ᠴᠠᠭᠠᠨ ᠰᠠᠷ᠎ᠠ ᠣᠶᠢᠷᠠᠳᠴᠤ᠂ ᠣᠶᠢᠷ᠎ᠠ ᠶᠢᠨ ᠡᠳᠦᠷ ᠤᠳ ᠲᠤ᠂ ᠬᠤᠲᠠ ᠶᠢᠨ ᠳᠥᠷᠪᠡᠨ ᠶᠡᠭᠡ ᠤᠳᠤᠷᠢᠳᠬᠤ | ᠪᠠᠭ ᠤᠨ ᠤᠳᠤᠷᠢᠳᠤᠯᠭ᠎ᠠ ᠬᠤᠲᠠ ᠳᠤ ᠰᠠᠭᠤᠭ᠎ᠠ ᠴᠡᠷᠢᠭ ᠠᠩᠭᠢ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ | ᠠᠩᠭᠢ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠠᠵᠢᠯ ᠠᠴᠠ ᠪᠠᠨ ᠰᠠᠯᠵᠤ ᠠᠮᠠᠷᠠᠭᠰᠠᠨ ᠪᠠ | ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ᠂ ᠶᠣᠰᠣ ᠰᠤᠷᠲᠠᠬᠤᠨ ᠤ ᠵᠢᠱᠢᠶᠡᠴᠢ᠂ ︽ᠤᠯᠤᠰ ᠤᠨ ᠬᠡᠦᠬᠡᠳ︾᠂ | ᠱᠠᠰᠢᠨ ᠰᠤᠷᠲᠠᠬᠤᠨ ᠤ ᠡᠲᠡᠭᠡᠳ ᠤᠨ ᠬᠥᠮᠦᠰ᠂ ᠬᠦᠴᠢᠷᠳᠡᠯᠲᠡᠶ ᠨᠠᠮ ᠤᠨ ᠭᠡᠰᠢᠭᠦᠨ᠂ ᠵᠡᠮᠳᠡᠭᠴᠦᠳ᠂ | ᠬᠦᠴᠢᠷᠳᠡᠯᠲᠡᠶ ᠣᠯᠠᠨ ᠲᠦᠮᠡᠨ ᠵᠡᠷᠭᠡ ᠶᠢ ᠲᠥᠪᠯᠡᠷᠡᠭᠦᠯᠦᠨ ᠲᠣᠬᠤᠨᠢᠭᠤᠯᠵᠤ᠂ ᠬᠤᠲᠠ ᠶᠢᠨ ᠳᠥᠷᠪᠡᠨ ᠶᠡᠭᠡ | ᠤᠳᠤᠷᠢᠳᠬᠤ ᠪᠠᠭ ᠢ ᠲᠥᠯᠥᠭᠡᠯᠡᠨ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠳᠤ | ᠴᠢᠩ ᠰᠡᠳᠬᠢᠯ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ | ᠬᠤᠲᠠ ᠳᠤ ᠰᠠᠭᠤᠭ᠎ᠠ ᠴᠡᠷᠢᠭ ᠠᠩᠭᠢ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠥᠷᠭᠡᠨ ᠣᠯᠠᠨ | ᠳᠠᠷᠤᠭ᠎ᠠ ᠪᠠᠶᠢᠯᠳᠤᠭᠴᠢᠳ ᠤᠨ ᠥᠩᠭᠡᠷᠡᠭᠰᠡᠨ ᠨᠢᠭᠡ ᠵᠢᠯ ᠤᠨ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ | ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ | ᠢᠯᠡᠳᠬᠡᠵᠦ᠂ ᠬᠤᠲᠠ ᠳᠤ ᠰᠠᠭᠤᠭ᠎ᠠ ᠴᠡᠷᠢᠭ ᠠᠩᠭᠢ ᠶᠢᠨ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ | ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠨᠠᠮ ᠪᠠ ᠠᠷᠠᠳ ᠲᠦᠮᠡᠨ ᠠᠴᠠ ᠣᠯᠭᠤᠭᠰᠠᠨ ᠳᠠᠷᠬᠠᠨ | ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠪᠣᠭᠤᠮᠲᠠ ᠶᠢᠨ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠳᠤ ᠦᠷᠭᠦᠯᠵᠢᠯᠡᠨ ᠪᠠᠲᠤᠯᠠᠭ᠎ᠠ ᠬᠠᠩᠭᠠᠬᠤ ᠶᠢ ᠬᠦᠰᠡᠵᠦ ᠪᠠᠶᠢᠨ᠎ᠠ ᠭᠡᠵᠡᠶ᠃ | ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ | ᠥᠷᠭᠡᠨ ᠤᠯᠠᠨ ᠭᠠᠯ ᠤᠨᠲᠠᠷᠠᠭᠠᠬᠤ ᠵᠢᠯᠤᠭᠤᠳᠤᠬᠴᠢ ᠪᠠᠶᠢᠯᠳᠤᠭᠴᠢᠳ ᠲᠤ ᠴᠠᠭᠠᠨ ᠰᠠᠷ᠎ᠠ ᠶᠢᠨ ᠵᠥᠩᠨᠡᠯ | ᠳᠡᠪᠰᠢᠭᠦᠯᠵᠦ᠂ ᠳᠡᠳᠡᠨ ᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠢᠷᠮᠠᠶᠢᠭᠰᠠᠨ ᠳᠡᠭᠡᠷ᠎ᠡ ᠪᠠᠨ | ᠴᠢᠷᠮᠠᠶᠢᠵᠤ᠂ ᠡᠷᠡᠯᠬᠡᠭᠯᠡᠨ ᠲᠡᠮᠡᠴᠡᠬᠦ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ ᠰᠢᠯᠢᠳᠡᠭ ᠰᠤᠷᠲᠠᠯ ᠢᠶᠠᠨ | ᠦᠷᠭᠦᠯᠵᠢᠯᠡᠨ ᠪᠠᠳᠠᠷᠠᠭᠤᠯᠵᠤ᠂ ᠠᠮᠤᠷ ᠠᠮᠤᠭᠤᠯᠠᠩ ᠡᠷᠢᠶᠡᠨ ᠬᠤᠳᠠ ᠪᠠᠨ ᠬᠠᠮᠠᠭᠠᠯᠠᠬᠤ ᠶᠢ ᠬᠦᠰᠡᠪᠡ᠃ | ᠵᠡᠪᠰᠡᠭᠲᠦ ᠴᠠᠭᠳᠠᠭ᠎ᠠ ᠶᠢᠨ ᠰᠢᠯᠢ ᠶᠢᠨ ᠭᠤᠣᠯ ᠤᠨ ᠰᠠᠯᠪᠤᠷᠢ ᠠᠩᠬᠢ ᠶᠢᠨ ᠡᠷᠢᠶᠡᠨ ᠬᠤᠳᠠ ᠶᠢᠨ ᠳᠤᠮᠳᠠ | ᠠᠩᠬᠢ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠳᠠᠷᠤᠭ᠎ᠠ ᠪᠠᠶᠢᠯᠳᠤᠭᠴᠢᠳ ᠤᠨ ᠡᠳᠦᠷ ᠳᠤᠳᠤᠮ ᠤᠨ | ᠰᠤᠷᠤᠯᠴᠠᠯᠭ᠎ᠠ ᠪᠣᠯᠪᠠᠰᠤᠷᠠᠯ᠂ ᠴᠡᠷᠢᠭ ᠠᠩᠬᠢ ᠶᠢᠨ ᠪᠠᠶᠢᠭᠤᠯᠤᠯᠲᠠ ᠵᠡᠷᠭᠡ ᠪᠠᠶᠢᠳᠠᠯ ᠢ ᠣᠶᠢᠯᠠᠭᠠᠵᠤ᠂ ᠵᠡᠪᠰᠡᠭᠲᠦ | ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠤᠨ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ | ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠳᠡᠨ ᠤ ᠰᠢᠯᠢᠳᠡᠭ | ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠣᠷᠣᠨ ᠨᠤᠲᠤᠭ ᠤᠨ ᠪᠦᠳᠦᠭᠡᠨ ᠪᠠᠶᠢᠭᠤᠯᠤᠭᠴᠢ ᠪᠠ ᠠᠷᠠᠳ | ᠲᠦᠮᠡᠨ ᠤ ᠠᠰᠢᠭ ᠲᠤᠰᠠ ᠶᠢᠨ ᠬᠠᠮᠠᠭᠠᠯᠠᠭᠴᠢ ᠪᠣᠯᠬᠤ ᠶᠢ ᠬᠦᠰᠡᠵᠦ ᠪᠠᠶᠢᠨ᠎ᠠ᠃ | ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠬᠡᠷ ᠲᠤ᠂ | ᠲᠣᠬᠤᠨᠢᠭᠤᠯᠬᠤ ᠳᠤᠭᠤᠶᠢᠯᠠᠩ ᠲᠡᠳᠡᠨ ᠲᠠᠢ ᠤᠳᠠᠭᠠᠨ ᠶᠠᠷᠢᠯᠴᠠᠵᠤ᠂ ᠪᠡᠶ᠎ᠡ ᠮᠠᠬᠠᠪᠣᠳ ᠤᠨ ᠪᠠᠶᠢᠳᠠᠯ ᠪᠠ | ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠳᠡᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ | ᠰᠣᠨᠣᠰᠴᠤ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ | ᠪᠣᠭᠤᠮᠲᠠ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ | ᠪᠠᠶᠢᠬᠤ ᠪᠠᠨ ᠢᠯᠡᠳᠬᠡᠵᠦ᠂ ᠲᠡᠳᠡᠨ ᠤ ᠲᠤᠷᠰᠢᠯᠭ᠎ᠠ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ | ᠪᠣᠭᠤᠮᠲᠠ ᠶᠢᠨ ᠬᠥᠭᠵᠢᠯᠲᠡ ᠳᠤ ᠠᠷᠭ᠎ᠠ ᠤᠬᠠᠭᠠᠨ ᠭᠠᠷᠭᠠᠬᠤ ᠶᠢ ᠬᠦᠰᠡᠪᠡ᠃ ᠡᠭᠦᠨ ᠤ ᠬᠠᠮᠲᠤ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠨ ᠬᠢᠨ ᠳᠤ ᠦᠶ᠋ᠯᠡᠴᠢᠯᠡᠭᠡ ᠪᠠᠲᠤᠯᠠᠭ᠎ᠠ ᠶᠢᠨ ᠠᠵᠢᠯ ᠢ ᠰᠡᠳᠬᠢᠯ ᠳᠡᠯᠪᠢᠨ ᠰᠠᠶᠢᠲᠤᠷ | ᠬᠢᠵᠦ᠂ ᠲᠡᠳᠡᠨ ᠢ ᠥᠲᠡᠯᠦᠭᠡ ᠨᠠᠰᠤ ᠪᠠᠨ ᠵᠣᠯ ᠵᠢᠷᠭᠠᠯ ᠲᠠᠢ ᠥᠩᠭᠡᠷᠡᠭᠦᠯᠦᠭᠡᠷᠡᠢ ᠭᠡᠵᠦ ᠵᠠᠬᠢᠪᠠ᠃ | ᠶᠣᠰᠣ ᠰᠤᠷᠲᠠᠬᠤᠨ ᠤ ᠵᠢᠱᠢᠶᠡᠴᠢ ᠶᠢ ᠲᠣᠬᠤᠨᠢᠭᠤᠯᠬᠤ ᠳᠠᠭᠠᠨ᠂ ᠲᠣᠬᠤᠨᠢᠭᠤᠯᠬᠤ ᠳᠤᠭᠤᠶᠢᠯᠠᠩ ᠲᠡᠳᠡᠨ ᠲᠠᠢ | ᠳᠣᠲᠣᠨᠣ ᠪᠠᠷ ᠶᠠᠷᠢᠯᠴᠠᠵᠤ᠂ ᠲᠣᠬᠤᠨᠢᠭᠤᠯᠬᠤ ᠪᠣᠳᠠᠰ ᠵᠢᠴᠢ ᠲᠣᠬᠤᠨᠢᠭᠤᠯᠬᠤ ᠮᠥᠩᠭᠦ ᠬᠦᠷᠭᠡᠭᠰᠡᠨ ᠪᠥᠭᠡᠳ | ᠲᠡᠳᠡᠨ ᠤ ᠠᠮᠢᠳᠤᠷᠠᠯ᠂ ᠠᠵᠢᠯ ᠪᠣᠯᠤᠨ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠡᠷᠬᠢᠮ | ᠳᠡᠭᠡᠳᠦ ᠦᠢᠯᠡ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠨᠤᠲᠠᠯᠠᠪᠠ᠃ ᠲᠡᠳᠡᠨ ᠤ ᠬᠤᠶᠢᠰᠢᠳᠠ ᠶᠢᠨ ᠠᠵᠢᠯ | ᠠᠮᠢᠳᠤᠷᠠᠯ ᠳᠤᠮᠳᠠ᠂ ᠦᠯᠢᠭᠡᠷ ᠳᠠᠭᠤᠷᠢᠶᠠᠯ ᠤᠨ ᠬᠦᠳᠦᠯᠦᠨ ᠳᠠᠭᠠᠭᠤᠯᠬᠤ ᠦᠢᠯᠡᠳᠦᠯ ᠢ ᠦᠷᠭᠦᠯᠵᠢᠯᠡᠨ | ᠪᠠᠳᠠᠷᠠᠭᠤᠯᠵᠤ᠂ ᠨᠡᠶᠢᠭᠡᠮ ᠳᠤ ᠨᠡᠩ ᠤᠯᠠᠨ ᠢᠳᠡᠪᠬᠢᠲᠡᠢ ᠥᠭᠡᠳᠡᠯᠡᠨ ᠲᠠᠪᠰᠢᠬᠤ ᠢᠳᠡᠪᠬᠢ ᠬᠦᠴᠦᠨ ᠢ ᠳᠠᠮᠵᠢᠭᠤᠯᠵᠤ | ᠂ ᠥᠷᠭᠡᠨ ᠤᠯᠠᠨ ᠬᠤᠳᠠ ᠶᠢᠨ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ᠵᠢᠱᠢᠶᠡᠴᠢ ᠠᠴᠠ ᠰᠤᠷᠤᠯᠴᠠᠭᠤᠯᠵᠤ | ᠂ ᠰᠠᠶᠢᠨ ᠬᠥᠮᠦᠨ ᠪᠣᠯᠭᠠᠵᠤ᠂ ︽ᠮᠣᠷᠠᠯ ᠲᠠᠢ︾ ᠪᠠᠶᠢᠬᠤ ᠶᠢ ᠬᠡᠪ ᠰᠤᠷᠲᠠᠯ ᠪᠣᠯᠭᠠᠬᠤ ᠬᠡᠷᠡᠭᠲᠡᠢ ᠭᠡᠵᠦ | ᠵᠣᠷᠢᠭᠵᠢᠭᠤᠯᠪᠠ᠃ | ︽ᠤᠯᠤᠰ ᠤᠨ ᠬᠡᠦᠬᠡᠳ︾ ᠢ ᠲᠣᠬᠤᠨᠢᠭᠤᠯᠬᠤ ᠦᠶ᠎ᠡ ᠳᠤ ᠲᠣᠬᠤᠨᠢᠭᠤᠯᠬᠤ ᠳᠤᠭᠤᠶᠢᠯᠠᠩ ᠲᠡᠭᠦᠨ ᠲᠠᠢ | ᠵᠣᠭᠤᠭᠳᠠᠵᠤ᠂ ᠴᠠᠭᠠᠨ ᠰᠠᠷ᠎ᠠ ᠪᠠᠨ ᠪᠡᠯᠭᠡᠯᠡᠪᠡ᠃ ᠲᠡᠭᠦᠨ ᠢ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠤᠨ | ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠡᠷᠡᠭᠲᠡᠢ | ᠭᠡᠵᠦ ᠵᠣᠷᠢᠭᠵᠢᠭᠤᠯᠪᠠ᠃ | ᠬᠦᠴᠢᠷᠳᠡᠯᠲᠡᠶ ᠣᠯᠠᠨ ᠲᠦᠮᠡᠨ ᠪᠣᠯᠤᠨ ᠬᠦᠴᠢᠷᠳᠡᠯᠲᠡᠶ ᠵᠡᠮᠳᠡᠭᠴᠦᠳ ᠤᠨ ᠬᠡᠷ ᠲᠤ᠂ ᠲᠣᠬᠤᠨᠢᠭᠤᠯᠬᠤ | ᠳᠤᠭᠤᠶᠢᠯᠠᠩ ᠤᠨ ᠬᠢᠨ ᠲᠡᠳᠡᠨ ᠤ ᠢᠳᠡᠵᠦ ᠤᠤᠭᠤᠬᠤ ᠬᠤᠨᠣᠵᠤ ᠬᠡᠪᠲᠡᠬᠦ᠂ ᠪᠡᠶ᠎ᠡ ᠮᠠᠬᠠᠪᠣᠳ ᠤᠨ ᠪᠠᠶᠢᠳᠠᠯ ᠵᠢᠴᠢ | ᠠᠮᠢᠳᠤᠷᠠᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠤᠨ ᠬᠡᠷᠡᠭᠴᠡᠭᠡ ᠶᠢ ᠨᠠᠷᠢᠨ ᠣᠶᠢᠯᠠᠭᠠᠵᠤ᠂ ᠲᠡᠳᠡᠨ ᠳᠤ | ᠪᠠᠶᠠᠰᠤᠩᠭᠤᠶ ᠪᠠᠷ ᠠᠮᠢᠳᠤᠷᠠᠯ ᠳᠤ ᠢᠳᠡᠪᠬᠢᠲᠡᠶ ᠬᠠᠨᠳᠤᠵᠤ᠂ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠬᠡᠷᠡᠭᠲᠡᠶ ᠭᠡᠵᠦ | ᠵᠠᠬᠢᠪᠠ᠃ | ᠬᠤᠳᠠ ᠶᠢᠨ ᠤᠳᠤᠷᠢᠳᠤᠯᠭ᠎ᠠ ᠶᠢᠨ ᠲᠣᠬᠤᠨᠢᠭᠤᠯᠤᠯ ᠪᠠ ᠬᠠᠯᠠᠮᠵᠢᠯᠠᠯ ᠨᠢ ᠤᠯᠠᠨ ᠢ ᠶᠡᠬᠡᠳᠡ ᠵᠣᠷᠢᠭᠵᠢᠭᠤᠯᠵᠤ᠂ | ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢᠯᠠᠯ ᠪᠣᠯᠤᠨ ᠬᠦᠰᠡᠯ ᠡᠷᠡᠮᠡᠯᠵᠡᠯ ᠢ ᠠᠵᠢᠯ ᠠᠮᠢᠳᠤᠷᠠᠯ ᠤᠨ | ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠡᠷᠡᠰ ᠭᠤᠶᠢᠪᠢᠰᠢ ᠦᠭᠡᠢ ᠪᠠᠷ ᠨᠠᠮ ᠤᠨ | ᠦᠭᠡ ᠶᠢ ᠰᠣᠨᠣᠰᠴᠤ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ ᠲᠠᠭᠠᠵᠤ᠂ ᠪᠣᠭᠤᠮᠲᠠ ᠶᠢᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠪᠠᠷ | ᠴᠢᠷᠮᠠᠶᠢᠨ᠎ᠠ ᠭᠡᠵᠦ ᠢᠯᠡᠳᠬᠡᠵᠡᠭᠡᠪᠡ᠃ |