| | 1 ᠰᠠᠷ᠎ᠠ ᠶᠢᠨ 23 ᠤ ᠡᠳᠦᠷ᠂ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠶᠠᠮᠤᠨ ᠤ ᠨᠠᠮ ᠤᠨ | ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ 2024 ᠣᠨ ᠤ ᠵᠡᠪᠰᠡᠭᠲᠦ ᠬᠦᠴᠦᠨ ᠤ ᠠᠵᠢᠯ ᠤᠨ ᠳ᠋ᠦᠩᠨᠡᠯᠲᠡ | ᠬᠢᠵᠦ ᠬᠥᠬᠢᠭᠦᠯᠦᠨ ᠰᠠᠶᠢᠰᠢᠶᠠᠬᠤ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ 2024 ᠣᠨ ᠤ ᠪᠥᠬᠦ ᠬᠤᠲᠠ ᠶᠢᠨ ᠵᠡᠪᠰᠡᠭᠲᠦ ᠬᠦᠴᠦᠨ ᠤ ᠠᠵᠢᠯ ᠢ ᠳ᠋ᠦᠩᠨᠡᠵᠦ᠂ 2025 | ᠣᠨ ᠤ ᠠᠵᠢᠯ ᠤᠨ ᠡᠭᠦᠷᠭᠡ ᠶᠢ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ | ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ | ᠨᠢᠭᠡᠳᠦᠭᠡᠷ ᠱᠦᠵᠢ ᠸᠠᠩ ᠰᠠᠨ ᠱᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ 2024 ᠣᠨ ᠤ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠪᠠᠶᠢᠳᠠᠯ ᠢ ᠵᠠᠷᠯᠠᠨ ᠮᠡᠳᠡᠭᠳᠡᠪᠡ᠃ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠠᠷᠠᠳ ᠤᠨ | ᠵᠡᠪᠰᠡᠭᠲᠦ ᠬᠦᠴᠦᠨ ᠤ ᠬᠡᠯᠲᠡᠰ ᠵᠢᠴᠢ ᠬᠤᠲᠠ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ | ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠴᠡᠷᠢᠭ ᠢ | ᠪᠣᠯᠪᠠᠰᠤᠷᠠᠭᠤᠯᠵᠤ ᠲᠡᠶᠢᠨ ᠳᠤ ᠪᠡᠯᠡᠳᠬᠡᠬᠦ ᠶᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠬᠠᠮᠲᠤ᠂ ᠪᠥᠬᠦ | ᠬᠤᠲᠠ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠳᠤ ᠤᠬᠠᠮᠰᠠᠷ ᠠᠴᠠ ᠪᠠᠨ ᠦᠢᠯᠡᠴᠢᠯᠡᠵᠦ᠂ | ᠪᠥᠬᠦ ᠬᠤᠲᠠ ᠶᠢᠨ ᠡᠯ᠎ᠡ ᠵᠦᠢᠯ ᠤᠨ ᠠᠵᠢᠯ ᠦᠢᠯᠡᠰ ᠤᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠳᠤ ᠬᠦᠴᠦᠨ | ᠴᠢᠳᠠᠯ ᠢᠶᠠᠨ ᠡᠷᠭᠦᠵᠡᠶ᠃ | ᠬᠤᠷᠠᠯ ᠠᠴᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠴᠡᠷᠢᠭ ᠤᠨ ᠶᠠᠪᠤᠳᠠᠯ ᠤᠨ | ᠲᠡᠮᠡᠴᠡᠯ ᠤᠨ ᠪᠡᠯᠡᠳᠬᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠱᠠᠭᠠᠷᠳᠠᠯᠭ᠎ᠠ ᠳᠤ ᠢᠳᠡᠪᠬᠢᠲᠡᠢ ᠵᠣᠬᠢᠴᠠᠵᠤ᠂ | ᠳᠠᠯᠳᠠ ᠬᠦᠴᠦᠨ ᠢ ᠲᠣᠳᠣᠷᠬᠠᠢ ᠣᠶᠢᠯᠠᠭᠠᠵᠤ᠂ ᠡᠷᠦᠭᠡ ᠶᠢᠨ ᠴᠡᠷᠢᠭ ᠤᠨ ᠡᠩᠨᠡᠭᠡᠨ ᠤ ᠪᠠᠶᠢᠭᠤᠯᠤᠯᠲᠠ ᠶᠢ ᠰᠠᠶᠢᠲᠤᠷ | ᠠᠳᠬᠤᠵᠤ᠂ ᠲᠠᠶᠢᠨ ᠳᠤ ᠪᠡᠯᠡᠳᠬᠡᠵᠦ ᠲᠠᠶᠢᠨ ᠬᠢᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠴᠡᠷᠢᠭ ᠤᠨ ᠶᠠᠪᠤᠳᠠᠯ ᠤᠨ ᠲᠡᠮᠡᠴᠡᠯ ᠤᠨ ᠪᠡᠯᠡᠳᠬᠡᠯ ᠪᠠ ᠴᠡᠷᠢᠭ ᠠᠩᠬᠢ ᠶᠢᠨ ᠪᠠᠶᠢᠭᠤᠯᠤᠯᠲᠠ ᠶᠢᠨ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ | ᠠᠵᠢᠯ ᠢ ᠰᠠᠶᠢᠲᠤᠷ ᠠᠳᠬᠤᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ | ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠤᠶᠤᠨᠲᠤ ᠬᠢᠯᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠣᠭᠤᠷᠢᠨ ᠪᠠᠶᠢᠴᠠᠭᠠᠵᠤ | ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠢᠯᠢ ᠶᠢᠨ ᠬᠠᠮᠢᠶᠠᠷᠤᠯᠲᠠ ᠡᠵᠡᠮᠳᠡᠯ ᠤᠨ ᠰᠠᠭᠤᠷᠢ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠦᠨᠡᠨ ᠬᠦ ᠪᠠᠬᠢᠵᠢᠭᠦᠯᠬᠦ ᠬᠡᠷᠡᠭᠲᠡᠢ᠃ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠲᠦᠪᠰᠢᠨ ᠢ | ᠳᠡᠭᠡᠭᠰᠢᠯᠡᠭᠦᠯᠵᠦ᠂ ᠴᠡᠷᠢᠭ ᠠᠩᠭᠢ ᠪᠠ ᠣᠷᠣᠨ ᠨᠤᠲᠤᠭ ᠤᠨ ︽ᠨᠢᠭᠡ ᠬᠥᠯᠭᠡ ᠰᠢᠲᠠᠷ᠎ᠠ︾ ᠶᠢᠨ ᠦᠵᠡᠯ | ᠰᠠᠨᠠᠭ᠎ᠠ ᠶᠢ ᠪᠠᠷᠢᠮᠲᠠᠯᠠᠵᠤ᠂ ᠳᠠᠷᠤᠭ᠎ᠠ ᠪᠠᠶᠢᠯᠳᠤᠭᠴᠢᠳ ᠤᠨ ᠰᠡᠳᠬᠢᠯ ᠢ ᠳᠤᠯᠠᠭᠠᠴᠠᠭᠤᠯᠬᠤ ᠶᠠᠪᠤᠳᠠᠯ ᠢ ᠰᠠᠶᠢᠲᠤᠷ | ᠬᠢᠵᠦ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ᠂ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ | ᠣᠯᠭᠤᠬᠤ᠂ ᠴᠡᠷᠢᠭ ᠤᠨ ᠦᠷ᠎ᠡ ᠬᠡᠤᠬᠡᠳ ᠲᠤ ᠰᠤᠷᠭᠠᠭᠤᠯᠢ ᠳᠤ ᠣᠷᠣᠬᠤ ᠵᠡᠷᠭᠡ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠢᠨ᠎ᠡ | ᠪᠠᠶᠢᠳᠠᠯ ᠢ ᠡᠭᠦᠳᠬᠦ ᠬᠡᠷᠡᠭᠲᠡᠶ᠃ ᠤᠯᠤᠰ ᠲᠦᠷᠦ ᠪᠠᠷ ᠴᠡᠷᠢᠭ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠠᠳᠬᠤᠵᠤ᠂ ᠨᠠᠮ ᠤᠨ ᠴᠡᠷᠢᠭ ᠠᠩᠭᠢ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠭᠤᠶᠢᠪᠢᠰᠢ ᠦᠭᠡᠢ | ᠪᠠᠷᠢᠮᠲᠠᠯᠠᠵᠤ᠂ ᠪᠣᠯᠪᠠᠰᠤᠷᠠᠯ ᠪᠣᠯᠪᠠᠰᠤᠷᠠᠯ ᠢᠶᠠᠨ ᠴᠢᠩᠭᠠᠳᠬᠠᠵᠤ᠂ ᠴᠡᠷᠢᠭ ᠤᠨ ᠶᠠᠪᠤᠳᠠᠯ ᠤᠨ ᠬᠡᠪ ᠴᠢᠨᠠᠷ ᠢᠶᠠᠨ | ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠬᠠᠷᠠᠯᠲᠠ ᠪᠠᠨ | ᠥᠨᠳᠥᠷ ᠪᠦᠲᠦᠮᠵᠢᠲᠡᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ᠬᠤᠷᠠᠯ ᠠᠴᠠ ᠪᠠᠰᠠ 2024 ᠣᠨ ᠤ ᠵᠡᠪᠰᠡᠭᠲᠦ ᠬᠦᠴᠦᠨ ᠤ ᠠᠵᠢᠯ ᠤᠨ ᠲᠡᠷᠢᠭᠦᠨ ᠤ ᠨᠢᠭᠡᠴᠡ ᠪᠣᠯᠤᠨ | ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃ |