【 ᠬᠤᠶᠠᠷ ᠬᠤᠷᠠᠯ ᠳᠡᠭᠡᠷ᠎ᠡ ᠲᠦᠪᠯᠡᠷᠡᠬᠦᠯᠬᠦ 】 ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2025/1/9
     1 ᠰᠠᠷ᠎ᠠ ᠶᠢᠨ 8 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠨᠠᠮ ᠵᠠᠰᠠᠭ ᠤᠨ ᠶᠡᠭᠡ ᠠᠰᠠᠷ ᠲᠤ ᠡᠬᠢᠯᠡᠪᠡ᠃ ᠪᠥᠬᠦ ᠬᠤᠲᠠ ᠶᠢᠨ ᠡᠯ᠎ᠡ ᠡᠲᠡᠭᠡᠳ᠂ ᠡᠯ᠎ᠡ ᠹᠷᠣᠨᠲ ᠠᠴᠠ ᠢᠷᠡᠭᠰᠡᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠥᠷᠥ ᠶᠢᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠣᠷᠭᠢᠯᠤᠮ᠎ᠠ ᠬᠠᠯᠠᠭᠤᠨ ᠰᠡᠳᠬᠢᠯᠭᠡ ᠪᠠ ᠬᠠᠯᠠᠭᠤᠨ ᠰᠡᠳᠬᠢᠯᠭᠡ ᠶᠢ ᠡᠪᠦᠷᠯᠡᠨ᠂ ᠪᠣᠭᠤᠮᠲᠠ ᠶᠢᠨ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ᠂ ᠠᠷᠠᠳ ᠣᠯᠠᠨ ᠤ ᠠᠵᠠ ᠵᠢᠷᠭᠠᠯ ᠤᠨ ᠲᠥᠯᠥᠭᠡ ᠠᠷᠭ᠎ᠠ ᠤᠬᠠᠭᠠᠨ ᠭᠠᠷᠭᠠᠵᠤ᠂ ᠪᠣᠭᠤᠮᠲᠠ ᠶᠢᠨ ᠬᠢᠯᠢ ᠶᠢᠨ ᠬᠤᠲᠠ ᠶᠢᠨ ᠰᠠᠶᠢᠨ ᠰᠠᠶᠢᠬᠠᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠬᠠᠮᠲᠤ ᠪᠠᠷ ᠵᠢᠷᠤᠭᠯᠠᠪᠠ᠃     ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠣᠷᠣᠯᠠᠭᠴᠢ ᠳᠠᠷᠤᠭ᠎ᠠ ᠮᠠ ᠬᠠᠶ ᠲᠤᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠦᠸᠧ ᠫᠢᠩ ᠸᠠᠩ᠂ ᠰᠢᠯᠢᠨᠪᠠᠭᠠᠳᠣᠷ᠂ ᠢᠦᠶ ᠬᠤᠩ ᠯᠢ᠂ ᠨᠠᠷᠠᠰᠤ᠂ ᠵᠠᠩ ᠴᠦᠨ ᠬᠤᠸᠠᠨ᠂ ᠶᠤᠸᠠᠢ ᠰᠢ ᠬᠤᠸᠠ᠂ ᠬᠠᠰᠬᠦᠣ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠷᠢᠨ ᠪᠢᠴᠢᠭ ᠤᠨ ᠳᠠᠷᠤᠭ᠎ᠠ ᠹᠠᠨ ᠭᠤᠤ ᠶᠤᠸᠠᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃       ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ ᠬᠤᠳᠠ ᠶᠢᠨ ᠤᠳᠤᠷᠢᠳᠤᠯᠭ᠎ᠠ ᠶᠠᠩ ᠶᠢᠨ ᠷᠦᠢ᠂ ᠾᠧᠦ ᠶᠠᠨ ᠮᠢᠨ᠂ ᠤᠯᠠᠭᠠᠨ᠂ ᠭᠧᠩ ᡁᠢ ᠵᠢᠶᠦ᠋ᠨ᠂ ᠮᠦᠸᠧ ᠬᠤᠩ ᠵᠢᠶᠦ᠋ᠨ᠂ ᠵᠠᠩ ᠺᠠᠢ ᠳ᠋ᠦᠩ᠂ ᠵᠠᠩ ᠯᠢ ᠴᠧᠩ᠂ ᠰᠢᠶᠤᠤ ᠵᠢᠶᠠᠨ ᠵᠢᠶᠦ᠋ᠨ ᠪᠤᠢ᠃      ᠬᠤᠷᠠᠯ ᠳᠤ ᠣᠷᠣᠯᠴᠠᠬᠤ ᠶᠣᠰᠣᠲᠠᠶ ᠭᠡᠰᠢᠭᠦᠨ 141 ᠬᠥᠮᠦᠨ᠂ ᠪᠣᠳᠠᠲᠠᠶ ᠣᠷᠣᠯᠴᠠᠭᠰᠠᠨ ᠨᠢ 132 ᠬᠥᠮᠦᠨ ᠪᠠᠶᠢᠵᠤ᠂ ᠤᠯᠤᠰ ᠲᠥᠷᠥ ᠶᠢᠨ ᠵᠥᠪᠯᠡᠯᠭᠡᠨ ᠤ ᠲᠦᠷᠢᠮ ᠤᠨ ᠲᠣᠭᠲᠠᠭᠠᠯ ᠳᠤ ᠨᠡᠶᠢᠴᠡᠵᠦ ᠪᠠᠶᠢᠨ᠎ᠠ᠃ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠡᠬᠢᠯᠡᠪᠡ᠃        ᠴᠣᠭᠵᠢᠯ ᠤᠯᠤᠰ ᠲᠦᠷᠦ ᠶᠢᠨ ᠵᠥᠪᠯᠡᠯᠭᠡᠨ ᠤ ᠡᠷᠢᠶᠡᠨ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ᠃      ᠮᠡᠳᠡᠭᠦᠯᠦᠯᠲᠡ ᠳᠡᠭᠡᠨ᠂ 2024 ᠣᠨ ᠪᠣᠯ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠣᠯᠤᠨ᠎ᠠ᠃ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠬᠤᠳᠠ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠪᠠᠲᠤ ᠡᠵᠡᠮᠳᠡᠵᠦ᠂ ᠪᠦᠬᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠪᠦᠯᠬᠦᠮᠳᠡᠭᠦᠯᠦᠨ ᠳᠠᠭᠠᠭᠤᠯᠵᠤ᠂ ᠰᠢᠨ᠎ᠡ ᠵᠠᠮ ᠢᠶᠠᠷ ᠤᠷᠤᠭᠰᠢᠯᠠᠬᠤ᠂ ᠳᠤᠮᠳᠠᠳᠤ ᠤᠯᠤᠰ ᠲᠤ ᠦᠢᠯᠡᠴᠢᠯᠡᠬᠦ ᠡᠷᠡᠰ ᠵᠣᠷᠢᠭ ᠪᠣᠯᠤᠨ ᠡᠷᠴᠢ ᠵᠣᠷᠢᠭ ᠢᠶᠠᠨ ᠬᠥᠪᠴᠢᠯᠡᠵᠦ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠳᠤᠮᠳᠠ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠲᠥᠯᠥᠪᠵᠢᠭᠦᠯᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠲᠠᠪᠤᠨ ᠶᠡᠭᠡ ᠡᠭᠦᠷᠭᠡ︾ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠵᠦ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ ᠲᠠᠯ᠎ᠠ ᠪᠠᠷ ᠨᠡᠩ ᠬᠡᠷᠡᠭᠴᠡᠭᠡ ᠲᠠᠢ ᠪᠠᠶᠢᠬᠤ᠂ ᠬᠠᠮᠲᠤ ᠶᠢᠨ ᠲᠠᠨᠢᠯᠲᠠ ᠶᠢ ᠨᠡᠩ ᠪᠦᠲᠦᠮᠵᠢᠲᠡᠢ ᠪᠣᠯᠭᠠᠬᠤ᠂ ᠪᠦᠯᠬᠦᠮᠳᠡᠯ ᠢ ᠴᠢᠩᠭᠠᠳᠬᠠᠬᠤ ᠳᠤ ᠨᠡᠩ ᠬᠦᠴᠦᠲᠡᠢ ᠪᠠᠶᠢᠬᠤ ᠶᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠡᠷᠢᠶᠡᠨ ᠬᠤᠳᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ᠃      ᠮᠡᠳᠡᠭᠦᠯᠦᠯᠲᠡ ᠨᠢ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠬᠤᠷᠢᠶᠠᠨ ᠤ ᠪᠠᠢᠩᠭᠤ ᠶᠢᠨ ᠬᠤᠷᠢᠶᠠᠨ ᠤ ᠠᠵᠢᠯ ᠢ ᠳᠥᠷᠪᠡᠨ ᠲᠠᠯ᠎ᠠ ᠪᠠᠷ ᠳ᠋ᠦᠩᠨᠡᠵᠡᠢ᠃ ᠨᠢᠭᠡ ᠳᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠨᠡᠩ ᠥᠨᠳᠥᠷ ᠵᠣᠭᠰᠣᠴᠠ ᠪᠠᠷ ᠤᠯᠤᠰ ᠲᠦᠷᠦ ᠶᠢᠨ ᠴᠢᠭᠯᠡᠯ ᠢ ᠣᠨᠣᠪᠴᠢᠲᠠᠢ ᠡᠵᠡᠮᠳᠡᠬᠦ ᠬᠡᠷᠡᠭᠲᠡᠢ᠃ ᠨᠠᠮ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠥᠬᠦᠷᠡᠰᠢ ᠥᠬᠡᠶ ᠴᠢᠩᠭᠠᠳᠬᠠᠵᠤ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠠᠶᠠᠯᠠᠯ ᠢ ᠬᠥᠲᠥᠯᠦᠨ ᠵᠢᠯᠣᠭᠤᠳᠴᠤ ᠴᠢᠭᠯᠡᠯ ᠢ ᠲᠣᠭᠲᠠᠭᠠᠬᠤ ᠶᠢ ᠴᠥᠬᠦᠷᠡᠰᠢ ᠥᠬᠡᠶ ᠪᠠᠷᠢᠮᠲᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠶᠢ ᠴᠥᠬᠦᠷᠡᠰᠢ ᠥᠬᠡᠶ ᠴᠢᠩᠭᠠᠳᠬᠠᠨ᠎ᠠ︔ ᠬᠤᠶᠠᠷ ᠲᠤ᠂ ᠭᠤᠤᠯᠳᠠᠯᠭ᠎ᠠ ᠶᠢᠨ ᠲᠣᠭᠤᠷᠢᠨ ᠳᠤ ᠨᠠᠩ ᠥᠨᠳᠥᠷ ᠬᠢᠷᠢ ᠲᠦᠪᠰᠢᠨ ᠢᠶᠠᠷ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠪᠠᠶᠢᠴᠠᠭᠠᠨ ᠰᠤᠳᠤᠯᠤᠯᠲᠠ ᠬᠢᠬᠦ ᠶᠢ ᠥᠨᠳᠥᠷ ᠬᠢᠷᠢ ᠲᠦᠪᠰᠢᠨ ᠢᠶᠠᠷ ᠲᠥᠯᠥᠪᠵᠢᠭᠦᠯᠵᠦ᠂ ᠵᠥᠪᠯᠡᠬᠦ ᠲᠥᠯᠥᠪᠯᠡᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠡᠭᠦᠷᠭᠡ ᠶᠢ ᠥᠨᠳᠥᠷ ᠦᠷ᠎ᠡ ᠪᠦᠲᠦᠮᠵᠢᠲᠡᠢ ᠪᠠᠷ ᠪᠡᠶᠡᠯᠡᠭᠦᠯᠵᠦ᠂ ᠰᠢᠨ᠎ᠡ ᠶᠢ ᠡᠭᠦᠳᠬᠦ ᠴᠢᠨᠠᠷᠲᠠᠢ ᠠᠵᠢᠯ ᠢ ᠥᠨᠳᠥᠷ ᠭᠠᠷᠤᠭ᠎ᠠ ᠠᠴᠠ ᠠᠬᠢᠭᠤᠯᠪᠠ︔ ᠭᠤᠷᠪᠠ ᠳᠤ᠂ ᠪᠦᠯᠬᠦᠮᠳᠡᠨ ᠬᠠᠮᠲᠤᠷᠠᠯᠴᠠᠬᠤ ᠪᠠᠷ ᠴᠢᠷᠮᠠᠶᠢᠵᠤ᠂ ᠨᠡᠩ ᠶᠡᠭᠡ ᠡᠷᠴᠢᠮ ᠢᠶᠠᠷ ᠬᠠᠮᠲᠤ ᠶᠢᠨ ᠲᠠᠨᠢᠯᠲᠠ ᠬᠦᠴᠦᠨ ᠢ ᠨᠢᠭᠲᠠᠷᠠᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠯᠬᠦᠮᠳᠡᠯ ᠤᠨ ᠨᠥᠬᠦᠷᠯᠡᠯ ᠤᠨ ᠠᠷᠭ᠎ᠠ ᠵᠠᠮ ᠢ ᠪᠦᠬᠦ ᠬᠦᠴᠦᠨ ᠢᠶᠠᠷ ᠢᠶᠠᠨ ᠥᠷᠭᠡᠳᠬᠡᠵᠦ᠂ ᠰᠣᠶᠣᠯ ᠲᠡᠦᠬᠡ ᠶᠢᠨ ᠣᠷᠳᠣᠨ ᠤ ᠪᠠᠶᠢᠭᠤᠯᠤᠯᠲᠠ ᠶᠢ ᠪᠡᠶᠡᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠤᠨ᠎ᠠ︔ ᠲᠦᠷᠪᠡ ᠳᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠡᠩ ᠥᠨᠳᠥᠷ ᠪᠠᠷᠢᠮᠵᠢᠶ᠎ᠠ ᠪᠠᠷ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠭᠡᠰᠢᠭᠦᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠪᠠᠶᠢᠭᠤᠯᠭ᠎ᠠ ᠶᠢᠨ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号