2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠠ 2025 ᠤᠨ ᠤ ᠠᠷᠠᠳ ᠤᠨ ᠠᠮᠢᠳᠣᠷᠠᠯ ᠤᠨ ᠪᠤᠳᠠᠳᠤ ᠶᠠᠪᠤᠳᠠᠯ ᠤᠨ ᠵᠢᠱᠢᠭᠳᠡᠬᠦ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ
ᠨᠡᠶᠢᠲᠡᠯᠡᠭᠰᠡᠨ ᠴᠠᠭ᠄
2025/1/9
2025 ᠣᠨ ᠤ 1 ᠰᠠᠷ᠎ᠠ ᠶᠢᠨ 9 ᠤ ᠡᠳᠦᠷ ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡᠲᠥᠯᠥᠭᠡᠯᠡᠭᠴᠢᠳ ᠡ᠄      ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠶᠡᠭᠡ ᠬᠤᠷᠠᠯ ᠳᠤ 2024 ᠣᠨ ᠤ ᠮᠠᠨ ᠤ ᠬᠤᠲᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠪᠠ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠬᠦ ᠲᠥᠷᠥᠯ ᠵᠦᠢᠯ ᠤᠨ ᠪᠦᠷᠢᠯᠳᠦᠭᠰᠡᠨ ᠪᠠᠶᠢᠳᠠᠯ ᠢ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠤ᠃           ᠨᠢᠭᠡ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ     2024 ᠣᠨ ᠳᠤ᠂ ᠬᠤᠲᠠ ᠶᠢᠨ ᠵᠠᠰᠠᠭ ᠤᠨ ᠣᠷᠳᠣᠨ ᠨᠢ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠢᠮᠠᠭᠲᠠ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ᠂ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠪᠠᠷ ᠴᠢᠬᠤᠯᠠ ᠭᠠᠷᠳᠠᠴᠠ ᠪᠣᠯᠭᠠᠵᠤ᠂ ︽ᠣᠯᠠᠨ ᠲᠦᠮᠡᠨ ᠳᠤᠷᠠᠳᠬᠤ᠂ ᠲᠥᠯᠥᠭᠡᠯᠡᠭᠴᠢ ᠲᠣᠭᠲᠠᠭᠠᠬᠤ᠂ ᠵᠠᠰᠠᠭ ᠤᠨ ᠣᠷᠳᠣᠨ ᠬᠦᠢᠴᠡᠳᠬᠡᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠦᠨᠡᠯᠡᠬᠦ︾ ᠣᠶᠢᠯᠠᠭᠠᠭᠳᠠᠬᠤᠨ ᠢᠶᠠᠷ᠂ ᠣᠯᠠᠨ ᠠᠷᠭ᠎ᠠ ᠵᠠᠮ᠂ ᠣᠯᠠᠨ ᠲᠠᠰ ᠳᠠᠪᠬᠤᠷᠭ᠎ᠠ ᠪᠠᠷ ᠰᠠᠨᠠᠯ ᠰᠠᠨᠠᠭᠤᠯᠭ᠎ᠠ ᠬᠤᠷᠢᠶᠠᠵᠤ᠂ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠣᠭᠠᠨ ᠢᠶᠠᠷ ᠪᠠᠲᠤᠯᠠᠭᠤᠯᠵᠤ᠂ ᠡᠷᠢᠶᠡᠨ ᠬᠤᠲᠠ ᠶᠢᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ ᠤᠨ ᠨᠥᠬᠦᠪᠥᠷᠢ ᠶᠢᠨ ᠲᠥᠷᠥᠯ ᠵᠦᠢᠯ᠂ ᠣᠷᠴᠢᠨ ᠲᠣᠭᠤᠷᠢᠨ ᠤ ᠴᠡᠪᠡᠷᠯᠡᠭᠴᠢ ᠪᠠ ᠪᠠᠭᠰᠢ ᠰᠤᠷᠤᠭᠴᠢᠳ ᠢ ᠬᠠᠶᠢᠷᠠᠯᠠᠨ ᠬᠠᠯᠠᠮᠵᠢᠯᠠᠬᠤ ᠡᠷᠡᠭᠦᠯ ᠮᠡᠨᠳᠦ ᠶᠢᠨ ᠠᠵᠢᠯᠯᠠᠭ᠎ᠠ ᠵᠡᠷᠭᠡ 5 ᠲᠥᠷᠥᠯ ᠵᠦᠢᠯ ᠢ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠪᠣᠯᠭᠠᠪᠠ᠃     ᠨᠢᠭᠡ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠳᠣᠤᠷ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠮᠠᠨ ᠤ ᠬᠤᠲᠠ ᠢᠮᠠᠭᠳᠠ ᠲᠦᠷᠭᠡᠨ ᠨᠠᠶᠢᠳᠠᠪᠣᠷᠢᠵᠢᠭᠤᠯᠣᠯᠳᠠ ᠪᠠᠷ ᠠᠷᠠᠳ ᠤᠨ ᠰᠡᠳᠬᠢᠯ ᠢ ᠳᠣᠯᠠᠭᠠᠴᠠᠭᠤᠯᠵᠦ᠂ ᠪᠣᠳᠠᠲᠠᠶ ᠠᠵᠢᠯᠯᠠᠭ᠎ᠠ ᠪᠠᠷ ᠠᠮᠠᠯᠠᠯᠲᠠ ᠪᠠᠨ ᠪᠡᠶᠡᠯᠡᠭᠦᠯᠵᠦ᠂ ᠰᠢᠰᠲ᠋ᠧᠮᠵᠢᠭᠰᠡᠨ ᠪᠦᠬᠦ ᠳᠠᠯ᠎ᠠ ᠶᠢᠨ ᠰᠡᠳᠬᠢᠬᠦᠶ᠂ ᠲᠥᠷᠥᠯ ᠵᠦᠢᠯᠵᠢᠭᠦᠯᠦᠭᠰᠡᠨ ᠬᠠᠮᠢᠶᠠᠷᠤᠯᠲᠠ᠂ ᠰᠠᠴᠣᠷᠠᠭ ᠮᠠᠶ᠋ᠢᠭ ᠤᠨ ᠵᠢᠯᠣᠭᠤᠳᠣᠯᠭ᠎ᠠ ᠶᠢ ᠪᠠᠷᠢᠮᠲᠠᠯᠠᠵᠤ ᠂ ᠰᠠᠶᠢᠨ ᠶᠠᠪᠤᠳᠠᠯ ᠢ ᠲᠦᠷᠭᠡᠨ ᠬᠢᠵᠦ᠂ ᠪᠣᠳᠠᠲᠤ ᠶᠠᠪᠤᠳᠠᠯ ᠢ ᠯᠠᠪᠳᠠᠭᠤᠨ ᠬᠢᠭᠰᠡᠨ ᠠᠴᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠤᠯᠪᠠ᠃      ︵ᠨᠢᠭᠡ︶ ᠡᠷᠢᠶᠡᠨ ᠬᠤᠲᠠ ᠶᠢᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ︵ᠬᠤᠨᠢ᠂ ᠰᠠᠭᠠᠯᠢ ᠶᠢᠨ ᠦᠨᠢᠶ᠎ᠡ︶ ᠤᠨ ᠨᠥᠬᠦᠪᠥᠷᠢ ᠶᠢᠨ ᠲᠥᠷᠥᠯ ᠵᠦᠢᠯ᠃ 26.6 ᠲᠦᠮᠡᠨ ᠲᠦᠭᠦᠷᠢᠭ ᠤᠨ ᠪᠡᠯᠡ ᠣᠷᠣᠭᠤᠯᠵᠦ᠂ ᠡᠷᠳᠡᠨᠢᠭᠤᠪᠢ ᠭᠠᠴᠠᠭ᠎ᠠ᠂ ᠰᠦᠵᠢ ᠭᠠᠴᠠᠭ᠎ᠠ᠂ ᠲᠣᠯᠢ ᠭᠠᠴᠠᠭ᠎ᠠ᠂ ᠬᠥᠭᠵᠢᠯᠲᠤᠶᠠᠭ᠎ᠠ ᠭᠠᠴᠠᠭᠠᠨ ᠤ ᠮᠠᠯᠵᠢᠬᠤ ᠡᠷᠦᠬᠡ ᠪᠠ ᠡᠯ᠎ᠡ ᠲᠥᠷᠥᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠳᠠᠭᠠᠳᠬᠠᠯ ᠳᠤ ᠣᠷᠣᠯᠴᠠᠬᠤ ᠨᠥᠬᠦᠴᠡᠯ ᠳᠤ ᠨᠡᠶᠢᠴᠡᠬᠦ 18807 ᠲᠤᠯᠤᠭᠠᠢ ᠮᠠᠯ ︵ᠬᠤᠨᠢ᠂ ᠰᠠᠭᠠᠯᠢ ᠶᠢᠨ ᠦᠨᠢᠶ᠎ᠡ︶   ᠳᠤ ᠲᠦᠷᠦ ᠶᠢᠨ ᠪᠤᠳᠣᠯᠭ᠎ᠠ ᠶᠢᠨ ᠴᠢᠨᠠᠷᠲᠠᠢ ᠭᠠᠮᠰᠢᠭ ᠤᠨ ᠳᠠᠭᠠᠳᠬᠠᠯ ᠳᠤ ᠤᠷᠤᠭᠤᠯᠵᠤ᠂ 2024 ᠣᠨ ᠳᠤ ᠨᠠᠶᠢᠳᠠ 2 ᠪᠦᠯᠦᠭ ᠤᠳᠠᠭ᠎ᠠ ᠲᠦᠯᠦᠪᠦᠷᠢᠯᠡᠨ ᠥᠭᠴᠦ᠂ ᠮᠠᠯᠴᠢᠳ ᠲᠤ 39.1 ᠳᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠵᠤ ᠥᠭᠪᠡ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠮᠠᠯᠴᠢᠳ ᠤᠨ ᠪᠠᠶᠢᠭᠠᠯᠢ ᠶᠢᠨ ᠭᠠᠶ ᠭᠠᠮᠰᠢᠭ ᠤᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠬᠦᠯᠬᠦ᠂ ᠮᠠᠯᠴᠢᠨ ᠲᠠᠷᠢᠶᠠᠴᠢᠨ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠬᠢᠵᠢᠭᠦᠯᠬᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠪᠠᠲᠤᠯᠠᠭ᠎ᠠ ᠬᠠᠩᠭᠠᠪᠠ᠃      ︵ᠬᠤᠶᠠᠷ︶ ᠣᠷᠴᠢᠨ ᠲᠣᠭᠤᠷᠢᠨ ᠤ ᠴᠡᠪᠡᠷᠯᠡᠭᠴᠢ ᠪᠣᠯᠤᠨ ᠪᠠᠭᠰᠢ ᠰᠤᠷᠤᠭᠴᠢᠳ ᠢ ᠬᠠᠶᠢᠷᠠᠯᠠᠨ ᠬᠠᠯᠠᠮᠵᠢᠯᠠᠬᠤ ᠡᠷᠡᠭᠦᠯ ᠮᠡᠨᠳᠦ ᠶᠢᠨ ᠠᠵᠢᠯᠯᠠᠭ᠎ᠠ᠃ 110 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠨᠢᠭᠡ ᠳᠤ ᠪᠥᠬᠦ ᠬᠤᠲᠠ ᠶᠢᠨ 433 ᠣᠷᠴᠢᠨ ᠲᠣᠭᠤᠷᠢᠨ ᠤ  ᠴᠡᠪᠡᠷᠯᠡᠭᠴᠢ ᠳᠤ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ᠂ ᠠᠶ ᠮᠢᠨ ᠴᠡᠴᠡᠷᠯᠢᠭ᠂ ᠶᠢᠩ ᠪᠢᠨ ᠰᠠᠭᠤᠭᠠᠯᠢ ᠲᠣᠭᠤᠷᠢᠭ᠂ ᠮᠠᠰᠢᠨ ᠲᠡᠷᠭᠡᠨ ᠤ ᠥᠷᠲᠡᠭᠡ ᠵᠡᠷᠭᠡ ᠭᠠᠵᠠᠷ ᠲᠤ ᠣᠷᠴᠢᠨ ᠲᠣᠭᠤᠷᠢᠨ ᠤ ᠴᠡᠪᠡᠷᠯᠡᠭᠴᠢ ᠶᠢᠨ ᠬᠠᠶᠢᠷ᠎ᠠ ᠬᠠᠯᠠᠮᠵᠢ ᠶᠢᠨ ᠥᠷᠲᠡᠭᠡ ᠶᠢ 5   ᠦᠭᠡᠷᠡᠴᠢᠯᠡᠨ ᠪᠠᠶᠢᠭᠤᠯᠵᠦ᠂ ᠥᠷᠲᠡᠭᠡ ᠳᠤ ᠰᠠᠨᠳᠠᠯᠢ᠂ ᠳᠤᠯᠠᠭᠠᠯᠠᠭ᠎ᠠ ᠪᠠ ᠤᠤᠭᠤᠬᠤ ᠤᠰᠤᠨ ᠤ ᠮᠠᠰᠢᠨ ᠵᠡᠷᠭᠡ ᠲᠥᠬᠦᠭᠡᠷᠦᠮᠵᠢ ᠵᠢᠴᠢ ᠪᠠᠶᠢᠩᠭᠤ ᠬᠡᠷᠡᠭᠯᠡᠬᠦ ᠡᠮ ᠤᠨ ᠵᠦᠢᠯ ᠢ ᠨᠡᠮᠡᠵᠦ ᠲᠣᠬᠢᠷᠠᠭᠤᠯᠪᠠ᠃ ᠬᠤᠶᠠᠷ ᠲᠤ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠳᠤ ᠰᠡᠳᠬᠢᠴᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮ ᠢ ᠰᠢᠨ᠎ᠡ ᠪᠠᠷ ᠪᠠᠶᠢᠭᠤᠯᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠲᠤᠰᠬᠠᠶ ᠪᠠᠭᠰᠢ ᠶᠢ ᠣᠷᠢᠨ ᠠᠪᠴᠢᠷᠠᠵᠦ ᠦᠷᠭᠡᠨ ᠣᠯᠠᠨ ᠪᠠᠭᠰᠢ ᠰᠤᠷᠤᠭᠴᠢᠳ ᠲᠤ ᠰᠡᠳᠬᠢᠴᠡ ᠶᠢᠨ ᠬᠠᠪᠰᠤᠷᠤᠨ ᠵᠢᠯᠣᠭᠤᠳᠣᠯᠭ᠎ᠠ ᠬᠠᠩᠭᠠᠵᠤ᠂ ᠬᠤᠶᠠᠳᠤᠭᠠᠷ ᠳᠤᠮᠳᠠᠳᠤ ᠰᠤᠷᠭᠠᠭᠤᠯᠢ ᠳᠤ ᠰᠡᠳᠬᠢᠴᠡ ᠶᠢᠨ ᠣᠨᠴᠠᠭᠠᠢ ᠬᠡᠷᠡᠭ ᠤᠨ ᠲᠥᠪ ᠢ ᠪᠠᠶᠢᠭᠤᠯᠪᠠ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠣᠷᠴᠢᠨ ᠲᠣᠭᠤᠷᠢᠨ ᠤ ᠴᠡᠪᠡᠷᠯᠡᠭᠴᠢ ᠶᠢᠨ ᠠᠵᠢᠯ ᠤᠨ ᠨᠦᠬᠦᠴᠡᠯ ᠢ ᠰᠠᠶᠢᠵᠢᠷᠠᠭᠤᠯᠵᠤ᠂ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃       ︵ᠭᠤᠷᠪᠠ︶ ᠠᠳᠠᠯ ᠠᠬᠤᠢ ᠶᠢᠨ ᠺᠣᠮᠫᠠᠨᠢ ᠦᠭᠡᠢ ᠰᠠᠭᠤᠭᠠᠯᠢ ᠲᠣᠭᠤᠷᠢᠭ ᠤᠨ ᠬᠠᠮᠢᠶᠠᠷᠤᠯᠲᠠ ᠶᠢ ᠳᠡᠭᠡᠭᠰᠢᠯᠡᠭᠦᠯᠬᠦ ᠲᠥᠷᠥᠯ ᠵᠦᠢᠯ᠃ 2024 ᠣᠨ ᠳᠤ 2 ᠠᠳᠠᠯ ᠠᠬᠤᠶ ᠶᠢᠨ ᠺᠣᠮᠫᠠᠨᠢ ᠶᠢ ᠳᠡᠮᠵᠢᠨ ᠬᠦᠭᠵᠢᠬᠦᠯᠵᠦ᠂ ᠠᠳᠠᠯ ᠠᠬᠤᠶ ᠶᠢᠨ ᠦᠢᠯᠡᠴᠢᠯᠡᠭᠡ ᠥᠬᠡᠶ 35 ᠰᠠᠭᠤᠭᠠᠯᠢ ᠲᠣᠭᠤᠷᠢᠭ ᠢ ᠭᠥᠯᠢᠶᠡᠨ ᠠᠪᠴᠤ ᠬᠠᠮᠢᠶᠠᠷᠣᠭᠤᠯᠣᠨ᠂ ᠰᠠᠭᠤᠭᠠᠯᠢ ᠲᠣᠭᠤᠷᠢᠭ ᠤᠨ ᠳᠣᠲᠣᠷᠠᠬᠢ ᠰᠠᠭᠤᠷᠢ ᠲᠦᠭᠦᠭᠡᠷᠦᠮᠵᠢ ᠶᠢ ᠵᠠᠰᠠᠨ ᠰᠢᠨᠡᠳᠬᠡᠵᠦ᠂ ᠰᠠᠭᠤᠭᠠᠯᠢ ᠲᠣᠭᠤᠷᠢᠭ ᠤᠨ ᠳᠣᠲᠣᠷᠠᠬᠢ ᠡᠷᠡᠭᠦᠯ ᠬᠠᠮᠠᠭᠠᠯᠠᠯ᠂ ᠡᠮᠬᠢ ᠳᠢᠭᠯᠢᠮ ᠤᠨ ᠬᠠᠮᠠᠭᠠᠯᠠᠯᠲᠠ ᠶᠢ ᠴᠢᠩᠭᠠᠳᠬᠠᠨ᠂ ᠰᠠᠭᠤᠭᠠᠯᠢ ᠲᠣᠭᠤᠷᠢᠭ ᠤᠨ ᠬᠦᠷᠢᠶᠡᠨ ᠳᠠᠬᠢ ᠳᠡᠷᠭᠡᠨ ᠵᠣᠭᠰᠣᠭᠠᠯ ᠢ ᠵᠢᠷᠤᠮᠵᠢᠭᠤᠯᠪᠠ᠃ 15 ᠬᠠᠭᠤᠴᠢᠨ ᠰᠠᠭᠤᠭᠠᠯᠢ ᠲᠣᠭᠤᠷᠢᠭ ᠤᠨ ᠣᠯᠠᠨ ᠨᠡᠶᠢᠲᠡ ᠶᠢᠨ ᠣᠷᠴᠢᠨ ᠳᠤ ᠬᠢᠨᠠᠨ ᠡᠵᠡᠮᠳᠡᠬᠦ ᠲᠥᠬᠦᠭᠡᠷᠦᠮᠵᠢ᠂ ᠵᠠᠮ ᠤᠨ ᠬᠠᠰᠢᠯᠭ᠎ᠠ ᠪᠠ ᠲᠡᠷᠭᠡ ᠬᠥᠰᠬᠡ ᠶᠢ ᠢᠯᠭᠠᠨ ᠲᠠᠨᠢᠬᠤ ᠰᠢᠰᠲ᠋ᠧᠮ ᠢ ᠤᠭᠰᠠᠷᠠᠭᠰᠠᠨ ᠪᠥᠭᠡᠳ ᠪᠦᠬᠦᠨ ᠢ ︽ᠤᠶᠤᠨᠳᠦ ᠡᠷᠢᠶᠡᠨ︾ ᠲᠠᠪᠴᠠᠩ ᠲᠠᠢ ᠬᠤᠯᠪᠣᠪᠠ᠃ ᠣᠳᠣᠬᠠᠨ ᠳᠤ᠂ ᠪᠥᠬᠦ ᠬᠤᠲᠠ ᠶᠢᠨ 83 ᠰᠠᠭᠤᠭᠠᠯᠢ ᠲᠣᠭᠤᠷᠢᠭ ᠢ ︽ᠤᠶᠤᠨᠲᠤ ᠡᠷᠢᠶᠡᠨ︾ ᠲᠠᠪᠴᠠᠩ ᠲᠠᠢ ᠬᠤᠯᠪᠣᠯᠳᠣᠭᠤᠯᠪᠠ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠵᠦ᠂ ᠬᠤᠲᠠ ᠶᠢᠨ ᠲᠦᠷᠢ ᠳᠦᠷᠬᠦ ᠨᠡᠯᠢᠶᠡᠳ ᠶᠡᠭᠡ ᠳᠡᠭᠡᠭᠰᠢᠯᠡᠯᠳᠡ ᠲᠠᠢ ᠪᠤᠯᠪᠠ᠃      ︵ᠲᠦᠷᠪᠡ︶ ᠡᠷᠢᠶᠡᠨ ᠬᠤᠲᠠ ᠶᠢᠨ ᠴᠠᠢ ᠮᠣᠷᠢᠨ ᠤ ᠶᠡᠭᠡ ᠵᠠᠮ ᠤᠨ ᠤᠰᠤ ᠭᠠᠳᠠᠭᠰᠢᠯᠠᠭᠤᠯᠵᠤ ᠤᠰᠤᠲᠤᠯ  ᠢ ᠰᠡᠷᠬᠡᠶᠢᠯᠡᠬᠦ ᠪᠦᠲᠦᠭᠡᠨ ᠪᠠᠶᠢᠭᠤᠯᠣᠯᠳᠠ ᠶᠢᠨ ᠢᠨᠵᠧᠨᠧᠷᠢᠩ᠃ 3672 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠴᠠᠶ ᠮᠣᠷᠢᠨ ᠤ ᠶᠡᠭᠡ ᠵᠠᠮ ᠤᠨ ᠪᠣᠷᠣᠭᠠᠨ ᠤ ᠤᠰᠤᠨ ᠤ ᠬᠤᠭᠤᠯᠠᠶ ᠱᠤᠭᠤᠮ ᠢ 2071 ᠮᠧᠲᠷ ᠣᠷᠳᠣᠳᠬᠠᠵᠦ᠂ ᠪᠣᠷᠣᠭᠠᠨ ᠤ ᠤᠰᠤᠨ ᠤ ᠬᠥᠭᠡᠷᠭᠡ ᠶᠢᠨ ᠥᠷᠲᠡᠭᠡ ᠵᠢᠴᠢ ᠳᠠᠭᠠᠯᠲᠠ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠪᠠ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠮᠠᠨ ᠤ ᠬᠤᠲᠠ ᠶᠢᠨ ᠤᠰᠤ ᠭᠠᠳᠠᠭᠰᠢᠯᠠᠭᠤᠯᠬᠤ ᠰᠢᠰᠲ᠋ᠧᠮ᠂ ᠪᠣᠬᠢᠷᠲᠤᠯ ᠭᠠᠳᠠᠭᠰᠢᠯᠠᠭᠤᠯᠬᠤ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠲᠠ ᠳᠣᠲᠣᠷᠠᠬᠢ ᠤᠰᠤᠲᠤᠯ ᠢ ᠨᠠᠮᠳᠠᠭᠤᠯᠵᠤ᠂ ᠠᠷᠠᠳ ᠣᠯᠠᠨ ᠤ ᠠᠩᠬᠠᠷᠴᠤ ᠪᠠᠶᠢᠭ᠎ᠠ ᠪᠣᠬᠢᠷ ᠤᠰᠤᠨ ᠤ ᠭᠠᠳᠠᠭᠰᠢᠯᠠᠭᠤᠯᠤᠯᠲᠠ ᠶᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃       ︵ᠲᠠᠪᠤ︶ ᠪᠥᠬᠦ ᠬᠤᠲᠠ ᠶᠢᠨ ᠪᠡᠶ᠎ᠡ ᠴᠢᠬᠢᠷᠠᠭᠵᠢᠭᠤᠯᠣᠯᠳᠠ ᠶᠢᠨ ᠵᠠᠮ ᠳᠦᠬᠦᠭᠡᠷᠦᠮᠵᠢ ᠶᠢ ᠤᠭᠰᠠᠷᠠᠬᠤ ᠲᠥᠷᠥᠯ ᠵᠦᠢᠯ᠃ 398 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠤᠳᠠ ᠶᠢᠨ ᠪᠡᠶ᠎ᠡ ᠶᠢᠨ ᠲᠠᠮᠢᠷ ᠤᠨ ᠣᠷᠳᠣᠨ᠂ ᠬᠡᠢ ᠪᠦᠷᠬᠦᠭᠦᠯ ᠤᠨ ᠣᠷᠳᠣᠨ ᠢ ᠲᠡᠰ ᠳᠡᠪᠰᠢᠭᠦᠯᠦᠨ ᠥᠭᠡᠷᠡᠴᠢᠯᠡᠵᠦ᠂ ︽ᠨᠢᠭᠡ ᠪᠦᠰᠡ ᠨᠢᠭᠡ ᠵᠠᠮ︾ ᠴᠡᠴᠡᠷᠯᠢᠭ᠂ ᠽᠢ ᠶᠤᠸᠠᠨ ᠬᠤᠤ ᠲᠢᠩ ᠰᠠᠭᠤᠭᠠᠯᠢ ᠲᠣᠭᠤᠷᠢᠭ ᠵᠡᠷᠭᠡ ᠳᠤ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠣᠭᠰᠠᠷᠠᠵᠦ᠂ ᠰᠤᠮᠤ᠂ ᠭᠠᠴᠠᠭ᠎ᠠ᠂ ᠨᠡᠶᠢᠭᠡᠮ ᠲᠣᠭᠤᠷᠢᠭ ᠤᠨ ᠪᠡᠶ᠎ᠡ ᠴᠢᠬᠢᠷᠠᠭᠵᠢᠭᠤᠯᠣᠯᠳᠠ ᠶᠢᠨ ᠳᠦᠬᠦᠭᠡᠷᠦᠮᠵᠢ ᠶᠢ ᠵᠠᠰᠠᠨ ᠰᠢᠨᠡᠳᠬᠡᠪᠡ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠣᠯᠠᠨ ᠲᠦᠮᠡᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠤᠷᠤᠯᠴᠠᠭᠤᠯᠤᠨ᠂ ᠪᠡᠶ᠎ᠡ ᠴᠢᠬᠢᠷᠠᠭᠵᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠲᠦᠮᠡᠨ ᠤ ᠪᠡᠶ᠎ᠡ ᠮᠠᠬᠠᠪᠣᠳ ᠤᠨ ᠤᠤᠷ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠪᠠ᠃       ᠬᠤᠶᠠᠷ᠂ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠯᠡᠳᠭᠡᠭᠰᠡᠨ ᠪᠠᠶᠢᠳᠠᠯ      ︽ᠨᠢᠭᠡᠳᠦᠯᠲᠡᠶ ᠳᠦᠯᠦᠪᠵᠢᠬᠦᠯᠦᠨ ᠨᠡᠶᠢᠲᠡ ᠳᠤᠨᠢ ᠬᠠᠷᠠᠭᠠᠯᠵᠠᠬᠤ᠂ ᠭᠤᠤᠯᠳᠠᠯᠭ᠎ᠠ ᠶᠢ ᠡᠵᠡᠮᠳᠡᠨ᠂ ᠠᠷᠠᠳ ᠤᠨ ᠰᠠᠨᠠᠭ᠎ᠠ ᠶᠢ ᠬᠦᠨᠳᠦᠳᠬᠡᠬᠦ᠂ ᠠᠷᠠᠳ ᠤᠨ ᠠᠮᠢᠳᠤᠷᠠᠯ ᠢ ᠳᠣᠪᠤᠶᠢᠯᠭᠠᠨ᠂ ᠴᠢᠳᠠᠯ ᠤᠨ ᠢᠶᠠᠨ ᠬᠢᠷᠢ ᠪᠠᠷ ᠬᠢᠵᠦ᠂ ᠦᠷ᠎ᠡ ᠠᠰᠢᠭ ᠢ ᠴᠢᠬᠤᠯᠠᠴᠢᠯᠠᠬᠤ︾ ᠵᠠᠷᠴᠢᠮ ᠶᠣᠰᠣᠭᠠᠷ᠂ ᠪᠥᠬᠦ ᠬᠤᠲᠠ ᠳᠤ ᠬᠠᠨᠳᠤᠭᠤᠯᠤᠨ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠴᠣᠭᠯᠠᠭᠤᠯᠣᠨ᠂ ᠰᠤᠷᠭᠠᠨ ᠬᠥᠮᠦᠵᠢᠯ ᠤᠨ ᠦᠢᠯᠡᠰ᠂ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ᠂ ᠡᠮ ᠡᠮᠨᠡᠯᠭᠡ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ ᠶᠠᠪᠤᠵᠤ ᠰᠠᠭᠤᠬᠤ ᠵᠡᠷᠭᠡ ᠨᠡᠶᠢᠲᠡ 29 ᠲᠥᠷᠥᠯ ᠵᠦᠢᠯ ᠤᠨ ᠰᠠᠨᠠᠭᠤᠯᠭ᠎ᠠ ᠶᠢ ᠴᠤᠭᠯᠠᠭᠤᠯᠪᠠ᠃ 2024 ᠣᠨ ᠤ 12 ᠰᠠᠷ᠎ᠠ ᠶᠢᠨ    20 ᠤ ᠡᠳᠦᠷ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠤᠬᠠᠶ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠨᠡᠶᠢᠭᠡᠮ ᠲᠣᠭᠤᠷᠢᠭ ᠵᠢᠴᠢ ᠰᠣᠮᠦ ᠶᠢᠨ ᠰᠠᠨᠠᠯ ᠰᠠᠨᠠᠭᠤᠯᠭ᠎ᠠ᠂ ᠵᠦᠪᠯᠡᠯᠭᠡ ᠶᠢ ᠬᠤᠷᠢᠶᠠᠪᠠ᠃ 2024 ᠣᠨ ᠤ 12 ᠰᠠᠷ᠎ᠠ ᠶᠢᠨ 22 ᠤᠨ ᠡᠳᠦᠷ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠦᠪᠰᠢᠶᠡᠷᠡᠬᠦᠯᠦᠭᠰᠡᠨ ᠤ ᠬᠠᠮᠲᠤ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ ᠤ ᠬᠤᠷᠠᠯ ᠢᠶᠠᠷ ᠬᠢᠨᠠᠨ ᠵᠥᠪᠯᠡᠭᠦᠯᠪᠡ᠃ 2024 ᠣᠨ ᠤ 12 ᠰᠠᠷ᠎ᠠ ᠶᠢᠨ 31 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ ᠤ ᠬᠤᠷᠠᠯ ᠢᠶᠠᠷ ᠰᠤᠳᠤᠯᠤᠨ ᠲᠣᠭᠲᠠᠭᠠᠵᠤ᠂ ᠬᠡᠷᠡᠭᠵᠢᠭᠦᠯᠬᠦ ᠨᠥᠬᠦᠴᠡᠯ ᠢ ᠪᠦᠷᠢᠯᠳᠦᠭᠦᠯᠦᠭᠰᠡᠨ 6 ᠲᠥᠷᠥᠯ ᠵᠦᠢᠯ ᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠬᠦ ᠲᠥᠷᠥᠯ ᠵᠦᠢᠯ ᠪᠣᠯᠭᠠᠵᠤ᠂ ᠡᠳᠦᠭᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠵᠤ᠂ ᠪᠢᠯᠧᠲ ᠦᠭᠴᠦ ᠪᠠᠲᠤᠯᠠᠭᠤᠯᠬᠤ ᠪᠠᠷ ᠪᠠᠶᠢᠨ᠎ᠠ᠃    ︵ᠨᠢᠭᠡ︶ ᠵᠠᠯᠠᠭᠤ ᠪᠠᠭᠠᠴᠣᠳ ᠤᠨ ᠬᠠᠷᠠᠭ᠎ᠠ ᠶᠢ ᠬᠠᠮᠠᠭᠠᠯᠠᠬᠤ ᠲᠥᠷᠤᠯ ᠵᠥᠢᠯ᠃ ᠶᠡᠷᠦᠩᠬᠡᠢ ᠪᠡᠯᠡ ᠣᠷᠣᠭᠤᠯᠤᠯᠲᠠ ᠨᠢ 50 ᠲᠦᠮᠡᠨ ᠲᠥᠭᠦᠷᠢᠭ᠃ ᠲᠥᠷᠥᠯ ᠵᠦᠢᠯ ᠤᠨ ᠠᠭᠤᠯᠭ᠎ᠠ ᠨᠢ᠂ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ ᠨᠡᠶᠢᠲᠡ 43 ᠬᠢᠴᠢᠶᠡᠯ ᠤᠨ ᠭᠡᠷ ᠲᠤ ᠬᠠᠷᠠᠭ᠎ᠠ ᠬᠠᠮᠠᠭᠠᠯᠠᠬᠤ ᠳ᠋ᠧᠩ ᠤᠭᠰᠠᠷᠠᠵᠤ᠂ ᠪᠤᠰᠤᠳ ᠰᠤᠷᠭᠠᠭᠤᠯᠢ ᠶᠢᠨ ᠬᠠᠷᠠᠭ᠎ᠠ ᠬᠠᠮᠠᠭᠠᠯᠠᠬᠤ ᠳ᠋ᠧᠩ ᠤᠨ ᠲᠤᠨᠤᠭ ᠲᠦᠬᠦᠭᠡᠷᠦᠮᠵᠢ ᠶᠢ ᠵᠠᠰᠠᠨ ᠰᠢᠨᠡᠳᠬᠡᠪᠡ᠃ ᠲᠥᠷᠥᠯ ᠵᠦᠢᠯ ᠬᠡᠷᠡᠭᠵᠢᠬᠦᠯᠦᠭᠳᠡᠭᠰᠡᠨ ᠤ ᠳᠠᠷᠠᠭ᠎ᠠ᠂ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠬᠠᠷᠠᠭ᠎ᠠ ᠬᠠᠮᠠᠭᠠᠯᠠᠬᠤ ᠳ᠋ᠧᠩ ᠤᠨ ᠤᠭᠰᠠᠷᠠᠯᠲᠠ ᠶᠢ ᠪᠦᠷᠢᠨ ᠪᠦᠷᠬᠦᠬᠦᠯᠵᠦ᠂ ᠰᠤᠷᠤᠭᠴᠢᠳ ᠤᠨ ᠬᠠᠷᠠᠭᠠᠨ ᠰᠡᠷᠡᠯ ᠤᠨ ᠶᠠᠳᠠᠷᠠᠯ ᠢ ᠪᠠᠭᠠᠰᠬᠠᠵᠤ᠂ ᠤᠶᠢᠷ᠎ᠡ ᠬᠠᠷᠠᠭ᠎ᠠ ᠵᠡᠷᠭᠡ ᠬᠠᠷᠠᠭ᠎ᠠ ᠮᠠᠭᠤᠳᠠᠬᠤ ᠶᠢ ᠰᠡᠷᠭᠡᠶᠢᠯᠡᠨ᠂ ᠰᠤᠷᠤᠯᠴᠠᠬᠤ ᠦᠷ᠎ᠡ ᠠᠰᠢᠭ ᠢ ᠳᠡᠭᠡᠭᠰᠢᠯᠡᠬᠦᠯᠬᠦ ᠳᠤ ᠢᠳᠡᠪᠬᠢᠲᠡᠢ ᠦᠢᠯᠡᠳᠦᠯ ᠦᠵᠡᠭᠦᠯᠵᠤ᠂ ᠲᠠᠭᠠᠯᠠᠮᠵᠢᠲᠠᠢ ᠰᠤᠷᠤᠯᠴᠠᠬᠤ ᠤᠷᠴᠢᠨ ᠲᠤᠭᠤᠷᠢᠨ ᠢ ᠪᠤᠢ ᠪᠤᠯᠭᠠᠬᠤ ᠳᠤ ᠠᠰᠢᠭᠲᠠᠢ ᠪᠠᠶᠢᠯᠭᠠᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃    ︵ᠬᠤᠶᠠᠷ︶ ᠠᠳᠠᠯ ᠠᠬᠤᠢ ᠶᠢᠨ ᠦᠢᠯᠡᠴᠢᠯᠡᠭᠡ ᠦᠭᠡᠢ ᠰᠠᠭᠤᠭᠠᠯᠢ ᠲᠣᠭᠤᠷᠢᠭ ᠢ ᠪᠦᠬᠦᠨ ᠢ ᠬᠠᠮᠤᠷᠬᠤ ᠵᠢᠴᠢ ᠠᠳᠠᠯ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠲᠤᠷᠰᠢᠯᠲᠠ ᠶᠢᠨ ᠴᠢᠭ ᠤᠨ ᠲᠥᠷᠥᠯ ᠵᠦᠢᠯ᠃ ᠶᠡᠷᠦᠩᠬᠡᠢ ᠪᠡᠯᠡ ᠣᠷᠤᠭᠤᠯᠤᠯᠲᠠ ᠨᠢ 160 ᠲᠦᠮᠡᠨ ᠲᠥᠭᠦᠷᠢᠭ᠃ ᠲᠥᠷᠥᠯ ᠵᠦᠢᠯ ᠤᠨ ᠠᠭᠤᠯᠭ᠎ᠠ ᠳᠤ᠂ ᠨᠢᠭᠡ ᠳᠤ ᠠᠳᠠᠯ ᠠᠬᠤᠶ ᠶᠢᠨ ᠦᠢᠯᠡᠴᠢᠯᠡᠭᠡ ᠶᠢᠨ ᠱᠠᠩᠨᠠᠨ ᠬᠦᠬᠢᠭᠦᠯᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ 2025 ᠣᠨ ᠳᠤ ᠠᠳᠠᠯ ᠠᠬᠤᠶ ᠶᠢᠨ ᠦᠢᠯᠡᠴᠢᠯᠡᠭᠡ ᠦᠭᠡᠢ ᠲᠣᠭᠤᠷᠢᠭ ᠲᠤ ᠠᠳᠠᠯ ᠠᠬᠤᠶ ᠶᠢᠨ ᠦᠢᠯᠡᠴᠢᠯᠡᠭᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ ᠬᠤᠶᠠᠷ ᠲᠤ ᠭᠤᠷᠪᠠᠳᠠᠬᠢ ᠡᠲᠡᠭᠡᠳ ᠤᠨ ᠺᠣᠮᠫᠠᠨᠢ ᠶᠢ ᠣᠷᠣᠭᠤᠯᠤᠨ ᠠᠪᠴᠢᠷᠠᠵᠤ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ ᠲᠤ ᠣᠶᠤᠨᠴᠢᠯᠠᠭᠰᠠᠨ ᠠᠳᠠᠯ ᠠᠬᠤᠢ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠣᠶᠤᠨᠴᠢᠯᠠᠭᠰᠠᠨ ᠠᠳᠠᠯ ᠠᠬᠤᠢ ᠶᠢᠨ ᠲᠤᠷᠰᠢᠯᠲᠠ ᠶᠢᠨ ᠴᠢᠭ ᠢ ᠪᠣᠶ ᠪᠣᠯᠭᠠᠨ᠎ᠠ᠃ ᠭᠤᠷᠪᠠ ᠳᠤ ᠪᠦᠬᠦ ᠬᠤᠲᠠ ᠶᠢᠨ 105 ᠰᠠᠭᠤᠭᠠᠯᠢ ᠲᠣᠭᠤᠷᠢᠭ ᠲᠤ᠂ 195 ᠴᠠᠬᠢᠯᠭᠠᠨ ᠴᠡᠨᠡᠭᠯᠡᠬᠦ ᠪᠠᠭᠠᠨ᠎ᠠ ᠶᠢ ᠰᠢᠨ᠎ᠡ ᠪᠠᠷ ᠪᠠᠶᠢᠭᠤᠯᠵᠤ᠂ ᠴᠠᠭᠢᠯᠭᠠᠨ ᠤ ᠵᠠᠷᠤᠳᠠᠯ ᠤᠨ ᠦᠨ᠎ᠡ ᠶᠢᠨ ᠵᠦᠷᠢᠶ᠎ᠡ ᠳᠤ ᠨᠥᠬᠦᠪᠥᠷᠢ ᠥᠭᠬᠦ ᠠᠷᠭ᠎ᠠ ᠪᠠᠷ ᠳᠠᠮᠵᠢᠨ᠂ ᠰᠠᠭᠤᠭᠠᠯᠢ ᠠᠷᠠᠳ ᠢ ᠳᠣᠭᠳᠠᠭᠰᠠᠨ ᠴᠢᠭ ᠲᠤ ᠴᠡᠨᠡᠭᠯᠡᠬᠦ ᠶᠢ ᠬᠦᠳᠦᠯᠦᠨ ᠵᠢᠯᠣᠭᠤᠳᠣᠨ᠎ᠠ᠃ ᠲᠥᠷᠥᠯ ᠵᠦᠢᠯ ᠬᠡᠷᠡᠭᠵᠢᠬᠦᠯᠦᠭᠳᠡᠭᠰᠡᠨ ᠤ ᠳᠠᠷᠠᠭ᠎ᠠ᠂ ᠠᠳᠠᠯ ᠠᠬᠤᠶ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠤ᠂ ᠨᠡᠶᠢᠭᠡᠮ ᠤᠨ ᠴᠡᠭᠴᠡᠯᠡᠨ ᠵᠠᠰᠠᠯᠲᠠ ᠶᠢᠨ ᠴᠢᠳᠠᠪᠤᠷᠢ ᠶᠢ ᠨᠡᠮᠡᠭᠳᠡᠭᠦᠯᠦᠨ᠂ ᠤᠲᠠᠰᠤ ᠵᠠᠯᠭᠠᠨ ᠴᠡᠨᠡᠭᠯᠡᠬᠦ ᠪᠠ ᠬᠡᠷ ᠲᠤ ᠪᠠᠨ ᠴᠡᠨᠡᠭᠯᠡᠬᠦ ᠭᠠᠯ ᠤᠨ ᠠᠶᠤᠯ ᠤᠨ ᠳᠠᠯᠳᠠ ᠬᠡᠮ ᠢ ᠠᠷᠢᠯᠭᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠦᠢᠯᠡᠴᠢᠯᠡᠭᠡᠨ ᠤ ᠶᠠᠰᠤ ᠴᠢᠨᠠᠷ ᠢ ᠰᠠᠶᠢᠵᠢᠷᠠᠭᠤᠯᠤᠨ᠎ᠠ᠃    ︵ᠭᠤᠷᠪᠠ︶ ᠮᠠᠯᠵᠢᠬᠤ ᠲᠠᠷᠢᠶᠠᠯᠠᠬᠤ ᠤᠷᠤᠨ ᠤ ᠣᠰᠣᠨ ᠬᠠᠩᠭᠠᠯᠳᠠ ᠶᠢᠨ ᠪᠠᠳᠤᠯᠠᠭ᠎ᠠ ᠶᠢᠨ ᠲᠦᠷᠦᠯ ᠵᠦᠢᠯ᠃ ᠶᠡᠷᠦᠩᠬᠡᠢ ᠪᠡᠯᠡ ᠣᠷᠤᠭᠤᠯᠤᠯᠲᠠ ᠨᠢ 380 ᠲᠦᠮᠡᠨ ᠲᠥᠭᠦᠷᠢᠭ᠃ ᠲᠥᠷᠥᠯ ᠵᠦᠢᠯ ᠤᠨ ᠠᠭᠤᠯᠭ᠎ᠠ ᠳᠤ᠂ 13 ᠮᠠᠰᠢᠨ ᠴᠠᠬᠢᠯᠭᠠᠨ ᠬᠤᠳᠳᠤᠭ᠂ 70 ᠰᠠᠭᠤᠷᠢ ᠤᠰᠤ ᠬᠠᠳᠠᠭᠠᠯᠠᠬᠤ ᠵᠣᠭᠤᠷᠢ ᠪᠠ 70 ᠢᠵᠢ ᠤᠰᠤ ᠲᠠᠲᠠᠬᠤ ᠬᠤᠭᠤᠯᠠᠢ ᠱᠤᠭᠤᠮ ᠵᠢᠴᠢ ᠳᠠᠭᠠᠯᠳᠠ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠣᠨ᠎ᠠ᠃ ᠲᠥᠷᠥᠯ ᠵᠦᠢᠯ ᠬᠡᠷᠡᠭᠵᠢᠬᠦᠯᠦᠭᠳᠡᠭᠰᠡᠨ ᠤ ᠳᠠᠷᠠᠭ᠎ᠠ᠂ 4 ᠮᠠᠯᠵᠢᠬᠤ ᠭᠠᠴᠠᠭᠠᠨ ᠤ 83 ᠡᠷᠦᠬᠡ ᠶᠢᠨ 298 ᠬᠥᠮᠦᠨ ᠠᠮᠠ ᠶᠢᠨ ᠭᠠᠩ ᠬᠠᠭᠰᠠᠷᠠᠭᠠᠨ᠂ ᠴᠠᠭ ᠠᠭᠤᠷ ᠤᠨ ᠬᠦᠨᠳᠦ ᠨᠦᠬᠦᠴᠡᠯ ᠵᠡᠷᠭᠡ ᠰᠢᠯᠲᠠᠭᠠᠨ ᠠᠴᠠ ᠪᠣᠯᠤᠭᠰᠠᠨ ᠲᠦᠷ ᠴᠠᠭ ᠤᠨ ᠦᠢᠯᠡᠳᠪᠣᠷᠢᠯᠡᠯ ᠠᠮᠢᠳᠣᠷᠠᠯ ᠳᠤ ᠬᠡᠷᠡᠭᠯᠡᠬᠦ ᠣᠰᠣᠨ ᠤ ᠬᠦᠴᠢᠷᠳᠡᠯ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠮᠠᠯᠵᠢᠬᠤ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠤᠨ  ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃      ︵ᠲᠦᠷᠪᠡ︶ ᠰᠤᠷᠭᠠᠭᠤᠯᠢ ᠶᠢᠨ ᠬᠦᠷᠢᠶᠡᠨ ᠤ ᠡᠷᠬᠢᠨ ᠳᠣᠭᠤᠷᠢᠨ ᠤ ᠵᠠᠮ ᠬᠠᠷᠢᠯᠴᠠᠭᠠᠨ ᠤ ᠠᠶᠣᠯᠬᠦᠢ ᠶᠢᠨ ᠲᠥᠬᠦᠭᠡᠷᠦᠮᠵᠢ ᠶᠢ ᠰᠠᠶᠢᠵᠢᠷᠠᠭᠤᠯᠬᠤ ᠲᠥᠷᠥᠯ ᠵᠦᠢᠯ᠃ ᠶᠡᠷᠦᠩᠬᠡᠢ ᠪᠡᠯᠡ ᠣᠷᠤᠭᠤᠯᠤᠯᠲᠠ ᠨᠢ 200 ᠲᠦᠮᠡᠨ ᠲᠥᠭᠦᠷᠢᠭ᠃ ᠲᠥᠷᠥᠯ ᠵᠦᠢᠯ ᠤᠨ ᠠᠭᠤᠯᠭ᠎ᠠ ᠨᠢ᠂ ᠨᠢᠭᠡ ᠳᠤ ᠮᠠᠨ ᠤ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠡᠷᠬᠢᠨ ᠳᠣᠭᠤᠷᠢᠨ ᠳᠤ 2 ᠲᠡᠷᠭᠡᠨ ᠵᠣᠭᠰᠣᠭᠠᠯ ᠤᠨ ᠲᠠᠯᠠᠪᠤᠷ ᠢ ᠰᠢᠨ᠎ᠡ ᠪᠠᠷ ᠪᠠᠶᠢᠭᠤᠯᠵᠤ᠂ ᠵᠢᠱᠢᠯᠲᠡ ᠪᠠᠷ 300 ᠲᠡᠷᠭᠡᠨ ᠵᠣᠭᠰᠣᠭᠠᠯ ᠢ ᠰᠢᠨ᠎ᠡ ᠪᠠᠷ ᠨᠡᠮᠡᠭᠳᠡᠭᠦᠯᠬᠦ ᠪᠣᠯᠤᠨ᠎ᠠ᠃ ᠬᠤᠶᠠᠷ ᠲᠤ ᠮᠠᠨ ᠤ ᠬᠤᠲᠠ ᠶᠢᠨ 11 ᠰᠤᠷᠭᠠᠭᠤᠯᠢ ᠶᠢᠨ ᠡᠷᠬᠢᠨ ᠳᠣᠭᠤᠷᠢᠨ ᠳᠤ᠂ ᠰᠣᠷᠭᠠᠭᠤᠯᠢ ᠶᠢᠨ ᠣᠷᠴᠢᠨ ᠤ ᠠᠮᠣᠷ ᠳᠦᠪᠰᠢᠨ ᠤ ᠬᠠᠮᠠᠭᠠᠯᠠᠯᠳᠠ ᠶᠢᠨ ᠵᠠᠮ ᠢ 6830 ᠮᠧᠲᠷ᠂ ᠠᠮᠤᠷ ᠲᠦᠪᠰᠢᠨ ᠤ ᠲᠣᠣᠷᠯᠢᠭ ᠱᠤᠭᠤᠮ ᠢ 7220 ᠮᠧᠲᠷ᠂ ᠬᠤᠷᠳᠤᠴᠠ ᠶᠢ ᠣᠳᠠᠭᠠᠰᠢᠷᠡᠭᠤᠯᠬᠤ ᠰᠠᠭᠠᠳ ᠪᠦᠰᠡ ᠶᠢ 7410 ᠮᠧᠲᠷ ᠨᠡᠮᠡᠵᠦ ᠪᠠᠶᠢᠭᠤᠯᠵᠦ᠂ ᠵᠠᠮ ᠬᠠᠷᠢᠯᠴᠠᠭᠠᠨ ᠤ ᠰᠠᠭᠤᠷᠢ ᠲᠡᠮᠳᠡᠭ᠂ ᠢᠯᠭᠠᠬᠤ ᠲᠡᠮᠳᠡᠭ 100 ᠢᠵᠢ ᠶᠢ ᠨᠡᠮᠡᠵᠦ ᠳᠣᠬᠢᠷᠠᠭᠤᠯᠣᠨ᠎ᠠ᠃ ᠳᠣᠰ ᠲᠥᠷᠥᠯ ᠵᠦᠢᠯ ᠨᠢ ᠬᠡᠷᠡᠭᠵᠢᠬᠦᠯᠦᠭᠳᠡᠭᠰᠡᠨ ᠤ ᠳᠠᠷᠠᠭ᠎ᠠ᠂ ᠰᠤᠷᠭᠠᠭᠤᠯᠢ ᠶᠢᠨ ᠡᠷᠬᠢᠨ ᠲᠣᠭᠤᠷᠢᠨ ᠤ ᠵᠠᠮ ᠬᠠᠷᠢᠯᠴᠠᠭ᠎ᠠ ᠶᠢᠨ ᠤᠷᠤᠰᠬᠠᠯ ᠤᠨ ᠣᠭᠵᠣᠮ ᠨᠡᠮᠡᠭᠳᠡᠬᠦ᠂ ᠮᠠᠰᠢᠨ ᠳᠡᠷᠭᠡᠨ ᠤ ᠣᠷᠣᠰᠬᠠᠯ ᠤᠨ ᠤᠷᠬᠢᠯ ᠦᠶ᠎ᠡ ᠶᠢᠨ ᠳᠡᠷᠭᠡ ᠵᠣᠭᠰᠣᠭᠠᠬᠤ ᠳᠤ ᠬᠦᠴᠢᠷ ᠵᠡᠷᠭᠡ ᠠᠰᠠᠭᠤᠳᠠᠯ ᠢ ᠨᠠᠮᠳᠠᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠳᠤ ᠪᠠᠳᠣᠯᠠᠭ᠎ᠠ ᠬᠠᠩᠭᠠᠨ᠎ᠠ᠃      ︵ᠲᠠᠪᠤ︶ ᠨᠡᠶᠢᠭᠡᠮ ᠲᠣᠭᠤᠷᠢᠭ ᠤᠨ ᠨᠠᠰᠤᠲᠠᠶᠢᠴᠤᠤᠯ ᠳᠤ ᠳᠥᠭᠦᠮ ᠦᠵᠡᠭᠦᠯᠬᠦ ᠬᠤᠭᠤᠯᠠᠨ ᠭᠡᠷ ᠤᠨ ᠲᠥᠷᠥᠯ ᠵᠦᠢᠯ᠃ ᠶᠡᠷᠦᠩᠬᠡᠢ ᠪᠡᠯᠡ ᠣᠷᠣᠭᠤᠯᠣᠯᠳᠠ ᠨᠢ 50 ᠲᠦᠮᠡᠨ ᠲᠥᠭᠦᠷᠢᠭ᠃ ᠪᠠᠷᠠᠭᠤᠨ ᠬᠤᠳᠠ ᠨᠡᠶᠢᠭᠡᠮ ᠲᠣᠭᠤᠷᠢᠭ ᠤᠨ ︽ᠵᠢᠤᠢ ᠰᠢᠶᠠᠩ ᠹᠦ᠋︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠠᠰᠠᠷ ᠂ ᠤᠯᠠᠭᠠᠨ ᠨᠡᠶᠢᠭᠡᠮ ᠲᠣᠭᠤᠷᠢᠭ ᠤᠨ ᠰᠤᠯᠠ ᠪᠠᠶᠢᠬᠤ ᠬᠡᠷ ᠪᠠᠶᠢᠰᠢᠩ ᠢ ᠠᠰᠢᠭᠯᠠᠨ᠂ ᠨᠡᠶᠢᠭᠡᠮ ᠲᠣᠭᠤᠷᠢᠭ ᠤᠨ ᠨᠠᠰᠤᠲᠠᠶᠢᠴᠤᠤᠯ ᠳᠤ ᠲᠥᠬᠦᠮ ᠦᠵᠡᠭᠦᠯᠬᠦ ᠬᠤᠭᠤᠯᠠᠨ ᠬᠡᠷ 2 ᠢ ᠥᠭᠡᠷᠡᠴᠢᠯᠡᠨ ᠪᠠᠶᠢᠭᠤᠯᠵᠤ᠂ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠶ ︽ᠵᠠᠬ᠎ᠠ ᠳᠡᠯᠭᠡᠭᠦᠷ+ᠨᠡᠶᠢᠲᠡ ᠶᠢᠨ ᠠᠰᠠᠷᠠᠮᠵᠢ︾ ᠶᠢᠨ ᠵᠠᠭᠪᠤᠷ ᠢᠶᠠᠷ ᠡᠵᠡᠩᠨᠡᠨ᠂ ᠨᠠᠰᠤᠲᠠᠶᠢᠴᠤᠤᠯ ᠳᠤ ᠳᠦᠭᠦᠮ ᠦᠵᠡᠭᠦᠯᠬᠦ ᠬᠤᠭᠤᠯᠠᠨ ᠭᠡᠷ ᠤᠨ ᠳᠦᠬᠦᠭᠡᠷᠦᠮᠵᠢ ᠬᠤᠳᠠᠯᠳᠤᠨ ᠠᠪᠬᠤ ᠳᠤ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠨ᠎ᠠ᠃  ᠳᠣᠰ ᠲᠥᠷᠥᠯ ᠵᠦᠢᠯ ᠬᠡᠷᠡᠭᠵᠢᠬᠦᠯᠦᠭᠳᠡᠭᠰᠡᠨ ᠤ ᠳᠠᠷᠠᠭ᠎ᠠ᠂ ᠥᠨᠳᠥᠷ ᠨᠠᠰᠤᠲᠠᠨ᠂ ᠠᠮᠢᠳᠣᠷᠠᠯ ᠬᠦᠴᠢᠷᠳᠡᠯᠲᠡᠶ ᠨᠠᠰᠤᠲᠠᠨ᠂ ᠳᠣᠣᠷ᠎ᠠ ᠪᠠᠲᠤᠯᠠᠭᠠᠲᠤ ᠬᠡᠷ ᠪᠦᠯᠢ ᠵᠡᠷᠭᠡ ᠶᠢᠨ ᠬᠤᠭᠤᠯᠠᠨ ᠤ ᠠᠰᠠᠭᠤᠳᠠᠯ ᠳᠤ ᠬᠠᠷᠠᠭᠠᠯᠵᠠᠯ ᠦᠵᠡᠭᠦᠯᠵᠦ᠂ ︽ᠬᠤᠶᠠᠷ ᠠᠵᠤ ᠠᠬᠤᠶᠢᠯᠠᠯ ᠭᠤᠷᠪᠠᠨ ᠰᠢᠨ᠎ᠡ︾ ᠬᠥᠮᠦᠰ᠂ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠣᠷᠠᠴᠣᠳ᠂ ᠠᠷᠠᠳ ᠤᠨ ᠠᠮᠢᠳᠤᠷᠠᠯ ᠤᠨ ᠰᠠᠶᠢᠨ ᠳᠣᠷᠠᠴᠣᠳ ᠵᠡᠷᠭᠡ ᠶᠢᠨ ᠬᠤᠭᠤᠯᠠᠨ ᠤ ᠠᠰᠠᠭᠤᠳᠠᠯ ᠳᠤ ᠲᠥᠬᠦᠮ ᠦᠵᠡᠭᠦᠯᠵᠦ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠬᠦᠯᠦᠨ᠎ᠡ᠃      ︵ᠵᠢᠷᠭᠤᠭ᠎ᠠ︶ ᠬᠠᠭᠤᠴᠢᠨ ᠰᠠᠭᠤᠭᠠᠯᠢ ᠲᠣᠭᠤᠷᠢᠭ ᠤᠨ ᠵᠠᠮ ᠤᠨ ᠳ᠋ᠧᠩ ᠲᠥᠬᠦᠭᠡᠷᠦᠮᠵᠢ ᠶᠢ ᠳᠡᠭᠡᠭᠰᠢᠯᠡᠭᠦᠯᠬᠦ ᠲᠥᠷᠥᠯ ᠵᠦᠢᠯ᠃ ᠶᠡᠷᠦᠩᠬᠡᠢ ᠪᠡᠯᠡ ᠣᠷᠣᠭᠤᠯᠤᠯᠲᠠ ᠨᠢ 735 ᠲᠦᠮᠡᠨ ᠲᠥᠭᠦᠷᠢᠭ᠃ ᠲᠥᠷᠥᠯ ᠵᠦᠢᠯ ᠤᠨ ᠠᠭᠤᠯᠭ᠎ᠠ ᠳᠤ᠂ ᠨᠢᠭᠡ ᠳᠤ ᠷᠦ᠋ ᠢ ᠶᠡᠷᠦᠩᠬᠡᠶᠢᠯᠡᠭᠰᠡᠨ ᠠᠰᠠᠷ ᠵᠡᠷᠭᠡ ᠬᠠᠭᠤᠴᠢᠨ ᠰᠠᠭᠤᠭᠠᠯᠢ ᠲᠣᠭᠤᠷᠢᠭ ᠵᠢᠴᠢ ︽ᠬᠠᠷᠠᠩᠭᠤᠢ ᠵᠡᠭᠡᠯᠢ ᠨᠠᠷᠢᠨ ᠭᠤᠳᠤᠮᠵᠢ︾ ᠳᠤ ᠵᠠᠮ ᠤᠨ ᠳ᠋ᠧᠩ ᠵᠢᠴᠢ ᠣᠶᠤᠨᠴᠢ ᠡᠵᠡᠮᠰᠢᠯ ᠤᠨ ᠮᠠᠰᠢᠨ ᠳᠦᠬᠦᠬᠡᠷᠦᠮᠵᠢ ᠶᠢ ᠣᠭᠰᠠᠷᠠᠨ᠎ᠠ︔ ᠬᠤᠶᠠᠷ ᠲᠤ ᠬᠤᠲᠠ ᠲᠣᠭᠤᠷᠢᠭ ᠤᠨ ᠭᠤᠣᠯ ᠳᠡᠳ᠋ ᠵᠠᠮ ᠤᠨ ᠳ᠋ᠧᠩ ᠵᠢᠴᠢ ᠬᠦᠴᠦᠳᠡᠯ ᠥᠭᠡᠷᠡᠴᠢᠯᠡᠭᠴᠢ ᠶᠢᠨ ᠲᠥᠬᠦᠭᠡᠷᠦᠮᠵᠢ ᠶᠢ ᠣᠶᠣᠨᠴᠢ ᠥᠭᠡᠷᠡᠴᠢᠯᠡᠯᠲᠡ ᠪᠣᠯᠭᠠᠨ ᠬᠤᠪᠢᠷᠠᠭᠤᠯᠤᠨ᠎ᠠ᠃ ᠲᠤᠰ ᠲᠦᠷᠦᠯ ᠵᠦᠢᠯ ᠬᠡᠷᠡᠭᠵᠢᠭᠦᠯᠦᠭᠳᠡᠭᠰᠡᠨ ᠤ ᠳᠠᠷᠠᠭ᠎ᠠ᠂ ᠡᠨᠧᠷᠭᠢ ᠶᠢᠨ ᠬᠤᠷᠣᠭᠳᠠᠭᠤᠯᠤᠯ ᠢ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠤ ᠠᠰᠢᠭᠲᠠᠢ ᠪᠠᠶᠢᠵᠤ᠂ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠦᠵᠡᠬᠦᠯᠬᠦ ᠪᠣᠯᠣᠨ᠎ᠠ᠃    ᠲᠥᠯᠥᠭᠡᠯᠡᠭᠴᠢᠳ ᠡ᠂ ᠠᠷᠠᠳ ᠤᠨ ᠠᠮᠢᠳᠤᠷᠠᠯ ᠤᠨ ᠵᠣᠯ ᠵᠢᠷᠭᠠᠯ ᠢ ᠨᠡᠮᠡᠭᠳᠡᠭᠦᠯᠬᠦ ᠪᠣᠯ ᠬᠥᠭᠵᠢᠯᠲᠡ ᠶᠢᠨ ᠦᠨᠳᠦᠰᠦᠨ ᠵᠣᠷᠢᠯᠭ᠎ᠠ ᠮᠥᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠪᠣᠯ ᠠᠷᠠᠳ ᠤᠨ ᠬᠦᠰᠡᠯ ᠡᠷᠡᠮᠡᠯᠵᠡᠯ᠂ ᠵᠠᠰᠠᠭ ᠤᠨ ᠠᠵᠢᠯ ᠤᠨ ᠴᠢᠭᠯᠡᠯ ᠮᠥᠨ᠃ ᠬᠤᠲᠠ ᠶᠢᠨ ᠵᠠᠰᠠᠭ ᠤᠨ ᠣᠷᠳᠣᠨ ᠨᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠦᠨᠡᠨ ᠪᠣᠳᠠᠲᠠᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠳᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠠᠴᠠ ᠪᠢᠯᠧᠲ ᠦᠭᠴᠦ ᠪᠠᠳᠣᠯᠠᠭᠤᠯᠬᠤ   ᠲᠦᠷᠢᠮ ᠤᠨ ᠠᠵᠢᠯ ᠨᠡᠩ ᠰᠠᠶᠢᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠲᠥᠯᠥᠭᠡᠯᠡᠭᠴᠢᠳ ᠤᠨ ᠰᠡᠳᠬᠢᠯ ᠬᠠᠨᠤᠮᠵᠢᠲᠠᠢ ᠂ ᠤᠯᠠᠨ ᠲᠦᠮᠡᠨ ᠳᠤ ᠠᠰᠢᠭ ᠬᠦᠷᠲᠡᠭᠡᠬᠦ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠨ ᠪᠦᠳᠦᠭᠡᠨ ᠪᠠᠶᠢᠭᠤᠯᠣᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号