| 1 ᠰᠠᠷ᠎ᠠ ᠶᠢᠨ 21 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ | ᠲᠣᠬᠤᠨᠢᠭᠤᠯᠬᠤ ᠳᠤᠭᠤᠶᠢᠯᠠᠩ ᠳᠠᠭᠠᠭᠤᠯᠤᠨ ᠴᠠᠭᠠᠨ ᠰᠠᠷ᠎ᠠ ᠠᠴᠠ ᠡᠮᠦᠨ᠎ᠡ ᠲᠣᠬᠤᠨᠢᠭᠤᠯᠬᠤ ᠠᠵᠢᠯᠯᠠᠭ᠎ᠠ | ᠥᠷᠨᠢᠭᠦᠯᠵᠦ᠂ ᠰᠠᠭᠤᠭ᠎ᠠ ᠭᠠᠵᠠᠷ ᠤᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ ᠪᠣᠯᠤᠨ ᠣᠯᠠᠨ ᠲᠦᠮᠡᠨ ᠳᠤ | ᠴᠢᠩ ᠰᠡᠳᠬᠢᠯ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠬᠦ ᠶᠢᠨ ᠬᠠᠮᠲᠤ ᠲᠣᠬᠤᠨᠢᠭᠤᠯᠬᠤ | ᠮᠥᠩᠭᠦ ᠪᠠ ᠲᠣᠬᠤᠨᠢᠭᠤᠯᠬᠤ ᠪᠣᠳᠠᠰ ᠬᠦᠷᠭᠡᠪᠡ᠃ | | | ᠴᠣᠭᠵᠢᠯ ᠥᠷᠭᠡᠨ ᠣᠯᠠᠨ ᠳᠠᠷᠤᠭ᠎ᠠ ᠪᠠᠶᠢᠯᠳᠤᠭᠴᠢᠳ ᠤᠨ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠪᠠ | ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ | ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠥᠷᠭᠡᠨ ᠤᠯᠠᠨ ᠳᠠᠷᠤᠭ᠎ᠠ ᠪᠠᠶᠢᠯᠳᠤᠭᠴᠢᠳ | ᠪᠣᠭᠤᠮᠲᠠ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠴᠡᠷᠢᠭ ᠠᠷᠠᠳ | ᠭᠠᠷ ᠬᠤᠯᠪᠣᠯᠴᠠᠨ᠂ ᠴᠡᠷᠢᠭ ᠠᠩᠭᠢ ᠪᠠ ᠣᠷᠣᠨ ᠨᠤᠲᠤᠭ ᠬᠠᠮᠲᠤ ᠪᠠᠷ ᠪᠠᠶᠢᠭᠤᠯᠵᠤ᠂ ᠰᠢᠨ᠎ᠡ ᠶᠠᠰᠤ ᠴᠢᠨᠠᠷ ᠤᠨ | ᠦᠢᠯᠡᠳᠪᠦᠷᠢᠯᠡᠯ ᠤᠨ ᠬᠦᠴᠦᠨ ᠪᠣᠯᠤᠨ ᠰᠢᠨ᠎ᠡ ᠴᠢᠨᠠᠷ ᠤᠨ ᠲᠠᠶᠢᠴᠢᠨ ᠬᠦᠴᠦᠨ ᠤ ᠠᠭᠤᠰᠤᠯᠴᠠᠯ ᠢ ᠥᠨᠳᠥᠷ | ᠪᠦᠲᠦᠮᠵᠢᠲᠡᠢ ᠠᠬᠢᠭᠤᠯᠬᠤ ᠶᠢ ᠬᠦᠰᠡᠵᠦ ᠪᠠᠶᠢᠨ᠎ᠠ᠃ ᠴᠣᠭᠵᠢᠯ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠤ ᠳᠠᠭᠠᠭᠤᠯᠭ᠎ᠠ ᠳᠣᠤᠷ᠎ᠠ᠂ ᠮᠠᠨ ᠤ ᠬᠤᠲᠠ ᠪᠥᠬᠦ ᠤᠯᠤᠰ ᠤᠨ ᠬᠤᠶᠠᠷ ᠢ ᠬᠦᠷᠢᠶᠡᠯᠡᠬᠦ | ᠵᠢᠱᠢᠶᠡᠴᠢ ᠬᠤᠲᠠ ᠶᠢᠨ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠴᠡᠷᠢᠭ ᠠᠩᠭᠢ ᠶᠢᠨ | ︽ᠬᠡᠷᠡᠭᠴᠡᠭᠡ︾᠂ ᠣᠷᠣᠨ ᠨᠤᠲᠤᠭ ᠤᠨ ︽ᠴᠢᠳᠠᠪᠤᠷᠢ︾ ᠳᠤ ᠰᠠᠭᠤᠷᠢᠯᠠᠨ᠂ ᠴᠡᠷᠢᠭ ᠠᠩᠭᠢ ᠶᠢᠨ ᠬᠥᠭᠵᠢᠯᠲᠡ | ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠴᠡᠷᠢᠭ ᠠᠷᠠᠳ ᠰᠡᠳᠬᠢᠯ ᠨᠢᠭᠡᠳᠦᠨ | ᠪᠦᠯᠬᠦᠮᠳᠡᠨ ᠲᠡᠮᠡᠴᠡᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ | ᠬᠠᠮᠠᠭᠠᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ | | | ᠴᠣᠭᠵᠢᠯ ᠪᠠᠰᠠ ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ᠂ ᠣᠨᠴᠠ ᠬᠦᠴᠢᠷᠳᠡᠯᠲᠡᠢ ᠬᠥᠮᠦᠰ᠂ ᠵᠡᠮᠳᠡᠭᠴᠦᠳ | ᠪᠣᠯᠤᠨ ᠬᠦᠴᠢᠷᠳᠡᠯᠲᠡᠢ ᠤᠯᠠᠨ ᠲᠦᠮᠡᠨ ᠢ ᠲᠣᠬᠤᠨᠢᠭᠤᠯᠵᠤ᠂ ᠲᠡᠳᠡᠨ ᠤ ᠠᠮᠢᠳᠤᠷᠠᠯ ᠤᠨ ᠳᠤᠮᠳᠠᠬᠢ ᠬᠦᠴᠢᠷᠳᠡᠯ ᠢ | ᠯᠠᠪᠯᠠᠨ ᠠᠰᠠᠭᠤᠵᠤ᠂ ᠲᠡᠳᠡᠨ ᠤ ᠢᠲᠡᠭᠡᠯ ᠵᠣᠷᠢᠭ ᠢᠶᠠᠨ ᠪᠠᠲᠤᠳᠬᠠᠵᠤ᠂ ᠠᠮᠢᠳᠤᠷᠠᠯ ᠡᠳᠦᠷ ᠠᠴᠠ ᠡᠳᠦᠷ | ᠰᠠᠶᠢᠵᠢᠷᠠᠬᠤ ᠶᠤᠮ ᠭᠡᠵᠦ ᠵᠣᠷᠢᠭᠵᠢᠭᠤᠯᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠦᠴᠢᠷᠳᠡᠯᠲᠡᠢ | ᠨᠠᠮ ᠤᠨ ᠭᠡᠰᠢᠭᠦᠨ᠂ ᠬᠦᠴᠢᠷᠳᠡᠯᠲᠡᠢ ᠤᠯᠠᠨ ᠲᠦᠮᠡᠨ ᠵᠡᠷᠭᠡ ᠬᠥᠮᠦᠰ ᠤᠨ ᠬᠠᠯᠠᠭᠤᠨ ᠳᠤᠯᠠᠭᠠᠨ ᠢ ᠴᠠᠭ ᠢᠮᠠᠭᠲᠠ | ᠰᠡᠳᠬᠢᠯ ᠳᠡᠭᠡᠨ ᠪᠤᠳᠤᠵᠤ᠂ ᠡᠷᠬᠢᠨ ᠦᠵᠡᠵᠦ ᠲᠣᠬᠤᠨᠢᠭᠤᠯᠬᠤ ᠪᠠ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠨᠡᠩ | ᠭᠦᠨᠵᠡᠭᠡᠢ ᠨᠠᠷᠢᠨ ᠨᠢᠮᠪᠠᠢ ᠰᠠᠶᠢᠲᠤᠷ ᠬᠢᠵᠦ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ | ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠨᠠᠮ ᠪᠣᠯᠤᠨ | ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠤᠯᠠᠨ ᠲᠦᠮᠡᠨ ᠤ ᠰᠡᠳᠬᠢᠯ ᠳᠤ ᠦᠨᠡᠨᠬᠦ ᠬᠦᠷᠭᠡᠵᠦ᠂ ᠤᠯᠠᠨ | ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ | ᠤᠯᠠᠨ ᠢ ᠪᠠᠶᠠᠷ ᠬᠦᠷ ᠲᠠᠢ ᠡᠶ᠎ᠡ ᠨᠠᠶᠢᠷᠲᠠᠢ ᠪᠠᠷ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠲᠣᠬᠤᠨᠢᠭᠤᠯᠬᠤ ᠳᠤᠭᠤᠶᠢᠯᠠᠩ ᠪᠠᠰᠠ ᠠᠵᠢᠯ ᠠᠴᠠ ᠪᠠᠨ ᠠᠮᠠᠷᠠᠭᠰᠠᠨ ᠺᠠᠳ᠋ᠷ ᠰᠢᠤᠸᠠᠢ ᠯᠢᠢ ᠶᠢ ᠲᠣᠬᠤᠨᠢᠭᠤᠯᠵᠤ᠂ | ᠲᠡᠭᠦᠨ ᠢ ᠪᠡᠶ᠎ᠡ ᠪᠠᠨ ᠬᠢᠴᠢᠶᠡᠵᠦ᠂ ᠥᠲᠡᠯᠦᠭᠡ ᠨᠠᠰᠤ ᠪᠠᠨ ᠰᠠᠶᠢᠬᠠᠨ ᠥᠩᠭᠡᠷᠡᠭᠦᠯᠬᠦ ᠶᠢ ᠵᠠᠬᠢᠪᠠ᠃ |