ ᠤᠨ ᠨᠤᠭᠤ ᠭᠠᠵᠠᠷ ᠤᠨ ᠬᠠᠮᠠᠭᠠᠯᠠᠯᠲᠠ ᠪᠠ | ᠠᠮᠢ ᠠᠬᠤᠢ ᠶᠢᠨ ᠵᠠᠰᠠᠯᠲᠠ ᠶᠢ ᠠᠬᠢᠭᠤᠯᠬᠤ ᠬᠡᠷᠡᠭᠲᠡᠢ᠃ ᠤᠰᠤᠨ ᠤ ᠡᠬᠢ ᠪᠠᠶᠠᠯᠢᠭ ᠢ ᠬᠠᠮᠤᠭ ᠤᠨ ᠴᠢᠩᠭ᠎ᠠ ᠬᠢᠵᠠᠭᠠᠷᠯᠠᠯ | ᠪᠤᠯᠭᠠᠵᠤ᠂ ᠤᠰᠤ ᠠᠷᠪᠢᠯᠠᠬᠤ ᠳᠠᠯᠳᠠ ᠬᠦᠴᠦᠨ ᠢ ᠭᠦᠨ ᠠᠭᠤᠳᠠᠯᠬᠤ ᠬᠡᠷᠡᠭᠲᠡᠢ᠃ ᠬᠠᠲᠤᠨ ᠭᠤᠣᠯ ᠤᠨ ᠡᠭᠦᠷᠢᠳᠡ | ᠨᠣᠮᠣᠬᠠᠨ ᠳᠥᠯᠭᠡᠨ ᠪᠠᠶᠢᠬᠤ ᠶᠢ ᠥᠴᠥᠬᠡᠨ ᠴᠦ ᠰᠤᠯᠠᠷᠠᠭᠤᠯᠤᠯ ᠦᠭᠡᠢ ᠪᠠᠲᠤᠯᠠᠵᠤ᠂ ᠴᠢᠬᠤᠯᠠ ᠬᠠᠰᠢᠯᠭ᠎ᠠ ᠴᠥᠭᠦᠷᠥᠮ | ᠪᠣᠯᠣᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠳᠤᠮᠳᠠ | ᠣᠷᠣᠨ ᠢ ᠬᠥᠭᠵᠢᠭᠦᠯᠦᠨ ᠮᠠᠨᠳᠤᠭᠤᠯᠬᠤ ᠵᠡᠷᠭᠡ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ | ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠬᠤ | ᠬᠡᠷᠡᠭᠲᠡᠢ᠃ ᠬᠠᠲᠤᠨ ᠭᠤᠣᠯ ᠤᠨ ᠰᠣᠶᠣᠯ ᠢ ᠬᠠᠮᠠᠭᠠᠯᠠᠨ ᠤᠯᠠᠮᠵᠢᠯᠠᠨ ᠪᠠᠳᠠᠷᠠᠭᠤᠯᠵᠤ᠂ ᠰᠣᠶᠣᠯ ᠤᠨ ᠥᠪ ᠤᠨ ᠪᠦᠬᠦᠯᠢ | ᠴᠣᠭᠴᠠ ᠶᠢᠨ ᠴᠢᠨᠠᠷᠲᠠᠢ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ ᠴᠢᠩᠭᠠᠳᠬᠠᠵᠤ᠂ ᠲᠡᠦᠬᠡ ᠰᠣᠶᠣᠯ ᠤᠨ ᠭᠤᠯᠣᠮᠲᠠ | ᠪᠣᠯᠣᠨ ᠦᠨᠳᠦᠰᠦᠲᠡᠨ ᠤ ᠤᠭ ᠢᠵᠠᠭᠤᠷ ᠢ ᠤᠯᠠᠮᠵᠢᠯᠠᠨ ᠵᠠᠯᠭᠠᠮᠵᠢᠯᠠᠵᠤ᠂ ᠰᠣᠶᠣᠯ ᠪᠣᠯᠣᠨ ᠵᠢᠭᠤᠯᠴᠢᠯᠠᠯ ᠤᠨ | ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠤᠳᠤᠷᠢᠳᠬᠤ ᠳᠤᠭᠤᠶᠢᠯᠠᠩ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ | ᠵᠢᠯᠤᠭᠤᠳᠬᠤ ᠪᠠᠨ ᠴᠢᠩᠭᠠᠳᠬᠠᠵᠤ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠬᠠᠲᠤᠨ ᠭᠤᠣᠯ ᠳᠠᠭᠠᠤ ᠶᠢᠨ ᠮᠤᠵᠢ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ | ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠭᠤᠣᠯᠳᠠᠯᠭ᠎ᠠ ᠲᠠᠢ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠴᠢᠬᠤᠯᠠ ᠶᠡᠭᠡ ᠥᠭᠡᠷᠡᠴᠢᠯᠡᠯᠲᠡ ᠶᠢᠨ ᠵᠦᠢᠯᠡᠰ ᠢ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |