| ᠴᠠᠭᠠᠨ ᠰᠠᠷ᠎ᠠ ᠣᠶᠢᠷᠠᠳᠴᠤ᠂ ᠮᠠᠨ ᠤ ᠬᠤᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠤᠨ ᠲᠣᠭᠤᠷᠢᠨ ᠳᠤ᠂ ᠤᠷᠠᠨ ᠰᠠᠶᠢᠬᠠᠨ ᠤ ᠦᠳᠡᠰᠢᠯᠡᠭᠡ᠂ | ᠴᠠᠭᠠᠨ ᠰᠠᠷ᠎ᠠ ᠶᠢ ᠤᠭᠲᠤᠬᠤ ᠠᠵᠢᠯᠯᠠᠭ᠎ᠠ ᠵᠡᠷᠭᠡ ᠣᠯᠠᠨ ᠲᠦᠮᠡᠨᠴᠢ ᠴᠢᠨᠠᠷᠲᠠᠶ ᠤᠳᠬ᠎ᠠ ᠤᠷᠠᠯᠢᠭ ᠤᠨ ᠠᠵᠢᠯᠯᠠᠭ᠎ᠠ | ᠥᠷᠨᠢᠭᠦᠯᠬᠦ ᠪᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ | ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ | ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠪᠠ᠃ | | ᠬᠤᠲᠠ ᠶᠢᠨ ᠭᠡᠷᠡᠯᠳᠦᠠᠣᠳᠦ ᠰᠤᠮᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ | ᠳᠠᠭᠠᠬᠤ︾ 2025 ᠣᠨ ᠤ ︽ᠭᠤᠪᠢ ᠶᠢᠨ ᠬᠠᠪᠤᠷ︾ ᠮᠠᠯᠴᠢᠨ ᠲᠠᠷᠢᠶᠠᠴᠢᠨ ᠤ ᠴᠠᠭᠠᠨ ᠰᠠᠷ᠎ᠠ ᠶᠢᠨ ᠤᠷᠠᠨ ᠰᠠᠶᠢᠬᠠᠨ ᠤ | ᠦᠳᠡᠰᠢᠯᠡᠭᠡ ᠡᠷᠭᠢᠯᠡᠵᠦ᠂ ᠪᠠᠶᠠᠷ ᠬᠥᠷ ᠲᠠᠢ ᠪᠥᠵᠢᠭ᠂ ᠢᠷᠠᠭᠤ ᠰᠠᠶᠢᠬᠠᠨ ᠳᠠᠭᠤᠤ ᠬᠥᠭᠵᠢᠮ ᠢᠶᠠᠷ ᠨᠠᠮ ᠤᠨ ᠬᠠᠶᠢᠷ᠎ᠠ ᠪᠠ | ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠶᠢᠯᠪᠤᠷᠢᠯᠠᠵᠤ ᠪᠠᠶᠢᠨ᠎ᠠ᠃ | ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠬᠤᠲᠠ ᠶᠢᠨ ᠬᠠᠮ ᠵᠠᠭᠤᠴᠢᠯᠠᠭᠤᠷ ᠤᠨ ᠲᠥᠪ | ᠂ ᠪᠠᠷᠠᠭᠤᠨ ᠬᠤᠲᠠ ᠨᠡᠶᠢᠭᠡᠮ ᠲᠣᠭᠤᠷᠢᠭ᠂ ᠤᠯᠠᠭᠠᠨ ᠨᠡᠶᠢᠭᠡᠮ ᠲᠣᠭᠤᠷᠢᠭ᠂ ᠭᠡᠷᠡᠯᠳᠦᠠᠣᠳᠦ ᠰᠤᠮᠤ ᠬᠠᠮᠲᠤᠷᠠᠨ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠨᠠᠮ ᠤᠨ | ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠨ᠎ᠠ - ᠤᠷᠠᠯᠢᠭ ᠤᠨ ᠨᠠᠶᠢᠷ ᠤᠨ ᠠᠶᠠᠰ ᠬᠥᠭᠵᠢᠨ | ᠮᠠᠨᠳᠤᠬᠤ · ᠭᠡᠷᠡᠯ ᠰᠠᠴᠤᠷᠠᠩᠭᠤᠶ ᠴᠠᠭ ᠦᠶ᠎ᠡ ᠶᠢᠨ ᠭᠢᠯᠪᠠᠭ᠎ᠠ︾ ᠤᠷᠠᠨ ᠰᠠᠶᠢᠬᠠᠨ ᠤ ᠲᠣᠭᠯᠠᠯᠲᠠ ᠭᠠᠷᠭᠠᠪᠠ᠃ ᠢᠷᠠᠭᠤ | ᠰᠠᠶᠢᠬᠠᠨ ᠠᠶᠠᠰ᠂ ᠪᠠᠶᠠᠷ ᠪᠠᠶᠠᠰᠬᠤᠯᠠᠩᠲᠤ ᠬᠥᠭ ᠠᠶᠠᠰ ᠨᠢ ᠪᠣᠭᠤᠮᠲᠠ ᠶᠢᠨ ᠣᠯᠠᠨ ᠲᠦᠮᠡᠨ ᠤ ᠴᠢᠩ ᠦᠨᠡᠨᠴᠢ | ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ | ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠲᠣᠪᠴᠢᠶ᠎ᠠ | ᠂ ᠡᠪᠯᠡᠯ ᠤᠨ ᠬᠤᠲᠠ ᠶᠢᠨ ᠬᠤᠷᠢᠶ᠎ᠠ᠂ ᠬᠤᠶᠠᠳᠤᠭᠠᠷ ᠪᠠᠭ᠎ᠠ ᠰᠤᠷᠭᠠᠭᠤᠯᠢ ᠬᠠᠮᠲᠤᠷᠠᠨ ︽ᠳᠠᠭᠤᠤ ᠬᠥᠭᠵᠢᠮ ᠤᠨ ᠳᠤᠮᠳᠠᠬᠢ | ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠦᠢᠯᠡᠳᠦᠯᠭᠡ ᠶᠢᠨ ᠦᠵᠡᠭᠦᠯᠦᠯᠭᠡ ᠶᠢᠨ ᠠᠵᠢᠯᠯᠠᠭ᠎ᠠ ᠶᠢ ᠡᠷᠭᠢᠯᠡᠪᠡ᠃ | ᠲᠣᠰ ᠤᠳᠠᠭᠠᠨ ᠤ ᠦᠵᠡᠭᠦᠯᠦᠯᠭᠡ ᠶᠢᠨ ᠲᠣᠭᠯᠠᠯᠲᠠ ᠶᠢ ᠳᠥᠷᠪᠡᠨ ᠭᠡᠵᠦ ᠬᠤᠪᠢᠶᠠᠪᠠ᠃ ᠰᠣᠩᠭᠤᠳᠠᠭ ᠬᠦᠭ ᠠᠶᠠᠰ ᠨᠢ | ᠤᠯᠠᠨ ᠢ ᠳᠠᠭᠠᠭᠤᠯᠤᠨ ᠠᠬᠠᠮᠠᠳ ᠦᠶ᠎ᠡ ᠶᠢᠨ ᠬᠢᠨ ᠤ ᠡᠷᠡᠯᠬᠡᠭ ᠪᠠᠭᠠᠲᠤᠷᠯᠢᠭ ᠪᠠ ᠢᠲᠡᠭᠡᠯ ᠵᠣᠷᠢᠭ ᠢᠶᠠᠨ ᠪᠠᠲᠤᠳᠬᠠᠬᠤ ᠪᠠ | ᠡᠬᠡ ᠤᠯᠤᠰ ᠤᠨ ᠰᠠᠶᠢᠨ ᠰᠠᠶᠢᠬᠠᠨ ᠢᠷᠡᠭᠡᠳᠦᠢ ᠶᠢᠨ ᠲᠤᠬᠠᠢ ᠬᠦᠰᠡᠯ ᠡᠷᠡᠮᠡᠯᠵᠡᠯ ᠢ ᠭᠦᠨᠵᠡᠭᠡᠢ ᠣᠶᠢᠯᠠᠭᠠᠪᠠ᠃ | ᠬᠤᠲᠠ ᠶᠢᠨ ᠬᠥᠬᠡ ᠨᠡᠶᠢᠭᠡᠮ ᠲᠣᠭᠤᠷᠢᠭ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ | ᠨᠠᠮ ᠢᠶᠠᠨ ᠳᠠᠭᠠᠬᠤ︾ ᠰᠢᠨ᠎ᠡ ᠴᠠᠭ ᠦᠶ᠎ᠡ ᠶᠢᠨ ᠪᠣᠯᠪᠠᠰᠤᠨ ᠢ ᠦᠶ᠋ᠯᠡᠳᠦᠯᠭᠡᠵᠢᠭᠦᠯᠬᠦ ᠰᠢᠨ᠎ᠡ ᠵᠢᠯ ᠤᠨ ᠤᠳᠬ᠎ᠠ | ᠤᠷᠠᠯᠢᠭ ᠤᠨ ᠬᠠᠮᠲᠤᠷᠠᠭᠰᠠᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠨᠠᠮ ᠳᠠᠭᠠᠨ ᠲᠠᠯᠠᠷᠬᠠᠬᠤ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠴᠢᠩᠭᠠᠳᠬᠠᠵᠤ᠂ | ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ | ᠴᠠᠭᠠᠨ ᠰᠠᠷ᠎ᠠ ᠶᠢᠨ ᠪᠠᠶᠠᠷ ᠤᠨ ᠬᠤᠭᠤᠴᠠᠭᠠᠨ ᠳᠤ ᠬᠤᠤᠰ ᠤᠶᠠᠩᠭ᠎ᠠ ᠨᠠᠭᠠᠵᠤ᠂ ᠪᠤᠶᠠᠨ ᠡᠯᠬᠦᠬᠦ ᠪᠣᠯ ᠳᠤᠲᠠᠭᠳᠠᠵᠤ | ᠪᠣᠯᠤᠰᠢ ᠦᠭᠡᠢ ᠶᠣᠰᠣᠯᠠᠯ ᠤᠨ ᠲᠥᠷᠥᠭᠳᠡᠯ ᠪᠣᠯᠤᠨ᠎ᠠ᠃ ᠴᠠᠭᠠᠨ ᠰᠠᠷ᠎ᠠ ᠡᠳᠦᠷ ᠢᠷᠡᠬᠦᠶ᠎ᠡ ᠣᠢᠷᠠᠳᠬᠤ ᠶᠢ ᠳᠠᠭᠠᠯᠳᠤᠨ᠂ | ᠬᠤᠲᠠ ᠶᠢᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠱᠢᠨ ᠤ ᠠᠯᠪᠠᠨ ᠭᠡᠷ ᠳ᠋ᠦᠩ ᠴᠧᠩ ᠨᠡᠢᠭᠡᠮ ᠲᠣᠭᠤᠷᠢᠭ ᠲᠠᠢ | ᠬᠠᠮᠲᠤᠷᠠᠨ ︽ᠴᠠᠭᠠᠨ ᠰᠠᠷ᠎ᠠ ᠶᠢ ᠤᠭᠲᠤᠵᠤ ᠢᠷᠦᠭᠡᠯ ᠵᠥᠩᠨᠡᠯ ᠢᠶᠠᠨ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ | ᠥᠷᠨᠢᠭᠦᠯᠵᠦ᠂ ᠵᠢᠯ ᠤᠨ ᠦᠨᠦᠷ ᠠᠮᠲᠠ ᠪᠠ ᠰᠠᠢᠨ ᠰᠠᠢᠬᠠᠨ ᠢᠷᠦᠭᠡᠯ ᠵᠥᠩᠨᠡᠯ ᠢ ᠣᠯᠠᠨ ᠲᠦᠮᠡᠨ ᠤ ᠳᠡᠷᠭᠡᠳᠡ ᠬᠦᠷᠭᠡᠪᠡ᠃ | | ᠡᠭᠦᠨ ᠤ ᠬᠠᠮᠲᠤ᠂ ᠪᠥᠬᠦ ᠬᠤᠲᠠ ᠶᠢᠨ ᠪᠤᠰᠤᠳ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ ᠪᠠᠰᠠ ︽ᠬᠡᠷ ᠤᠨ | ᠰᠤᠷᠭᠠᠯ ᠰᠡᠳᠬᠢᠯ ᠲᠠᠭᠠᠯᠠᠮᠵᠢᠲᠠᠶ᠂ ᠦᠰᠦᠨ ᠪᠤᠶᠢᠵᠢᠵᠤ ᠬᠠᠮᠲᠤ ᠪᠠᠷ ᠤᠷᠤᠭᠰᠢᠯᠠᠬᠤ︾᠂ ᠳᠡᠪᠦᠷ᠎ᠡ ᠲᠠᠯᠪᠢᠬᠤ | ᠤᠷᠤᠯᠳᠤᠭᠠᠨ᠂ ᠳᠤᠷ᠎ᠠ ᠰᠣᠨᠢᠷᠬᠠᠯᠲᠤ ᠬᠥᠯ ᠤᠨ ᠤᠷᠤᠯᠳᠤᠭᠠᠨ ᠵᠡᠷᠭᠡ ᠰᠢᠨ᠎ᠡ ᠵᠢᠯ ᠢ ᠤᠭᠲᠤᠬᠤ ᠠᠵᠢᠯᠯᠠᠭ᠎ᠠ ᠥᠷᠨᠢᠭᠦᠯᠵᠦ | ᠂ ᠴᠠᠭᠠᠨ ᠰᠠᠷ᠎ᠠ ᠶᠢᠨ ᠪᠠᠶᠠᠷ ᠢ ᠬᠠᠮᠲᠤ ᠪᠠᠷ ᠪᠡᠯᠭᠡᠯᠡᠪᠡ᠃ |