| 1 ᠰᠠᠷ᠎ᠠ ᠶᠢᠨ 7 ᠤ ᠡᠳᠦᠷ᠂ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠤᠨ ᠱᠦᠵᠢ | ᠨᠡᠷ ᠤᠨ ᠭᠠᠵᠠᠷ ᠤᠨ ᠱᠦᠵᠢ ᠫᠠᠨ ᠵᠢᠶᠠᠨ ᠪᠦᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠤᠨ ᠲᠣᠬᠤᠨᠢᠭᠤᠯᠬᠤ | ᠪᠦᠯᠬᠦᠮ ᠢ ᠳᠠᠭᠠᠭᠤᠯᠤᠨ ᠮᠠᠨ ᠤ ᠬᠤᠲᠠ ᠳᠤ ︽ᠬᠠᠶᠢᠷ᠎ᠠ ᠬᠠᠯᠠᠮᠵᠢ ᠬᠦᠷᠭᠡᠬᠦ︾ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ | ᠃ ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠣᠯ ᠠᠶᠢᠮᠠᠭ ᠵᠢᠴᠢ ᠮᠠᠨ ᠤ ᠬᠤᠲᠠ ᠶᠢᠨ ᠬᠠᠮᠢᠶ᠎ᠠ ᠪᠦᠬᠦᠢ | ᠤᠳᠤᠷᠢᠳᠤᠯᠭ᠎ᠠ ᠪᠠᠷ᠎ᠠ ᠪᠣᠯᠵᠤ ᠲᠣᠬᠤᠨᠢᠭᠤᠯᠪᠠ᠃ | ᠲᠣᠬᠤᠨᠢᠭᠤᠯᠬᠤ ᠪᠦᠯᠬᠦᠮ ᠤᠨ ᠬᠢᠨ ᠤᠷᠢᠳ ᠬᠤᠵᠢᠳ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ | ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠤᠯᠤᠰ ᠤᠨ ᠡᠭᠦᠳᠡᠨ ᠤ ᠵᠢᠵᠢᠭᠦᠷᠯᠡᠬᠦ ᠭᠠᠵᠠᠷ ᠤᠨ ᠳᠠᠷᠤᠭ᠎ᠠ | ᠪᠠᠶᠢᠯᠳᠤᠭᠴᠢ᠂ ᠬᠦᠴᠢᠷᠳᠡᠯᠲᠡᠶ ᠠᠵᠢᠯᠲᠠᠨ ᠠᠵᠢᠯᠴᠢᠨ ᠤ ᠲᠥᠯᠥᠭᠡᠯᠡᠭᠴᠢ ᠵᠢᠴᠢ ᠪᠥᠬᠦ ᠤᠯᠤᠰ ᠤᠨ ᠲᠠᠪᠤᠨ ᠰᠠᠷ᠎ᠠ ᠶᠢᠨ | ᠨᠢᠭᠡᠨ ᠤ ᠬᠥᠳᠡᠯᠮᠦᠷᠢ ᠶᠢᠨ ᠱᠠᠩᠨᠠᠯ ᠬᠦᠷᠲᠡᠭᠴᠢ᠂ ᠡᠷᠢᠶᠡᠨ ᠬᠤᠲᠠ ᠶᠢᠨ ᠣᠯᠠᠨ ᠤᠯᠤᠰ ᠤᠨ ᠭᠠᠳᠠᠭᠠᠳᠤ ᠭᠠᠷᠭᠠᠯᠲᠠ ᠶᠢᠨ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ︽ᠵᠢᠯᠣᠭᠤᠴᠢ ᠶᠢᠨ ᠭᠡᠷ︾ ᠢ ᠪᠣᠯᠭᠤᠭᠠᠨ ᠲᠣᠬᠤᠨᠢᠭᠤᠯᠤᠭᠰᠠᠨ ᠪᠥᠭᠡᠳ | ᠲᠣᠬᠤᠨᠢᠭᠤᠯᠬᠤ ᠮᠥᠩᠭᠦ᠂ ᠲᠣᠬᠤᠨᠢᠭᠤᠯᠬᠤ ᠪᠣᠳᠠᠰ ᠬᠦᠷᠭᠡᠪᠡ᠃ | ᠫᠠᠨ ᠵᠢᠶᠠᠨ ᠶᠠᠳᠠᠭᠤ ᠬᠦᠴᠢᠷᠳᠡᠯᠲᠡᠢ ᠠᠵᠢᠯᠲᠠᠨ ᠤ ᠭᠡᠷ ᠲᠤ ᠬᠦᠷᠴᠦ᠂ ᠳᠡᠳᠡᠨ ᠤ ᠪᠡᠶ᠎ᠡ ᠶᠢᠨ ᠪᠠᠶᠢᠳᠠᠯ᠂ ᠭᠡᠷ | ᠪᠦᠯᠢ ᠶᠢᠨ ᠣᠷᠣᠯᠭ᠎ᠠ᠂ ᠦᠷ᠎ᠡ ᠬᠡᠦᠬᠡᠳ ᠤᠨ ᠬᠢᠨᠢ ᠰᠤᠷᠭᠠᠭᠤᠯᠢ ᠳᠤ ᠣᠷᠣᠭᠰᠠᠨ ᠵᠡᠷᠭᠡ ᠪᠠᠶᠢᠳᠠᠯ ᠢ ᠨᠠᠷᠢᠨ ᠠᠰᠠᠭᠤᠨ | ᠯᠠᠪᠯᠠᠭᠰᠠᠨ ᠪᠥᠭᠡᠳ ᠲᠡᠭᠦᠨ ᠢ ᠭᠡᠷ ᠤᠨ ᠬᠥᠮᠦᠰ ᠲᠠᠢ ᠪᠠᠨ ᠢᠲᠡᠭᠡᠯ ᠵᠣᠷᠢᠭ ᠢᠶᠠᠨ ᠬᠥᠪᠴᠢᠯᠡᠵᠦ᠂ ᠬᠦᠴᠢᠷ ᠪᠡᠷᠬᠡᠰᠢᠶᠡᠯ ᠢ | ᠢᠯᠠᠨ ᠳᠠᠪᠠᠵᠤ᠂ ᠰᠠᠶᠢᠨ ᠰᠠᠶᠢᠬᠠᠨ ᠵᠣᠯ ᠵᠢᠷᠭᠠᠯᠲᠤ ᠠᠮᠢᠳᠤᠷᠠᠯ ᠢᠶᠠᠨ ᠳᠠᠬᠢᠨᠲᠠ ᠴᠣᠭᠴᠠᠯᠠᠬᠤ ᠬᠡᠷᠡᠭᠲᠡᠢ ᠭᠡᠵᠦ | ᠵᠣᠷᠢᠭᠵᠢᠭᠤᠯᠪᠠ᠃ ᠪᠦᠬᠦ ᠤᠯᠤᠰ ᠤᠨ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ ᠬᠦᠷᠲᠡᠭᠰᠡᠳ ᠤᠨ ᠭᠡᠷ ᠲᠤ | ᠂ ᠲᠡᠭᠦᠨ ᠢ ᠪᠡᠶ᠎ᠡ ᠮᠠᠬᠠᠪᠣᠳ ᠢᠶᠠᠨ ᠠᠩᠬᠠᠷᠴᠤ᠂ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠡᠷᠬᠡᠪᠰᠢ | ᠳᠤᠯᠠᠭᠠᠯᠠᠬᠤ ᠠᠵᠢᠯ ᠢ ᠰᠠᠶᠢᠲᠤᠷ ᠬᠢᠵᠦ᠂ ᠤᠯᠠᠨ ᠢ ᠬᠠᠯᠠᠭᠤᠨ ᠳᠤᠯᠠᠭᠠᠨ ᠥᠯᠵᠡᠢ ᠪᠡᠯᠭᠡ ᠲᠠᠢ ᠴᠠᠭᠠᠨ ᠰᠠᠷ᠎ᠠ ᠶᠢ | ᠥᠩᠭᠡᠷᠡᠭᠦᠯᠬᠦ ᠬᠡᠷᠡᠭᠲᠡᠢ ᠭᠡᠵᠦ ᠵᠠᠬᠢᠪᠠ᠃ | ᠲᠣᠬᠤᠨᠢᠭᠤᠯᠬᠤ ᠪᠦᠯᠬᠦᠮ ᠪᠠᠰᠠ ᠣᠶᠤᠨᠲᠤ ᠪᠣᠭᠤᠮᠲᠠ ᠶᠢᠨ ᠶᠡᠭᠡ ᠲᠢᠩᠬᠢᠮ᠂ ᠪᠣᠭᠤᠮᠲᠠ ᠶᠢᠨ ᠠᠵᠢᠯᠲᠠᠨ ᠤ ᠭᠡᠷ | ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ ᠲᠣᠬᠤᠨᠢᠭᠤᠯᠬᠤ ᠪᠦᠯᠬᠦᠮ ᠠᠴᠠ᠂ ᠠᠵᠢᠯᠴᠢᠨ ᠤ | ᠡᠪᠯᠡᠯ ᠤᠨ ᠵᠣᠬᠢᠶᠠᠨ ᠪᠠᠶᠢᠭᠤᠯᠤᠯᠲᠠ ᠨᠢ ᠠᠵᠢᠯᠲᠠᠨ ᠠᠵᠢᠯᠴᠢᠨ ᠤ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠠᠵᠢᠯ ᠢ | ᠰᠡᠳᠬᠢᠯ ᠲᠠᠯᠪᠢᠨ ᠰᠠᠶᠢᠲᠤᠷ ᠬᠢᠵᠦ᠂ ᠬᠠᠶᠢᠷ᠎ᠠ ᠬᠠᠯᠠᠮᠵᠢ ᠬᠦᠷᠭᠡᠬᠦ ᠦᠢᠯᠡᠴᠢᠯᠡᠭᠡ ᠶᠢ ᠤᠯᠠᠮ ᠨᠢᠭᠡ ᠠᠯᠬᠤᠮ ᠥᠷᠭᠡᠳᠬᠡᠵᠦ᠂ | ᠬᠦᠴᠢᠷᠳᠡᠯᠲᠡᠶ ᠠᠵᠢᠯᠲᠠᠨ ᠠᠵᠢᠯᠴᠢᠨ ᠪᠠ ᠭᠤᠤᠯᠳᠠᠯᠭ᠎ᠠ ᠲᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠦᠨ | ᠰᠤᠷᠪᠤᠯᠵᠢᠯᠠᠨ ᠲᠣᠬᠤᠨᠢᠭᠤᠯᠬᠤ ᠠᠵᠢᠯ ᠢ ᠥᠷᠭᠡᠨ ᠢᠶᠠᠷ ᠥᠷᠨᠢᠭᠦᠯᠵᠦ᠂ ᠠᠵᠢᠯᠲᠠᠨ ᠠᠵᠢᠯᠴᠢᠨ ᠣᠯᠠᠨ ᠲᠦᠮᠡᠨ ᠤ | ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠠᠵᠢᠯᠴᠢᠨ ᠤ | ᠡᠪᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠬᠤ᠂ ᠨᠡᠶᠢᠭᠡᠮ ᠤᠨ ᠡᠶ᠎ᠡ | ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠬᠤ ᠲᠠᠯ᠎ᠠ ᠪᠠᠷ ᠬᠢ ᠢᠳᠡᠪᠬᠢ ᠦᠢᠯᠡᠳᠦᠯ ᠢ ᠦᠨᠡᠨ ᠬᠦ ᠪᠠᠳᠠᠷᠠᠭᠤᠯᠵᠤ᠂ | ᠪᠣᠳᠠᠲᠤ ᠠᠵᠢᠯᠯᠠᠭ᠎ᠠ ᠪᠠᠷ ᠢᠶᠠᠨ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠥᠷᠭᠡᠨ ᠣᠯᠠᠨ ᠠᠵᠢᠯᠲᠠᠨ ᠠᠵᠢᠯᠴᠢᠨ | ᠣᠯᠠᠨ ᠲᠦᠮᠡᠨ ᠤ ᠰᠡᠳᠬᠢᠯ ᠳᠤ ᠬᠦᠷᠭᠡᠬᠦ ᠬᠡᠷᠡᠭᠲᠡᠶ ᠭᠡᠵᠦ ᠴᠢᠬᠤᠯᠠᠴᠢᠯᠠᠪᠠ᠃ |