| | ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ 1 ᠰᠠᠷ᠎ᠠ ᠶᠢᠨ 22 ᠤᠨ ᠡᠳᠦᠷ᠂ ᠬᠤᠳᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠮᠠ ᠬᠠᠢ ᠲᠤᠤ ᠤᠯᠤᠰ ᠲᠦᠷᠦ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠨᠠᠷᠠᠰᠤ ᠠᠩᠬᠢ ᠪᠠᠨ ᠳᠠᠭᠠᠭᠤᠯᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠠᠵᠢᠯ ᠠᠴᠠ ᠪᠠᠨ | ᠠᠮᠠᠷᠠᠭᠰᠠᠨ ᠠᠬᠠᠮᠠᠳ ᠺᠠᠳ᠋ᠷ᠂ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠭᠰᠠᠨ ᠠᠬᠠᠮᠠᠳ ᠪᠠᠶᠢᠯᠳᠤᠭᠴᠢ᠂ | ᠠᠬᠠᠮᠠᠳ ᠨᠠᠮ ᠤᠨ ᠭᠡᠰᠢᠭᠦᠨ ᠵᠡᠷᠭᠡ ᠶᠢ ᠲᠣᠬᠤᠨᠢᠭᠤᠯᠵᠤ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ | ᠬᠠᠶᠢᠷ᠎ᠠ ᠬᠠᠯᠠᠮᠵᠢ ᠶᠢ ᠬᠦᠷᠭᠡᠪᠡ᠃ | ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ᠂ ᠮᠠ ᠬᠠᠢ ᠲᠤᠤ ᠰᠤᠷᠤᠯᠴᠠᠬᠤ ᠲᠠᠰᠤᠭ᠂ | ᠠᠵᠢᠯᠯᠠᠬᠤ ᠲᠣᠭᠤᠷᠢᠭ᠂ ᠲᠣᠭᠤᠭᠠᠨ ᠭᠡᠷ ᠵᠡᠷᠭᠡ ᠭᠠᠵᠠᠷ ᠲᠤ ᠬᠦᠷᠴᠦ᠂ ᠤᠯᠠᠨ ᠲᠠᠢ ᠰᠠᠨᠠᠯ ᠢᠶᠠᠨ ᠭᠦᠨᠵᠡᠭᠡᠢ | ᠰᠣᠯᠢᠯᠴᠠᠵᠤ᠂ ᠲᠡᠳᠡᠨ ᠤ ᠰᠤᠷᠤᠯᠴᠠᠯᠭ᠎ᠠ ᠠᠵᠢᠯ᠂ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠬᠤᠳᠠ ᠶᠢᠨ | ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠷᠳᠤ ᠬᠤᠭᠤᠴᠠᠭᠠᠨ ᠤ ᠲᠤᠷᠰᠢ ᠪᠣᠭᠤᠮᠲᠠ ᠶᠢᠨ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ | ᠣᠶᠢᠷ᠎ᠠ ᠶᠢᠨ ᠵᠢᠯ ᠳᠤ᠂ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠣᠷᠣᠨ ᠨᠤᠲᠤᠭ ᠤᠨ | ᠬᠡᠷᠡᠭᠴᠡᠭᠡ᠂ ᠣᠯᠠᠨ ᠲᠦᠮᠡᠨ ᠤ ᠬᠦᠰᠡᠯ᠂ ᠴᠡᠷᠢᠭ ᠠᠩᠭᠢ ᠶᠢᠨ ᠴᠢᠳᠠᠯ ᠤᠨ ᠲᠣᠭᠤᠷᠢᠨ ᠳᠤ᠂ ᠵᠠᠰᠠᠭ ᠢᠶᠠᠨ | ᠬᠦᠷᠢᠶᠡᠯᠡᠨ ᠠᠷᠠᠳ ᠢᠶᠠᠨ ᠬᠠᠶᠢᠷᠠᠯᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠣᠭᠤᠮᠲᠠ ᠶᠢᠨ ᠡᠯ᠎ᠡ | ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠰᠢᠨ᠎ᠡ ᠨᠢᠭᠡ ᠵᠢᠯ ᠳᠤ | ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠴᠡᠷᠢᠭ ᠡᠯᠰᠡᠬᠦ᠂ ᠡᠷᠦᠬᠡ ᠶᠢᠨ ᠴᠡᠷᠢᠭ ᠤᠨ ᠪᠣᠯᠪᠠᠰᠤᠷᠠᠯ ᠵᠡᠷᠭᠡ | ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠪᠦᠬᠦ ᠬᠤᠳᠠ ᠶᠢᠨ ᠨᠡᠶᠢᠭᠡᠮ ᠤᠨ ᠲᠣᠭᠲᠠᠭᠤᠨ ᠢ ᠬᠠᠮᠲᠤ ᠪᠠᠷ | ᠪᠠᠲᠤᠯᠠᠨ ᠰᠠᠶᠢᠲᠤᠷ ᠬᠠᠮᠠᠭᠠᠯᠠᠬᠤ ᠶᠢ ᠬᠦᠰᠡᠵᠦ ᠪᠠᠶᠢᠨ᠎ᠠ᠃ | | | 94 ᠨᠠᠰᠤᠲᠠᠶ ᠠᠬᠠᠮᠠᠳ ᠨᠠᠮ ᠤᠨ ᠭᠡᠰᠢᠭᠦᠨ ᠰᠦᠨ ᠶᠢᠨ ᠮᠢᠩ ᠪᠣᠯ ᠠᠮᠧᠷᠢᠺᠠ ᠶᠢ ᠡᠰᠡᠷᠭᠦᠴᠡᠨ | ᠰᠣᠯᠣᠩᠭᠤᠰ ᠢ ᠲᠤᠰᠠᠯᠠᠬᠤ ᠳᠠᠶᠢᠨ ᠳᠤ ᠣᠷᠣᠯᠴᠠᠭᠰᠠᠨ ᠠᠬᠠᠮᠠᠳ ᠪᠠᠶᠢᠯᠳᠤᠭᠴᠢ ᠮᠥᠨ᠂ ᠫᠤᠤᠲᠤ ᠰᠤᠮᠤ | ᠪᠣᠷᠣᠭᠠᠨ ᠢ ᠪᠡᠶ᠎ᠡ ᠪᠠᠷ ᠢᠶᠠᠨ ᠥᠩᠭᠡᠷᠡᠭᠦᠯᠦᠭᠰᠡᠨ ᠤᠬᠢᠶᠠᠯ ᠮᠥᠨ᠃ ᠮᠠ ᠬᠠᠢ ᠲᠤᠤ ᠰᠦᠨ ᠶᠢᠨ ᠮᠢᠩ ᠤᠨ ᠭᠡᠷ ᠲᠤ | ᠬᠦᠷᠴᠦ᠂ ᠪᠡᠶ᠎ᠡ ᠶᠢᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠨᠢ ᠬᠠᠯᠠᠮᠵᠢᠯᠠᠨ ᠠᠰᠠᠭᠤᠵᠤ᠂ ᠠᠮᠧᠷᠢᠺᠠ ᠶᠢ | ᠡᠰᠡᠷᠭᠦᠴᠡᠵᠦ ᠰᠣᠯᠣᠩᠭᠤᠰ ᠢ ᠲᠤᠰᠠᠯᠠᠭᠰᠠᠨ ᠪᠠᠭᠠᠲᠤᠷᠴᠤᠳ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ | ᠪᠠᠶᠢᠬᠤ ᠪᠠᠨ ᠢᠯᠡᠳᠬᠡᠵᠦ᠂ ᠲᠡᠳᠡᠨ ᠤ ᠡᠬᠡ ᠤᠯᠤᠰ ᠲᠠᠭᠠᠨ ᠯᠤᠲᠤ ᠶᠡᠭᠡ ᠬᠤᠪᠢ ᠨᠡᠮᠡᠷᠢ ᠦᠵᠡᠭᠦᠯᠦᠭᠰᠡᠨ ᠳᠤ | ᠲᠠᠯᠠᠷᠬᠠᠵᠤ ᠪᠠᠶᠢᠬᠤ ᠪᠠᠨ ᠢᠯᠡᠳᠬᠡᠪᠡ᠃ ᠮᠠ ᠬᠠᠢ ᠲᠤᠤ᠂ ᠠᠬᠠᠮᠠᠳ ᠪᠠᠶᠢᠯᠳᠤᠭᠴᠢ ᠪᠣᠯ ᠨᠠᠮ ᠪᠣᠯᠤᠨ ᠤᠯᠤᠰ ᠤᠨ | ᠡᠷᠬᠢᠮ ᠨᠠᠨᠳᠢᠨ ᠥᠪ ᠬᠦᠷᠦᠩᠭᠡ ᠮᠥᠨ᠂ ᠤᠯᠤᠰ ᠣᠷᠣᠨ ᠪᠣᠯᠤᠨ ᠠᠷᠠᠳ ᠲᠦᠮᠡᠨ ᠤ ᠲᠥᠯᠥᠭᠡ ᠰᠠᠶᠢᠨ ᠰᠠᠶᠢᠬᠠᠨ | ᠵᠠᠯᠠᠭᠤ ᠨᠠᠰᠤ ᠪᠠᠨ ᠵᠣᠷᠢᠭᠤᠯᠵᠤ ᠥᠩᠭᠡᠷᠡᠭᠰᠡᠨ ᠪᠥᠭᠡᠳ ᠪᠠᠰᠠ ᠴᠤ ᠣᠷᠣᠨ ᠨᠤᠲᠤᠭ ᠤᠨ ᠠᠵᠤ ᠠᠬᠤᠢ | ᠨᠡᠶᠢᠭᠡᠮ ᠤᠨ ᠪᠦᠳᠦᠭᠡᠨ ᠪᠠᠶᠢᠭᠤᠯᠤᠯᠲᠠ ᠶᠢᠨ ᠭᠡᠷᠡᠴᠢᠯᠡᠭᠴᠢ ᠪᠠ ᠣᠷᠣᠯᠴᠠᠭᠴᠢ ᠮᠥᠨ᠂ ᠨᠠᠮ ᠪᠣᠯᠤᠨ ᠠᠷᠠᠳ | ᠲᠦᠮᠡᠨ ᠮᠠᠷᠲᠠᠬᠤ ᠦᠭᠡᠢ ᠶᠤᠮ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠯ᠎ᠡ ᠲᠥᠷᠥᠯ ᠤᠨ ᠠᠰᠠᠷᠠᠨ | ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠬᠠᠮᠠᠳ ᠪᠠᠶᠢᠯᠳᠤᠭᠴᠢᠳ ᠤᠨ ᠡᠳᠦᠷ | ᠲᠤᠲᠤᠮ ᠤᠨ ᠠᠮᠢᠳᠤᠷᠠᠯ ᠢ ᠰᠠᠶᠢᠲᠤᠷ ᠬᠠᠯᠠᠮᠵᠢᠯᠠᠨ ᠬᠠᠷᠠᠭᠠᠯᠵᠠᠵᠤ᠂ ᠲᠡᠳᠡᠨ ᠤ ᠥᠲᠡᠯᠦᠭᠡ ᠨᠠᠰᠤ ᠪᠠᠨ ᠠᠮᠤᠷ | ᠵᠢᠷᠭᠠᠯ ᠲᠠᠢ ᠥᠩᠭᠡᠷᠡᠭᠦᠯᠬᠦ ᠬᠡᠷᠡᠭᠲᠡᠶ ᠭᠡᠵᠡᠢ᠃ | ᠮᠠ ᠬᠠᠢ ᠲᠤᠤ ᠨᠠᠷ ᠪᠠᠰᠠ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠵᠤᠤ ᠢᠦᠢ ᠰᠢᠶᠠᠩ᠂ | ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠪᠠᠢ ᠵᠢᠩ ᠶᠦᠨ᠂ ᠵᠡᠮᠳᠡᠭ ᠬᠥᠮᠦᠨ ᠵᠤᠤ ᠵᠢᠶᠠᠩ ᠫᠢᠩ᠂ ᠥᠨᠥᠴᠢᠨ | ᠬᠡᠦᠬᠡᠳ ᠭᠧ ᠹᠦ᠋ ᠵᠢᠶᠠ ᠶᠢᠨ ᠭᠡᠷ ᠲᠤ ᠭᠦᠨᠵᠡᠭᠡᠶᠢᠷᠡᠵᠦ᠂ ᠬᠠᠯᠠᠭᠤᠨ ᠳᠤᠯᠠᠭᠠᠨ ᠢ ᠨᠢ ᠠᠰᠠᠭᠤᠵᠤ᠂ ᠰᠠᠶᠢᠨ | ᠰᠠᠶᠢᠬᠠᠨ ᠵᠥᠩᠨᠡᠯ ᠳᠡᠪᠰᠢᠭᠦᠯᠪᠡ᠃ |