ᠡᠷᠢᠶᠡᠨ ᠬᠤᠳᠠ ᠶᠢᠨ ᠠᠷᠪᠠᠨ ᠵᠢᠷᠭᠤᠳᠣᠭᠠᠷ ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ | ᠶᠡᠭᠡ ᠬᠤᠷᠠᠯ ᠤᠨ ᠳᠦᠷᠪᠡᠳᠣᠬᠡᠷ ᠣᠳᠠᠭᠠᠨ ᠤ ᠬᠤᠷᠠᠯ ᠤᠨ ︵ ᠪᠢᠴᠢᠭ ᠮᠠᠲ᠋ᠧᠷᠢᠶᠡᠯ ︶ | | | 2025 ᠣᠨ ᠤ 1 ᠰᠠᠷ᠎ᠠ ᠶᠢᠨ9 ᠤ ᠡᠳᠦᠷ ᠡᠷᠢᠶᠡᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠣᠳᠠᠭᠠᠨ ᠤ ᠬᠤᠷᠠᠯᠳᠤᠭᠠᠨ ᠳᠡᠭᠡᠷ᠎ᠡ | ᠮᠠ ᠬᠠᠢ ᠲᠣᠣ | | | ᠲᠥᠯᠥᠭᠡᠯᠡᠭᠴᠢᠳ ᠡ᠄ | ᠣᠳᠣ ᠪᠢ ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ | ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠣᠷᠠᠳᠣᠭᠠᠷᠠᠢ᠃ | ᠨᠢᠭᠡ᠂ 2024 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠬᠤᠲᠠ ᠶᠢᠨ ᠵᠠᠰᠠᠭ ᠤᠨ ᠣᠷᠳᠣᠨ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ | ᠲᠤᠤᠱᠯᠠᠭᠤᠯᠵᠤ᠂ ᠨᠢᠭᠡ ᠭᠤᠤᠯ ᠰᠢᠵᠢᠮ ᠢ ᠢᠮᠠᠭᠳᠠ ᠪᠠᠷᠢᠮᠳᠠᠯᠠᠵᠦ᠂ ᠴᠢᠨᠠᠷ ᠰᠠᠶᠢᠲᠠᠶ ᠬᠥᠭᠵᠢᠯᠲᠡ ᠶᠢ | ᠲᠣᠭᠲᠠᠭᠠᠵᠤ᠂ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ | ᠢᠨᠵᠧᠨᠧᠷᠢᠩ︾ ᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠪᠣᠭᠤᠮᠲᠠ ᠶᠢᠨ ᠬᠥᠭᠵᠢᠯᠲᠡ ᠶᠢᠨ ᠬᠠᠨᠳᠤᠰᠢ | ᠤᠯᠠᠮ ᠠᠴᠠ ᠤᠯᠠᠮ ᠰᠠᠶᠢᠵᠢᠷᠠᠵᠤ᠂ ᠠᠮᠢᠵᠢᠷᠠᠯ ᠤᠨ ᠬᠦᠴᠦᠨ ᠤᠯᠠᠮ ᠠᠴᠠ ᠤᠯᠠᠮ ᠴᠢᠩᠭᠠᠷᠠᠵᠤ᠂ ᠡᠷᠴᠢ ᠵᠣᠷᠢᠭ | ᠤᠯᠠᠮ ᠠᠴᠠ ᠤᠯᠠᠮ ᠲᠡᠭᠦᠯᠳᠡᠷ ᠪᠣᠯᠪᠠ᠃ | —— ᠪᠦᠬᠦ ᠬᠦᠴᠦᠨ ᠢᠶᠠᠷ ᠢᠶᠠᠨ ᠠᠵᠤ ᠠᠬᠤᠢ ᠶᠢ ᠠᠳᠬᠤᠵᠦ ᠬᠦᠭᠵᠢᠯᠳᠠ ᠶᠢ ᠠᠬᠢᠭᠤᠯᠣᠨ᠂ | ᠬᠦᠭᠵᠢᠯᠳᠠ ᠶᠢᠨ ᠬᠠᠨᠳᠣᠰᠢ ᠶᠢ ᠦᠷᠬᠦᠯᠵᠢᠯᠡᠨ ᠪᠠᠳᠣᠳᠬᠠᠪᠠ᠃ ᠠᠵᠤ ᠠᠬᠤᠢ ᠶᠢᠨ ᠲᠣᠬᠢᠷᠠᠭᠤᠯᠤᠯᠲᠠ ᠶᠢ ᠥᠨᠳᠥᠷ | ᠪᠦᠲᠦᠮᠵᠢᠲᠡᠢ ᠨᠠᠷᠢᠯᠢᠭ ᠣᠨᠣᠪᠴᠢᠲᠠᠢ ᠪᠠᠶᠢᠯᠭᠠᠪᠠ᠃ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ | ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠥᠨᠳᠥᠷ ᠪᠠᠶᠢᠷᠢᠨ ᠳᠤ ᠨᠢᠭᠡᠳᠦᠯᠲᠡᠶ ᠲᠥᠯᠥᠪᠯᠡᠨ᠂ ᠬᠦᠴᠦᠲᠡᠶ | ᠠᠬᠢᠭᠤᠯᠵᠤ᠂ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 78.9 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7% ᠣᠷᠴᠢᠮ ᠨᠡᠮᠡᠭᠳᠡᠪᠡ︔ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ 42.2 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 100 % ᠣᠷᠴᠢᠮ | ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 4.5 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ 61.9 % ᠣᠷᠴᠢᠮ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠪᠣᠷᠣᠯᠠᠭᠤᠯᠣᠭᠰᠠᠨ ᠶᠡᠷᠦᠩᠬᠡᠶ ᠲᠤᠭ᠎ᠠ 24 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 2.5% ᠣᠷᠴᠢᠮ | ᠨᠡᠮᠡᠭᠳᠡᠪᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | 55900 ᠲᠥᠭᠦᠷᠢᠭ ᠪᠠᠶᠢᠵᠤ᠂ 4.5% ᠣᠷᠴᠢᠮ ᠨᠡᠮᠡᠭᠳᠡᠪᠡ︔ ᠮᠠᠯᠴᠢᠨ ᠲᠠᠷᠢᠶᠠᠴᠢᠨ ᠤ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 38580 ᠲᠥᠭᠦᠷᠢᠭ ᠪᠠᠶᠢᠵᠤ᠂ 6% ᠣᠷᠴᠢᠮ ᠨᠡᠮᠡᠭᠳᠡᠪᠡ᠃ | ᠪᠦᠬᠦ ᠠᠶᠢᠮᠠᠭ ᠤᠨ ᠶᠡᠷᠦᠩᠬᠡᠶᠢᠯᠡᠭᠰᠡᠨ ᠨᠡᠷᠡᠰ ᠤᠨ ᠵᠢᠭᠰᠠᠭᠠᠯᠲᠠ ᠳᠤ ᠨᠢᠭᠡᠳᠦᠭᠡᠷ ᠲᠤ ᠣᠷᠣᠪᠠ᠃ ᠪᠡᠯᠡ | ᠣᠷᠣᠭᠤᠯᠤᠯᠲᠠ ᠶᠢ ᠬᠦᠴᠦᠲᠡᠢ ᠠᠬᠢᠭᠤᠯᠪᠠ᠃ ︽ᠲᠥᠷᠥᠯ ᠵᠦᠢᠯ ᠢ ᠶᠡᠭᠡ ᠪᠠᠷ ᠠᠳᠬᠤᠵᠤ᠂ ᠲᠣᠮᠣ ᠲᠥᠷᠥᠯ | ᠵᠦᠢᠯ ᠢ ᠠᠳᠬᠤᠬᠤ︾ ᠶᠢ ᠪᠠᠷᠢᠮᠲᠠᠯᠠᠵᠤ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ 82 ᠶᠢ ᠬᠡᠷᠡᠭᠵᠢᠭᠦᠯᠵᠦ᠂ ᠪᠠᠯᠠ ᠣᠷᠣᠭᠤᠯᠤᠯᠲᠠ ᠶᠢ | ᠨᠢᠭᠡ ᠳᠠᠬᠢᠨ ᠨᠡᠮᠡᠭᠳᠡᠬᠦᠯᠵᠦ᠂ ᠪᠥᠬᠦ ᠠᠶᠢᠮᠠᠭ ᠲᠤ ᠬᠤᠶᠠᠳᠤᠭᠠᠷ ᠲᠤ ᠵᠢᠭᠰᠠᠭᠠᠭᠳᠠᠪᠠ᠃ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ︽ᠨᠢᠭᠡᠳᠦᠭᠡᠷ ᠨᠣᠮᠧᠷᠲᠤ ᠢᠨᠵᠧᠨᠧᠷᠢᠩ︾ ᠢ ᠴᠢᠩᠭ᠎ᠠ ᠠᠳᠬᠤᠵᠦ᠂ ︽ᠭᠠᠳᠠᠭᠰᠢ ᠭᠠᠷᠬᠤ᠂ | ᠣᠷᠢᠵᠦ ᠣᠷᠣᠭᠤᠯᠬᠤ︾ 129 ᠠᠵᠤ ᠠᠬᠤᠶᠢᠯᠠᠯ ᠲᠠᠢ ᠵᠣᠯᠭᠠᠭᠤᠯᠵᠤ᠂ 18 ᠲᠥᠷᠥᠯ ᠵᠦᠢᠯ ᠤᠨ ᠭᠡᠷ᠎ᠡ | ᠲᠣᠭᠲᠠᠵᠤ᠂ 14.5 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ 72 % ᠪᠠᠷ | ᠨᠡᠮᠡᠭᠳᠡᠬᠦᠯᠦᠨ᠂ ᠨᠡᠮᠡᠭᠳᠡᠯ ᠤᠨ ᠬᠤᠷᠳᠤᠴᠠ ᠨᠢ ᠪᠦᠬᠦ ᠠᠶᠢᠮᠠᠭ ᠤᠨ ᠡᠮᠦᠨ᠎ᠡ ᠡᠩᠨᠡᠭᠡᠨ ᠳᠤ ᠵᠢᠭᠰᠠᠭᠠᠭᠳᠠᠪᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠲᠠᠰᠤᠷᠠᠯᠲᠠ ᠦᠭᠡᠢ ᠰᠢᠯᠢᠳᠡᠭᠵᠢᠪᠡ᠃ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠢᠨᠵᠧᠨᠧᠷᠢᠩ ᠢᠶᠠᠷ ᠬᠥᠲᠥᠯᠦᠮᠵᠢ ᠪᠣᠯᠭᠠᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶ ᠶᠢᠨ ᠬᠥᠭᠵᠢᠯᠲᠡ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ 2383 ᠠᠵᠦ | ᠠᠬᠤᠶᠢᠯᠠᠯ᠂ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠤᠨ ᠵᠢᠭᠡᠯᠡᠯᠭᠡ 4.9 ᠳ᠋ᠦᠩᠰᠢᠭᠤᠷ ᠲᠥᠭᠦᠷᠢᠭ ᠪᠠᠶᠢᠵᠦ᠂ | ᠭᠠᠶᠢᠯᠢ ᠰᠦᠢᠳᠬᠡᠯ ᠢ 4.1 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠪᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠲᠤᠪᠠᠷ ᠡᠳ᠋ᠯᠡᠬᠦ | ᠲᠠᠪᠴᠠᠩ ᠢ ᠪᠠᠶᠢᠭᠤᠯᠣᠨ ᠠᠵᠢᠯᠯᠠᠭᠤᠯᠵᠦ᠂ 13 ︽ᠥᠨᠳᠥᠷ ᠪᠦᠲᠦᠮᠵᠢᠲᠡᠶ ᠪᠠᠷ ᠨᠢᠭᠡ ᠶᠠᠪᠣᠳᠠᠯ ᠢ ᠬᠦᠢᠴᠡᠳᠬᠡᠬᠦ︾ | ᠭᠤᠤᠯᠳᠠᠯᠭ᠎ᠠ ᠲᠠᠢ ᠵᠦᠢᠯᠡᠰ ᠢ ᠰᠦᠯᠵᠢᠶᠡᠨ ᠳᠤ ᠣᠷᠣᠭᠤᠯᠤᠨ᠂ 12345 ᠬᠠᠯᠠᠮᠰᠢᠯ ᠤᠲᠠᠰᠤ ᠪᠠᠷ ᠭᠦᠢᠴᠡᠳᠭᠡᠬᠦ | ︽ᠭᠤᠷᠪᠠᠨ ᠨᠣᠷᠮ᠎ᠠ︾ ᠶᠢ ᠳᠠᠷᠠᠭᠠᠯᠠᠨ ᠭᠤᠷᠪᠠᠨ ᠣᠯᠠᠷᠢᠯ 100 % ᠶᠢ ᠪᠠᠲᠤᠯᠠᠪᠠ᠃ ᠪᠦᠬᠦ ᠤᠯᠤᠰ ᠤᠨ | ᠠᠩᠬᠠᠳᠠᠭᠴᠢ ᠳᠣᠲᠣᠭᠠᠳᠤ ᠭᠠᠳᠠᠭᠠᠳᠤ ᠶᠢᠨ ᠪᠣᠭᠤᠮᠲᠠ ᠶᠢᠨ ᠪᠠᠷᠠᠭ᠎ᠠ ᠠᠴᠢᠶᠠᠯᠠᠬᠤ ᠨᠠᠷᠢᠨ ᠳᠠᠩᠰᠠ ᠶᠢᠨ | ᠡᠯᠧᠺᠲᠷᠦᠨ ᠲᠤᠭ᠎ᠠ ᠪᠠᠷᠢᠮᠲᠠ ᠶᠢᠨ ᠰᠣᠯᠢᠯᠴᠠᠭᠠᠨ ᠤ ᠲᠥᠷᠥᠯ ᠵᠦᠢᠯ ᠡᠷᠢᠶᠡᠨ ᠬᠤᠲᠠ ᠳᠤ ᠣᠷᠣᠪᠠ᠃ ︽ | ᠬᠢᠯᠢ ᠶᠢᠨ ᠪᠠᠶᠢᠴᠠᠭᠠᠯᠲᠠ ᠶᠢᠨ ᠨᠡᠪᠳᠡᠷᠡᠯᠴᠡᠭᠡ︾ ᠳᠠᠩᠰᠠᠯᠠᠭᠤᠯᠵᠦ ᠪᠣᠯᠵᠣᠬᠤ ᠦᠢᠯᠡᠴᠢᠯᠡᠭᠡᠨ ᠤ ᠣᠶᠤᠨᠴᠢ | ᠰᠢᠰᠲ᠋ᠧᠮ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠲᠡᠮᠦᠷ ᠵᠠᠮ ᠤᠨ ᠪᠣᠭᠤᠮᠲᠠ ᠪᠠᠷ ᠨᠡᠪᠳᠡᠷᠡᠬᠦ | ᠬᠤᠭᠤᠴᠠᠭ᠎ᠠ ᠶᠢ 5% ᠪᠠᠷ ᠪᠣᠭᠤᠨᠢᠰᠬᠠᠪᠠ᠃ ᠪᠣᠭᠤᠮᠲᠠ ᠨᠡᠪᠳᠡᠷᠡᠬᠦ ᠬᠥᠮᠦᠨ ᠤ ᠲᠤᠭ᠎ᠠ ᠪᠠ ᠲᠡᠷᠭᠡ ᠬᠥᠰᠬᠡ ᠲᠤᠰ | ᠲᠤᠰ 259 ᠳᠦᠮᠡ ︵ᠬᠦᠮᠦᠨ ᠣᠳᠠᠭ᠎ᠠ︶᠂ 67.6 ᠲᠦᠮᠡ ︵ᠴᠣᠪᠣᠭ᠎ᠠ︶ ᠶᠢ ᠳᠠᠪᠠᠵᠤ᠂ ᠲᠡᠦᠬᠡ ᠶᠢᠨ | ᠰᠢᠨ᠎ᠡ ᠥᠨᠳᠥᠷ ᠢ ᠡᠭᠦᠳᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠬᠦᠨᠵᠡᠬᠡᠶᠢᠷᠡᠬᠦᠯᠦᠨ ᠳᠡᠭᠡᠭᠰᠢᠯᠡᠬᠦᠯᠵᠦ᠂ ᠢ ᠯᠢ ᠠᠷᠠᠯᠵᠢᠶᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠰᠢᠨ᠎ᠡ ᠪᠠᠷ | ᠪᠠᠶᠢᠭᠤᠯᠪᠠ᠃ | —— ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠳᠣᠳᠬᠠᠨ ᠨᠡᠭᠡᠭᠡᠯᠲᠡ ᠶᠢ ᠠᠳᠬᠤᠵᠦ᠂ ᠴᠢᠳᠠᠪᠣᠷᠢ | ᠪᠠᠨ ᠳᠡᠭᠡᠭᠰᠢᠯᠡᠭᠦᠯᠦᠨ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠪᠠ᠃ | ᠨᠡᠭᠡᠭᠡᠯᠲᠡᠲᠦ ᠲᠠᠪᠴᠠᠩ ᠳᠤ ᠳᠦᠪᠯᠡᠷᠡᠬᠦᠯᠦᠨ᠂ ᠳᠠᠪᠠᠭᠤᠯᠢᠭ ᠬᠦᠴᠦᠨ ᠢᠶᠠᠨ ᠪᠠᠳᠠᠷᠠᠭᠤᠯᠪᠠ᠃ ᠳᠤᠮᠳᠠᠳᠤ | ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠵᠢᠴᠢ ᠬᠠᠮᠢᠶᠠᠷᠤᠯᠲᠠ ᠶᠢᠨ ᠪᠠᠶᠢᠭᠤᠯᠤᠮᠵᠢ | ᠵᠢᠩᠬᠢᠨᠢ ᠪᠠᠷ ᠵᠥᠪᠰᠢᠶᠡᠷᠡᠭᠳᠡᠵᠦ᠂ ᠬᠠᠮᠲᠤ ᠪᠠᠷ ᠬᠥᠭᠵᠢᠭᠦᠯᠬᠦ ᠶᠡᠷᠦᠩᠬᠡᠶ ᠲᠥᠰᠦᠯ᠂ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠨᠠᠷᠢᠨ ᠲᠥᠯᠥᠪᠵᠢᠭᠦᠯᠭᠡ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ | ᠲᠣᠪᠬᠢᠮᠠᠯ ᠢ ᠮᠡᠳᠡᠭᠦᠯᠦᠨ ᠵᠥᠪᠰᠢᠶᠡᠷᠡᠭᠦᠯᠪᠡ᠃ ᠰᠢᠯᠭᠠᠨ ᠪᠠᠶᠢᠴᠠᠭᠠᠬᠤ ᠲᠣᠭᠤᠷᠢᠭ ᠤᠨ ᠡᠮᠦᠨ᠎ᠡ ᠤᠮᠠᠷ᠎ᠠ ᠠᠭᠤᠳᠠᠮ | ᠲᠠᠯᠠᠪᠠᠢ ᠶᠢᠨ ᠭᠤᠣᠯ ᠪᠣᠯᠬᠤ ᠪᠠᠷᠢᠯᠭ᠎ᠠ ᠶᠢᠨ ᠠᠵᠢᠯ ᠳᠠᠭᠤᠰᠴᠤ᠂ ᠢᠯᠴᠢ ᠬᠠᠩᠭᠠᠬᠤ ᠲᠥᠷᠥᠯ ᠵᠦᠢᠯ ᠢ ᠪᠠᠶᠢᠭᠤᠯᠤᠨ | ᠳᠠᠭᠤᠰᠬᠠᠵᠤ ᠠᠰᠢᠭᠯᠠᠯᠲᠠ ᠳᠤ ᠣᠷᠣᠭᠤᠯᠵᠦ᠂ ᠰᠢᠯᠭᠠᠨ ᠪᠠᠶᠢᠴᠠᠭᠠᠬᠤ ᠠᠰᠠᠷ ᠤᠨ ᠳᠣᠳᠣᠷᠠᠬᠢ ᠵᠠᠰᠠᠯ ᠴᠢᠮᠡᠭᠯᠡᠯ ᠤᠨ | ᠠᠵᠢᠯ ᠵᠡᠷᠭᠡ ᠲᠥᠷᠥᠯ ᠵᠦᠢᠯ ᠢ ᠲᠦᠷᠭᠡᠳᠬᠡᠵᠦ᠂ 1.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠬᠦᠯᠪᠡ᠃ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ ᠤᠨ B ᠲᠣᠭᠤᠷᠢᠭ᠂ ᠬᠠᠷᠢᠯᠴᠠᠨ | ᠠᠷᠠᠯᠵᠢᠶᠠᠯᠠᠬᠤ ᠲᠠᠸᠠᠷ ᠤᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠠᠰᠢᠭᠯᠠᠯᠲᠠ ᠳᠤ ᠣᠷᠣᠵᠤ᠂ ᠬᠠᠷᠢᠯᠴᠠᠨ | ᠠᠷᠠᠯᠵᠢᠶᠠᠯᠠᠬᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠠᠮᠵᠢᠯᠳᠠ ᠲᠠᠢ ᠪᠡᠶᠡᠯᠡᠭᠦᠯᠵᠦ᠂ ᠬᠦᠯᠳᠡᠭᠡᠭᠰᠡᠨ | ᠠᠳᠤᠭᠤᠨ ᠤ ᠮᠢᠬ᠎ᠠ᠂ ᠢᠮᠠᠭᠠᠨ ᠨᠣᠯᠤᠤᠷ᠂ ᠮᠠᠭᠠᠯᠢᠩᠭᠤ ᠶᠢᠨ ᠦᠷ᠎ᠡ ᠵᠡᠷᠭᠡ ᠭᠠᠳᠠᠭᠠᠳᠤ ᠠᠴᠠ ᠣᠷᠣᠭᠤᠯᠤᠭᠰᠠᠨ | ᠲᠠᠸᠠᠷ ᠢ ᠪᠠᠶᠢᠩᠭᠤᠵᠢᠭᠤᠯᠤᠨ ᠡᠳ᠋ᠰᠢᠭᠦᠯᠬᠦ ᠶᠢ ᠪᠡᠶᠡᠯᠡᠭᠦᠯᠵᠦ᠂ ᠬᠠᠷᠢᠯᠴᠠᠨ ᠠᠷᠠᠯᠵᠢᠶᠠᠯᠠᠬᠤ ᠠᠷᠠᠯᠵᠢᠶᠠᠨ ᠤ ᠲᠤᠭ᠎ᠠ 5. | 2 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠤ ᠲᠤᠯᠤᠭᠠᠨ ᠬᠤᠪᠢ ᠠᠴᠠ ᠳᠡᠭᠡᠭᠰᠢ ᠶᠢ ᠡᠵᠡᠯᠡᠪᠡ᠃ ︽ | ᠡᠷᠢᠶᠡᠨ ᠬᠤᠲᠠ ᠶᠢᠨ ᠬᠢᠯᠢ ᠳᠠᠭᠠᠤ ᠶᠢᠨ ᠠᠵᠤ ᠦᠢᠯᠡᠰ ᠤᠨ ᠬᠦᠷᠢᠶᠡᠯᠡᠩ ᠤᠨ ᠬᠥᠭᠵᠢᠯᠲᠡ ᠶᠢᠨ ᠲᠥᠯᠥᠪᠵᠢᠭᠦᠯᠭᠡ | ︵2024 - 2030 ᠣᠨ︶︾ ᠶᠢ ᠡᠬᠢᠯᠡᠨ ᠨᠠᠶᠢᠷᠠᠭᠤᠯᠵᠦ᠂ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ | ᠣᠷᠣᠨ ᠤ ᠭᠠᠶᠢᠯᠢ ᠪᠠᠲᠤᠯᠠᠬᠤ ᠬᠥᠮᠥᠷᠭᠡ ᠶᠢ ᠠᠰᠢᠭᠯᠠᠯᠲᠠ ᠳᠤ ᠣᠷᠣᠭᠤᠯᠪᠠ᠃ ᠨᠡᠭᠡᠭᠡᠯᠲᠡᠲᠦ ᠵᠠᠮ ᠢ | ᠰᠢᠯᠢᠳᠡᠭᠵᠢᠭᠦᠯᠦᠨ ᠦᠷᠭᠡᠳᠬᠡᠪᠡ᠃ ᠣᠯᠠᠨ ᠣᠯᠣᠰ ᠤᠨᠠᠭᠠᠷ ᠠᠶᠠᠯᠠᠯ ᠤᠨ ᠪᠣᠭᠤᠮᠲᠠ ᠶᠢᠨ ᠭᠠᠳᠠᠭᠠᠳᠤ | ᠨᠡᠭᠡᠭᠡᠯᠲᠡ ᠨᠢ ᠤᠯᠤᠰ ᠤᠨ ᠬᠢᠨᠠᠨ ᠰᠢᠯᠭᠠᠨ ᠢ ᠥᠩᠭᠡᠷᠡᠭᠦᠯᠪᠡ᠃ ᠵᠠᠰᠠᠮᠠᠯ ᠵᠠᠮ ᠤᠨ ᠪᠣᠭᠤᠮᠲᠠ ᠨᠢ ᠪᠥᠬᠦ | ᠤᠯᠤᠰ ᠤᠨ ᠠᠩᠬᠠᠳᠠᠭᠴᠢ ᠮᠣᠩᠭᠤᠯ ᠣᠯᠣᠰ ᠲᠤ ᠬᠠᠨᠳᠣᠭᠰᠠᠨ 24 ᠴᠠᠭ ᠤᠨ ᠪᠠᠷᠠᠭᠠᠨ ᠤ ᠲᠡᠭᠡᠭᠡᠪᠦᠷᠢ ᠶᠢᠨ | ᠲᠤᠷᠰᠢᠨ ᠬᠡᠷᠡᠭᠵᠢᠭᠦᠯᠬᠦ ᠪᠣᠭᠤᠮᠲᠠ ᠪᠣᠯᠵᠣ᠂ ᠳᠤᠮᠳᠠᠳᠤ ᠮᠣᠩᠭᠤᠯ ᠤᠨ 8 ᠰᠠᠭᠤᠳᠠᠯ ᠠᠴᠠ ᠳᠣᠷᠣᠭᠰᠢᠬᠢ | ᠡᠵᠡᠩᠨᠡᠯᠲᠡ ᠶᠢᠨ ᠪᠤᠰᠤ ᠵᠢᠵᠢᠭ ᠬᠡᠯᠪᠡᠷᠢ ᠶᠢᠨ ᠲᠡᠷᠭᠡ ᠬᠥᠰᠬᠡ ᠶᠢ ᠪᠠᠶᠢᠩᠭᠤ ᠶᠢᠨ ᠴᠢᠨᠠᠷᠳᠠᠢ ᠬᠢᠯᠢ ᠪᠠᠷ | ᠨᠡᠪᠲᠡᠷᠡᠭᠦᠯᠪᠡ᠃ ᠢ ᠲᠦᠸᠧ ᠹᠦ ᠶᠤᠸᠠᠨ ᠭᠠᠶᠢᠯᠢ ᠶᠢᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠲᠣᠭᠤᠷᠢᠭ᠂ | ᠵᠢᠶᠠ ᠾᠧ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠠᠰᠢᠭᠯᠠᠯᠳᠠ ᠳᠤ ᠣᠷᠣᠭᠤᠯᠵᠤ᠂ ᠵᠠᠰᠠᠮᠠᠯ ᠵᠠᠮ ᠤᠨ | ᠪᠣᠭᠤᠮᠲᠠ ᠶᠢᠨ ᠬᠤᠶᠠᠳᠤᠭᠠᠷ ᠵᠠᠮ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠪᠦᠬᠦ ᠣᠷᠣᠨ ᠤ ᠬᠤᠲᠠ | ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠣᠭᠰᠠᠨ ᠬᠢᠷᠢ ᠬᠡᠮᠵᠢᠶ᠎ᠡ ᠨᠢ 5A ᠲᠠᠰ ᠤᠨ | ᠬᠤᠳᠠ ᠪᠠᠷ ᠠᠮᠵᠢᠯᠲᠠ ᠲᠠᠢ ᠦᠨᠡᠯᠡᠭᠳᠡᠪᠡ᠃ ᠲᠡᠮᠦᠷ ᠵᠠᠮ ᠤᠨ ᠪᠣᠭᠤᠮᠲᠠ ᠶᠢᠨ ᠬᠢᠯᠢ ᠶᠢᠨ ᠪᠠᠶᠢᠴᠠᠭᠠᠯᠳᠠ ᠶᠢᠨ | ᠳᠣᠭᠤᠷᠢᠭ ᠤᠨ ᠴᠢᠳᠠᠮᠵᠢ ᠶᠢ ᠳᠡᠭᠡᠭᠰᠢᠯᠡᠭᠦᠯᠬᠦ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠵᠤ᠂ ᠡᠷᠢᠶᠡᠨ ᠬᠤᠳᠠ | — ᠵᠠᠮ ᠤᠨ ᠡᠬᠦᠳᠠ ᠶᠢᠨ ᠬᠤᠭᠤᠷᠣᠨᠳᠦ ᠦᠷᠭᠡᠨ ᠴᠠᠷᠭᠤᠳᠦ ᠲᠡᠮᠣᠷ ᠵᠠᠮ ᠨᠡᠮᠡᠨ ᠪᠠᠶᠢᠭᠤᠯᠬᠤ ᠬᠤᠶᠠᠳᠤᠭᠠᠷ | ᠱᠤᠭᠤᠮ ᠤᠨ ᠰᠤᠳᠤᠯᠭᠠᠨ ᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠵᠦ᠂ | ᠵᠢᠨᠢᠩ — ᠡᠷᠢᠶᠡᠨ ᠱᠤᠭᠤᠮ ᠤᠨ ᠴᠢᠳᠠᠮᠵᠢ ᠶᠢ ᠦᠷᠭᠡᠳᠬᠡᠬᠦ ᠢᠨᠵᠧᠨᠧᠷᠢᠩ ᠨᠢ ᠤᠯᠤᠰ ᠤᠨ ᠲᠡᠮᠦᠷ ᠵᠠᠮ ᠤᠨ | ᠳᠣᠪᠴᠢᠶᠠᠨ ᠤ 2025 ᠣᠨ ᠤ ᠠᠵᠢᠯ ᠤᠨ ᠳᠦᠯᠣᠪᠯᠡᠭᠡ ᠳᠤ ᠪᠠᠭᠳᠠᠪᠠ᠃ ᠨᠡᠭᠡᠭᠡᠯᠳᠠ ᠲᠠᠢ ᠰᠣᠯᠢᠯᠴᠠᠭ᠎ᠠ ᠬᠢᠬᠦ | ᠡᠳᠦᠷ ᠢᠷᠡᠬᠦᠶ᠎ᠡ ᠨᠢᠭᠲᠠᠷᠠᠵᠤ ᠪᠠᠶᠢᠨ᠎ᠠ᠃ ᠪᠦᠬᠦ ᠤᠯᠤᠰ ᠤᠨ ᠠᠩᠬᠠᠳᠠᠭᠴᠢ ᠪᠦᠯᠦᠭ ᠠᠴᠢᠶᠠᠨ ᠤ ᠮᠠᠰᠢᠨ ᠲᠡᠷᠭᠡᠨ ᠤ | ︽ᠥᠪᠡᠰᠦᠪᠡᠨ ᠵᠢᠯᠣᠭᠤᠳᠴᠤ ᠭᠠᠳᠠᠭᠠᠳᠤ ᠳᠤ ᠭᠠᠷᠬᠤ︾ TIR ᠵᠠᠰᠠᠮᠠᠯ ᠵᠠᠮ ᠢᠶᠠᠷ ᠰᠢᠭᠤᠳ ᠲᠡᠭᠡᠭᠡᠪᠦᠷᠢᠯᠡᠬᠦ᠂ | ᠳᠤᠮᠳᠠᠳᠤ ᠮᠣᠩᠭᠤᠯ ᠤᠨ ᠬᠤᠭᠤᠷᠣᠨᠳᠣ ᠠᠩᠬ᠎ᠠ ᠤᠳᠠᠭ᠎ᠠ TIR ᠣᠯᠠᠨ ᠤᠯᠤᠰ ᠤᠨ ᠵᠠᠮ ᠤᠨ ᠠᠶᠤᠯᠲᠠᠶ ᠡᠳ᠋ | ᠪᠠᠷᠠᠭ᠎ᠠ ᠶᠢ ᠬᠢᠯᠢ ᠭᠠᠷᠭᠠᠵᠤ᠂ ᠳᠤᠮᠳᠠᠳᠤ ᠮᠣᠩᠭᠤᠯ ᠤᠨ ᠬᠢᠯᠢ ᠶᠢᠨ ᠪᠣᠭᠤᠳᠠᠯ ᠤᠨ ᠣᠨᠴᠠᠭᠠᠶ ᠵᠠᠷᠤᠳᠠᠯ ᠤᠨ | ᠲᠤᠬᠠᠶᠢᠯᠠᠭᠰᠠᠨ ᠠᠵᠢᠯ ᠨᠡᠭᠡᠭᠡᠭᠳᠡᠪᠡ᠃ ᠪᠥᠬᠦ ᠣᠷᠣᠨ ᠤ ᠠᠩᠬᠠᠳᠠᠭᠴᠢ ᠬᠢᠯᠢ ᠶᠢᠨ ᠭᠠᠳᠠᠨ᠎ᠠ ᠠᠴᠠ ᠳᠤᠮᠳᠠᠳᠤ | ᠤᠯᠤᠰ ᠲᠤ ᠢᠷᠡᠵᠦ ᠲᠣᠭᠠᠴᠠᠭ᠎ᠠ ᠬᠢᠬᠦ ᠦᠢᠯᠡᠴᠢᠯᠡᠭᠡᠨ ᠤ ᠵᠢᠱᠢᠶ᠎ᠡ ᠦᠵᠡᠭᠦᠯᠬᠦ ᠣᠷᠣᠨ᠂ ᠠᠩᠬᠠᠳᠠᠭᠴᠢ ᠭᠠᠳᠠᠭᠠᠳᠤ | ᠭᠤᠪᠢᠭᠤᠯᠭ᠎ᠠ ᠶᠢᠨ ᠦᠢᠯᠡᠴᠢᠯᠡᠭᠡᠨ ᠤ ᠥᠷᠲᠡᠭᠡ ︽ᠰᠢ ᠬᠤᠢ ᠲᠥᠩ︾ ᠫᠠᠶᠢᠰᠠ ᠰᠡᠬᠦᠭᠳᠡᠵᠦ ᠪᠠᠶᠢᠭᠤᠯᠣᠭᠳᠠᠨ᠂ | ᠣᠯᠠᠨ ᠤᠯᠤᠰ ᠤᠨ ᠰᠢᠦᠳᠠᠨ ᠢ ᠰᠢᠭᠤᠳ ᠭᠠᠳᠠᠭᠠᠳᠤ ᠳᠤ ᠭᠠᠷᠭᠠᠬᠤ ᠪᠠ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠲᠤᠬᠠᠶᠢᠯᠠᠭᠰᠠᠨ ᠠᠵᠢᠯ ᠪᠦᠬᠦ ᠲᠠᠯ᠎ᠠ ᠪᠠᠷ ᠰᠡᠷᠬᠦᠪᠡ᠃ 2024 ᠳᠤᠮᠳᠠᠳᠤ ᠤᠯᠤᠰ ︵ᠡᠷᠢᠶᠡᠨ | ᠬᠤᠲᠠ︶ ᠤᠨ ᠣᠯᠠᠨ ᠤᠯᠤᠰ ᠤᠨ ᠠᠵᠤ ᠠᠬᠤᠢ ᠠᠷᠠᠯᠵᠢᠶ᠎ᠠ ᠪᠡᠯᠡ ᠣᠷᠣᠭᠤᠯᠤᠯᠲᠠ ᠶᠢᠨ ᠴᠢᠭᠤᠯᠭ᠎ᠠ ᠠᠭᠤᠯᠵᠠᠯᠳᠠ | ᠶᠢᠨ ᠬᠤᠷᠠᠯ ᠵᠢᠴᠢ ᠦᠵᠡᠰᠭᠦᠯᠡᠩ ᠨᠢ ᠨᠠᠶᠢᠬᠡᠮᠴᠢᠯᠡᠨ ᠡᠷᠬᠢᠯᠡᠬᠦ ᠶᠢ ᠪᠡᠶᠡᠯᠡᠬᠦᠯᠪᠡ᠃ ᠥᠪᠡᠷᠲᠡᠭᠡᠨ ᠵᠠᠰᠠᠬᠤ ᠣᠷᠣᠨ ᠤ | ︽ᠨᠢᠭᠡ ᠪᠦᠰᠡ ᠨᠢᠭᠡ ᠵᠠᠮ · ᠬᠠᠷᠠᠭ᠎ᠠ ᠣᠷᠣᠭᠤᠯᠬᠤ ᠠᠶᠠᠯᠠᠯ︾ ᠤᠨ ᠠᠵᠢᠯᠯᠠᠭ᠎ᠠ ᠳᠤ ᠬᠦᠴᠦᠨ ᠨᠡᠮᠡᠷᠢᠯᠡᠵᠦ᠂ | ᠮᠣᠩᠭᠤᠯ ᠤᠯᠤᠰ ᠤᠨ 114 ᠡᠪᠡᠳᠴᠢᠲᠡᠨ ᠳᠤ ᠳᠦᠯᠦᠪᠣᠷᠢ ᠦᠭᠡᠢ ᠪᠠᠷ ᠬᠠᠷᠠᠭ᠎ᠠ ᠣᠷᠣᠭᠤᠯᠬᠤ ᠮᠡᠰᠡ ᠵᠠᠰᠠᠯ | ᠬᠢᠪᠡ᠃ | —— ᠳᠡᠰ ᠳᠡᠪᠰᠢᠬᠦᠯᠦᠨ ᠬᠡᠪᠴᠢᠶ᠎ᠡ ᠪᠠᠨ ᠦᠷᠭᠡᠳᠬᠡᠬᠦ ᠶᠢ ᠳᠠᠰᠣᠷᠠᠯᠳᠠ ᠦᠭᠡᠢ ᠪᠠᠷᠢᠮᠳᠠᠯᠠᠵᠦ᠂ ᠠᠵᠤ | ᠦᠢᠯᠡᠰ ᠤᠨ ᠬᠥᠭᠵᠢᠯᠲᠡ ᠶᠢᠨ ᠨᠦᠬᠡᠴᠡ ᠡᠨᠧᠷᠬᠢ ᠶᠢ ᠬᠤᠷᠠᠮᠳᠣᠭᠤᠯᠣᠨᠠ᠃ ᠣᠯᠠᠨ ᠤᠯᠤᠰ ᠤᠨ ᠠᠷᠠᠯᠵᠢᠶᠠᠨ ᠤ | ᠪᠠᠷᠠᠭ᠎ᠠ ᠶᠢᠨ ᠬᠦᠢᠯᠭᠡᠭᠡᠨ ᠤ ᠦᠢᠯᠡᠰ ᠳᠣᠭᠳᠠᠭᠤᠨ ᠢᠶᠠᠷ ᠬᠦᠭᠵᠢᠪᠡ᠃ ᠰᠦᠨ ᠱᠤᠤ ᠴᠧᠩ ᠱᠦᠵᠢ ᠶᠢᠨ | ᠮᠣᠩᠭᠤᠯ ᠢᠶᠠᠷ ᠠᠶᠢᠯᠴᠢᠯᠠᠭᠰᠠᠨ ᠦᠷ᠎ᠡ ᠪᠦᠲᠦᠭᠡᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ | ᠤᠯᠤᠰ ᠤᠨ ᠲᠠᠸᠠᠷ ᠤᠨ ᠮᠣᠩᠭᠤᠯ ᠣᠯᠣᠰ ᠲᠤ ᠭᠠᠷᠭᠠᠬᠤ ᠬᠡᠮᠵᠢᠶ᠎ᠡ ᠶᠢ ᠨᠡᠮᠡᠭᠳᠡᠬᠦᠯᠵᠦ᠂ ᠳᠤᠮᠳᠠᠳᠤ ᠤᠯᠤᠰ ᠤᠨ | ᠨᠡᠷᠡᠳᠦ ᠰᠢᠯᠢᠳᠡᠭ ᠣᠨᠴᠠ ᠲᠠᠸᠠᠷ᠂ ᠪᠠᠷᠢᠯᠭ᠎ᠠ ᠶᠢᠨ ᠮᠠᠰᠢᠨ ᠳᠣᠨᠤᠭ ᠪᠠ ᠲᠠᠸᠠᠷ ᠤᠨ ᠮᠠᠰᠢᠨ ᠤ ᠭᠠᠳᠠᠭᠠᠳᠤ ᠳᠤ | ᠭᠠᠷᠭᠠᠬᠤ ᠠᠷᠠᠯᠵᠢᠶᠠᠨ ᠤ ᠲᠥᠪ ᠫᠠᠶᠢᠰᠠ ᠡᠯᠭᠦᠨ ᠡᠵᠡᠩᠨᠡᠵᠦ᠂ ᠬᠤᠸᠠᠨ ᠢᠦᠢ ᠬᠤᠳᠠᠯᠳᠤᠭᠠᠨ ᠤ ᠬᠤᠳᠠ ᠶᠢᠨ | ᠪᠠᠷᠠᠭᠤᠨ ᠲᠣᠭᠤᠷᠢᠭ ᠢ ᠵᠠᠰᠠᠵᠤ ᠦᠭᠡᠷᠡᠴᠢᠯᠡᠨ᠂ ᠬᠤᠤ ᠭᠠᠩ ᠤᠷᠢᠳᠴᠢᠯᠠᠨ ᠪᠡᠯᠡᠳᠬᠡᠭᠰᠡᠨ ᠨᠣᠭᠤᠭ᠎ᠠ ᠵᠡᠷᠭᠡ | ᠲᠦᠷᠦᠯ ᠵᠦᠢᠯ ᠢ ᠪᠠᠷᠢᠵᠦ ᠳᠠᠭᠤᠰᠬᠠᠪᠠ᠃ ᠭᠠᠳᠠᠭᠠᠳᠤ ᠠᠷᠠᠯᠵᠢᠶᠠᠨ ᠤ ᠰᠢᠨ᠎ᠡ ᠶᠢ ᠡᠭᠦᠳᠦᠨ ᠬᠥᠭᠵᠢᠭᠦᠯᠬᠦ ᠵᠡᠷᠭᠡ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ 4 ᠠᠵᠤ ᠠᠬᠤᠶᠢᠯᠠᠯ ᠭᠠᠷ ᠳᠠᠮᠵᠢᠭᠰᠠᠨ ᠮᠠᠰᠢᠨ ᠲᠡᠷᠭᠡ ᠶᠢ | ᠭᠠᠳᠠᠭᠠᠳᠤ ᠳᠤ ᠭᠠᠷᠭᠠᠬᠤ ᠡᠷᠭᠡ ᠶᠢ ᠣᠯᠵᠦ᠂ 1ᠠᠵᠦ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ | ᠠᠩᠬᠠᠳᠠᠭᠴᠢ ᠪᠦᠯᠦᠭ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠢᠶᠠᠷ | ᠳᠣᠭᠳᠠᠭᠠᠭᠳᠠᠪᠠ᠃ ᠰᠦᠯᠵᠢᠶᠡᠨ ᠤ ᠪᠠᠷᠠᠭ᠎ᠠ ᠲᠡᠭᠡᠭᠡᠪᠦᠷᠢ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠶᠡᠬᠡᠪᠡᠷ | ᠬᠥᠭᠵᠢᠭᠦᠯᠵᠦ᠂ ᠰᠦᠯᠵᠢᠶᠡᠨ ᠤ ᠪᠠᠷᠠᠭ᠎ᠠ ᠲᠡᠭᠡᠭᠡᠪᠦᠷᠢ ᠶᠢᠨ ᠲᠠᠪᠴᠠᠩ ᠤᠨ ᠳᠠᠩᠰᠠᠯᠠᠭᠤᠯᠤᠭᠰᠠᠨ ᠲᠡᠷᠭᠡ ᠬᠥᠰᠬᠡ | 10 ᠲᠦᠮᠡ ᠶᠢ ᠳᠠᠪᠠᠵᠤ᠂ ᠠᠷᠠᠯᠵᠢᠶᠠᠨ ᠤ ᠳᠤᠭ᠎ᠠ ᠬᠡᠮᠵᠢᠶ᠎ᠡ 10 ᠳ᠋ᠦᠩᠰᠢᠭᠤᠷ ᠲᠥᠭᠦᠷᠢᠭ ᠢ ᠳᠠᠪᠠᠪᠠ᠃ ᠵᠠᠰᠠᠮᠠᠯ | ᠵᠠᠮ ᠤᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ 300 ᠲᠦᠮᠡᠨ ᠲᠣᠨ ᠢ ᠰᠢᠪᠲᠤᠯᠵᠤ᠂ | ᠭᠠᠳᠠᠭᠠᠳᠤ ᠠᠴᠠ ᠣᠷᠣᠭᠤᠯᠬᠤ ᠨᠡᠭᠦᠷᠡᠰᠦ᠂ ᠰᠢᠩᠭᠡᠨᠵᠢᠮᠡᠯ ᠴᠢᠯᠠᠭᠤᠨ ᠳᠣᠰᠣᠨ ᠬᠡᠢ ᠵᠡᠷᠭᠡ ᠠᠭᠤᠷᠬᠠᠶ ᠶᠢᠨ | ᠪᠦᠲᠦᠭᠡᠭᠳᠡᠬᠦᠨ ᠤ ᠬᠡᠪᠴᠢᠶ᠎ᠡ ᠶᠡᠭᠡᠰᠪᠡ᠃ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ᠂ ᠠᠷᠠᠯᠵᠢᠶᠠᠨ ᠤ ᠬᠡᠮᠵᠢᠶ᠎ᠡ ᠨᠢ ᠲᠤᠰ ᠲᠤᠰ 2105 ᠲᠦᠮᠡᠨ | ᠲᠣᠨ᠂ 460 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 9.4%᠂ 8.7% ᠪᠠᠷ ᠨᠡᠮᠡᠭᠳᠡᠪᠡ᠃ ᠳᠤᠮᠳᠠᠳᠤ | ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢ 3389 ᠴᠣᠪᠣᠭ᠎ᠠ ᠰᠢᠯᠭᠠᠨ ᠨᠡᠪᠳᠡᠷᠡᠬᠦᠯᠵᠦ᠂ 2.9 % ᠪᠠᠷ | ᠨᠡᠮᠡᠭᠳᠡᠪᠡ᠃ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ᠂ ᠰᠢᠯᠭᠠᠨ ᠨᠡᠪᠳᠡᠷᠡᠬᠦᠯᠦᠭᠰᠡᠨ | ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠲᠣᠰ ᠲᠣᠰ ᠪᠥᠬᠦ ᠣᠷᠣᠨ ᠤ ᠨᠢᠭᠡ ᠪᠠ ᠬᠤᠶᠠᠷ ᠲᠤ | ᠣᠷᠣᠵᠠᠶ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ᠰᠢᠬᠦᠯᠬᠦ ᠠᠵᠤ ᠦᠢᠯᠡᠳᠪᠦᠷᠢ ᠳᠡᠰ | ᠳᠡᠪᠰᠢᠪᠡ᠃ ᠦᠷᠭᠦᠯᠵᠢᠯᠡᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ | ᠬᠦᠴᠦᠷᠬᠡᠭᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ | ᠰᠢᠢᠳᠪᠦᠷᠢᠯᠡᠵᠦ᠂ ᠶᠢᠨ ᠢᠦᠢ 500 ᠲᠦᠮᠡᠨ ᠲᠣᠨ ᠲᠡᠮᠦᠷ ᠤᠨ ᠬᠦᠳᠡᠷ ᠢ ᠪᠣᠯᠪᠠᠰᠤᠷᠠᠭᠤᠯᠬᠤ᠂ ᠵᠦᠩ ᠵᠢᠢ ᠰᠢ | ᠠᠨ 180 ᠲᠦᠮᠡᠨ ᠲᠣᠨ ᠲᠡᠮᠦᠷ ᠤᠨ ᠨᠠᠷᠢᠯᠢᠭ ᠨᠤᠨᠲᠠᠭ ᠤᠨ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠦᠷᠦᠯ | ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠮᠧᠩ ᠷᠦᠨ ᠳ᠋ᠠ ᠬᠦᠩᠭᠡᠨ ᠪᠣᠯᠣᠳ ᠲᠡᠮᠦᠷ᠂ ᠬᠤᠩ | ᠯᠢᠶᠠᠨ ᠭᠠᠳᠠᠭᠠᠳᠤ ᠠᠴᠠ ᠣᠷᠣᠭᠤᠯᠤᠭᠰᠠᠨ ᠠᠮᠢᠳᠦ ᠠᠳᠤᠭᠤ ᠶᠢ ᠪᠣᠯᠪᠠᠰᠤᠷᠠᠭᠤᠯᠬᠤ ᠵᠡᠷᠭᠡ ᠲᠦᠷᠦᠯ ᠵᠦᠢᠯ ᠢ | ᠲᠣᠭᠲᠠᠭᠤᠨ ᠢᠶᠠᠷ ᠠᠬᠢᠭᠤᠯᠪᠠ᠃ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠤᠷ᠎ᠠ ᠮᠡᠷᠭᠡᠵᠢᠯ ᠢᠶᠠᠨ | ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ 3 ᠠᠭᠤᠷᠬᠠᠢ ᠶᠢᠨ ᠭᠠᠷᠤᠯᠲᠠ ᠶᠢ ᠪᠣᠯᠪᠠᠰᠤᠷᠠᠭᠤᠯᠬᠤ | ᠠᠵᠤ ᠠᠬᠤᠶᠢᠯᠠᠯ ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠪᠡ᠃ ᠬᠡᠪᠴᠢᠶᠡᠵᠢᠯ ᠠᠴᠠ ᠳᠡᠭᠡᠭᠰᠢᠬᠢ 4 ᠠᠵᠤ | ᠦᠢᠯᠡᠳᠪᠦᠷᠢ ᠶᠢᠨ ᠠᠵᠤ ᠠᠬᠤᠶᠢᠯᠠᠯ ᠰᠢᠨ᠎ᠡ ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠦᠷᠳᠡᠭ 50% ᠪᠠᠷ ᠨᠡᠮᠡᠭᠳᠡᠵᠦ᠂ ᠬᠠᠭᠠᠰ ᠵᠢᠯ ᠳᠠᠷᠠᠭᠠᠯᠠᠨ ᠪᠦᠬᠦ ᠠᠶᠢᠮᠠᠭ ᠤᠨ | ᠲᠡᠷᠢᠭᠦᠨ ᠳᠤ ᠵᠢᠭᠰᠠᠭᠠᠭᠳᠠᠪᠠ᠃ ᠴᠡᠪᠡᠷ ᠡᠨᠧᠷᠭᠢ ᠶᠢᠨ ᠰᠤᠷᠪᠤᠯᠵᠢ ᠶᠢᠨ ᠦᠢᠯᠡᠰ ᠲᠦᠷᠭᠡᠨ ᠢᠶᠠᠷ ᠬᠥᠭᠵᠢᠪᠡ᠃ | ᠮᠧᠩ ᠨᠧᠩ 150 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠶ ᠰᠠᠯᠬᠢᠨ ᠬᠦᠴᠦᠨ ᠤ ᠴᠠᠬᠢᠯᠭᠠᠨ ᠤ ᠲᠥᠷᠥᠯ | ᠵᠦᠢᠯ ᠤᠨ ᠬᠡᠰᠡᠭ ᠢ ᠲᠣᠣᠷ ᠲᠤ ᠨᠡᠶᠢᠯᠡᠭᠦᠯᠵᠦ᠂ ᠢᠣᠢ ᠹᠧᠩ ᠠᠵᠢᠯᠯᠠᠭ᠎ᠠ ᠶᠢᠨ ᠲᠥᠷᠥᠯ ᠵᠦᠢᠯ ᠢ ᠳᠡᠭᠡᠭᠰᠢ | ᠮᠡᠳᠡᠭᠦᠯᠵᠦ᠂ ᠰᠢᠨ᠎ᠡ ᠡᠨᠧᠷᠬᠢ ᠶᠢᠨ ᠶᠡᠷᠦᠩᠬᠡᠢ ᠪᠠᠭᠳᠠᠭᠠᠮᠵᠢ 210 ᠲᠦᠮᠡᠨ ᠺᠢᠯᠣᠸᠠᠲ ᠪᠣᠯᠪᠠ᠃ ᠰᠢᠨ᠎ᠡ | ᠡᠨᠧᠷᠭᠢ ᠶᠢ ᠭᠠᠳᠠᠭᠰᠢ ᠬᠦᠷᠭᠡᠬᠦ ᠵᠠᠮ ᠱᠣᠭᠤᠮ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠵᠦ᠂ | ᠬᠠᠰ ᠯᠤᠤ 220 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠭᠤᠤᠯ ᠬᠤᠪᠢᠰᠬᠠᠭᠤᠷ ᠤᠨ | ᠪᠠᠭᠲᠠᠭᠠᠮᠵᠢ ᠶᠢ ᠨᠡᠮᠡᠭᠳᠡᠭᠦᠯᠬᠦ ᠢᠨᠵᠧᠨᠧᠷᠢᠩ ᠢ ᠳᠠᠭᠤᠰᠬᠠᠪᠠ᠃ ᠬᠢᠯᠢ ᠶᠢᠨ ᠰᠣᠶᠣᠯ ᠵᠢᠭᠤᠯᠴᠢᠯᠠᠯ ᠤᠨ ᠦᠢᠯᠡᠰ ᠤᠨ | ᠠᠮᠢᠵᠢᠷᠠᠯ ᠤᠨ ᠬᠦᠴᠦᠨ ᠣᠷᠭᠢᠯᠣᠨ ᠪᠠᠳᠠᠷᠠᠪᠠ᠃ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ | ᠬᠠᠮᠲᠤᠷᠠᠯᠴᠠᠭᠠᠨ ᠤ ᠣᠷᠣᠨ ᠢ ᠡᠭᠦᠳᠦᠨ ᠪᠠᠶᠢᠭᠤᠯᠬᠤ ᠲᠥᠰᠦᠯ ᠢ ᠳᠡᠭᠡᠭᠰᠢ ᠮᠡᠳᠡᠬᠦᠯᠵᠦ᠂ ᠬᠢᠯᠢ ᠠᠯᠤᠰᠯᠠᠭᠰᠠᠨ | ᠵᠢᠭᠤᠯᠴᠢᠯᠠᠯ ᠤᠨ ᠲᠡᠷᠭᠡᠨ ᠤ ᠠᠩᠭᠢ ᠶᠢ ᠵᠣᠬᠢᠶᠠᠨ ᠪᠠᠶᠢᠭᠤᠯᠵᠤ᠂ ︽ᠳᠤᠮᠳᠠᠳᠤ ᠮᠣᠩᠭᠤᠯ ᠤᠨ ᠬᠢᠯᠢ ᠶᠢᠨ ᠨᠢᠭᠡ | ᠡᠳᠦᠷ ᠤᠨ ᠵᠢᠭᠤᠯᠴᠢᠯᠠᠯ︾ ᠢ ᠡᠬᠢᠯᠡᠬᠦᠯᠪᠡ᠃ ᠤᠯᠤᠰ ᠤᠨ ᠡᠬᠦᠳᠠ ᠦᠵᠡᠮᠵᠢ ᠶᠢᠨ ᠣᠷᠣᠨ ᠤ ᠦᠵᠡᠰᠬᠦᠯᠡᠩ ᠤᠨ | ᠣᠷᠳᠣᠨ᠂ ᠤᠯᠠᠭ᠎ᠠ ᠦᠷᠳᠡᠭᠡ ᠶᠢᠨ ᠮᠦᠽᠧᠢ ᠶᠢ ᠳᠠᠬᠢᠨᠲᠠ ᠪᠠᠶᠢᠷᠢᠯᠠᠭᠤᠯᠵᠦ᠂ ᠭᠦᠸᠧ ᠬᠤᠤ᠂ ᠬᠠᠨ ᠲᠢᠩ᠂ ᠶᠢᠨ | ᠵᠢᠶᠠᠩ ᠠᠮᠠᠷᠠᠯᠲᠠ ᠶᠢᠨ ᠡᠳᠦᠷ ᠵᠡᠷᠭᠡ 6 ᠵᠣᠴᠢᠳ ᠤᠨ ᠪᠠᠭᠤᠳᠠᠯ ᠠᠰᠢᠭᠯᠠᠯᠲᠠ ᠳᠤ ᠣᠷᠣᠪᠠ᠃ ᠠᠩᠬᠠᠳᠤᠭᠠᠷ | ᠬᠤᠭᠤᠴᠠᠭᠠᠨ ᠤ ᠡᠷᠢᠶᠡᠨ ᠬᠤᠲᠠ ᠶᠢᠨ ᠳᠠᠭᠤᠤ ᠬᠥᠭᠵᠢᠮ ᠤᠨ ᠨᠠᠭᠠᠳᠤᠮ᠂ ᠶᠢᠰᠦᠳᠦᠭᠡᠷ ᠬᠤᠭᠤᠴᠠᠭᠠᠨ ᠤ ︽ | ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ ᠨᠠᠶᠢᠷ ᠵᠡᠷᠭᠡ ᠣᠨᠴᠠᠯᠢᠭᠲᠤ ᠠᠵᠢᠯᠯᠠᠭ᠎ᠠ ᠶᠢ | ᠠᠮᠵᠢᠯᠲᠠ ᠲᠠᠢ ᠡᠷᠬᠢᠯᠡᠪᠡ᠃ ᠰᠤᠳᠤᠯᠤᠨ ᠰᠤᠷᠤᠯᠴᠠᠬᠤ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ︽1 ᠬᠢᠴᠢᠶᠡᠯ︾ | ᠨᠢ ᠥᠪᠡᠷᠲᠡᠭᠡᠨ ᠵᠠᠰᠠᠬᠤ ᠣᠷᠣᠨ ᠤ ︽ᠠᠷᠪᠠᠨ ᠰᠢᠯᠢᠳᠡᠭ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠣᠳᠣᠨ | ᠬᠢᠴᠢᠶᠡᠯ︾ ᠳᠤ ᠰᠣᠩᠭᠤᠭᠳᠠᠪᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢ ᠶᠢ 223 ᠲᠦᠮᠡᠨ | ᠬᠥᠮᠦᠨ ᠤᠳᠠᠭ᠎ᠠ ᠬᠦᠯᠢᠶᠡᠨ ᠠᠪᠴᠤ᠂ 33.7 % ᠪᠠᠷ ᠨᠡᠮᠡᠭᠳᠡᠪᠡ︔ ᠵᠢᠭᠤᠯᠴᠢᠯᠠᠯ ᠤᠨ ᠦᠢᠯᠡᠰ ᠤᠨ ᠶᠡᠷᠦᠩᠬᠡᠶ | ᠣᠷᠣᠯᠭ᠎ᠠ ᠶᠢ 44.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 39.4 % ᠪᠠᠷ ᠨᠡᠮᠡᠭᠳᠡᠪᠡ᠃ | —— ᠠᠮᠢ ᠠᠬᠤᠢ ᠶᠢ ᠠᠳᠬᠤᠨ ᠣᠷᠣᠰᠢᠨ ᠰᠠᠭᠤᠷᠢᠰᠢᠬᠤ ᠶᠢ ᠳᠣᠬᠢᠵᠢᠭᠤᠯᠬᠤ ᠶᠢ ᠠᠬᠢᠭᠤᠯᠵᠦ᠂ | ᠬᠤᠲᠠ ᠬᠥᠳᠡᠭᠡ ᠶᠢᠨ ᠳᠦᠷᠰᠦ ᠪᠠᠶᠢᠳᠠᠯ ᠢ ᠨᠠᠩ ᠭᠤᠶᠣ ᠰᠠᠶᠢᠬᠠᠨ ᠪᠣᠯᠭᠠᠪᠠ᠃ ᠠᠮᠢ ᠠᠬᠤᠢ ᠶᠢᠨ ᠣᠷᠴᠢᠨ | ᠲᠣᠭᠤᠷᠢᠨ ᠦᠷᠭᠦᠯᠵᠢᠯᠡᠨ ᠰᠠᠶᠢᠵᠢᠷᠠᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ | ᠪᠠᠶᠢᠴᠠᠭᠠᠵᠦ ᠬᠠᠷᠢᠭᠤ ᠳᠣᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ︽ᠨᠤᠨ ᠮᠦᠷᠡᠨ ᠢ | ᠳᠠᠳᠠᠵᠦ ᠰᠢᠯᠢ ᠶᠢᠨ ᠭᠤᠣᠯ ᠢ ᠣᠮᠳᠠᠯᠠᠬᠤ︾᠂ ᠡᠮᠣᠨᠡᠬᠢ ᠶᠢᠨ ᠣᠰᠦ ᠶᠢ ᠣᠮᠠᠷᠠᠰᠢ ᠳᠠᠳᠠᠬᠤ ᠪᠠᠷᠠᠭᠤᠨ ᠱᠣᠭᠤᠮ | ᠤᠨ ᠢᠨᠵᠧᠨᠧᠷᠢᠩ ᠳᠤ ᠪᠦᠬᠦᠨ ᠢ ᠬᠠᠮᠣᠷᠠᠨ ᠣᠷᠣᠭᠤᠯᠪᠠ᠃ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ | ᠵᠠᠰᠠᠬᠤ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠭᠡᠷᠡᠯ ᠢ ᠨᠢᠭᠡ ᠴᠣᠭᠴᠠᠵᠢᠭᠤᠯᠬᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ 44 ᠲᠦᠮᠡᠨ ᠮᠦ ᠭᠠᠵᠠᠷ | ᠢ ᠵᠠᠰᠠᠨ ᠰᠡᠷᠬᠦᠭᠡᠬᠦ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠰᠤᠯᠠ ᠪᠠᠶᠢᠭ᠎ᠠ 160 ᠾᠧᠺᠲ᠋ᠠᠷ ᠭᠠᠵᠠᠷ ᠰᠢᠷᠣᠶ ᠶᠢ | ᠠᠰᠢᠭᠯᠠᠬᠤ ᠡᠭᠦᠷᠭᠡ ᠶᠢ ᠤᠷᠢᠳᠴᠢᠯᠠᠨ ᠪᠡᠶᠡᠯᠡᠭᠦᠯᠵᠦ᠂ ᠠᠵᠤ ᠠᠬᠤᠶᠢᠯᠠᠯ ᠤᠨ ᠰᠤᠯᠠ ᠲᠠᠯᠪᠢᠵᠤ ᠪᠠᠶᠢᠭ᠎ᠠ ᠤᠰᠤ | ᠬᠡᠷᠡᠭᠯᠡᠬᠦ ᠬᠦᠢᠴᠡᠳᠬᠡᠯ ᠲᠤᠭ᠎ᠠ ᠶᠢ 943000m³ ᠬᠤᠷᠢᠶᠠᠨ ᠠᠪᠤᠪᠠ᠃ ᠪᠠᠷᠢᠯᠭ᠎ᠠ ᠶᠢᠨ ᠬᠤᠭ ᠨᠣᠪᠰᠢ ᠶᠢᠨ | ᠲᠠᠯᠠᠪᠠᠶ ᠶᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ 57 ᠡᠷᠦᠭᠡ ᠬᠠᠶᠢᠯᠤᠭᠤᠷ ᠵᠣᠩᠰᠢ ᠶᠢᠨ | ᠠᠵᠤ ᠠᠬᠤᠶᠢᠯᠠᠯ᠂ ᠨᠤᠨᠲᠠᠭ ᠬᠡᠯᠪᠡᠷᠢ ᠶᠢᠨ ᠮᠠᠲ᠋ᠧᠷᠢᠶᠠᠯ ᠣᠪᠣᠭᠠᠯᠠᠬᠤ ᠲᠠᠯᠠᠪᠠᠶ ᠵᠢᠴᠢ ᠪᠠᠷᠠᠭᠠᠨ ᠤ ᠭᠦᠢᠯᠭᠡᠭᠡᠨ ᠤ | ᠲᠣᠭᠤᠷᠢᠭ ᠢ ᠴᠡᠭᠴᠡᠯᠡᠨ ᠵᠠᠰᠠᠵᠤ᠂ ᠠᠭᠠᠷ ᠤᠨ ᠴᠢᠨᠠᠷᠵᠢᠯ ᠤᠨ ᠳᠣᠩᠭᠠᠯᠠᠭ ᠡᠳᠦᠷ ᠤᠨ ᠳᠣᠭᠠᠨ ᠤ ᠬᠠᠷᠢᠴᠠᠯ | 93.4% ᠳᠤ ᠬᠦᠷᠪᠡ᠃ ᠬᠤᠲᠠ ᠶᠢᠨ ᠴᠢᠳᠠᠮᠵᠢ ᠦᠷᠭᠦᠯᠵᠢᠯᠡᠨ ᠲᠡᠭᠦᠯᠳᠡᠷᠵᠢᠪᠡ᠃ ᠳᠣᠯᠠᠭᠠᠯᠠᠭ᠎ᠠ ᠶᠢᠨ | ᠢᠨᠵᠧᠨᠧᠷᠢᠩ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ 3 ᠳ᠋ᠦᠩᠰᠢᠭᠤᠷ ᠰᠢᠬᠠᠮ ᠲᠥᠭᠦᠷᠢᠭ ᠤᠨ ᠪᠠᠯᠠ | ᠣᠷᠣᠭᠤᠯᠵᠤ ᠬᠤᠲᠠ ᠶᠢᠨ ᠰᠢᠨᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ 100 ᠲᠣᠨ ᠢᠯᠴᠢ ᠶᠢᠨ | ᠡᠨᠧᠷᠬᠢ ᠶᠢᠨ ᠭᠦᠸᠧᠯᠦ 3 ᠶᠢ ᠰᠢᠨ᠎ᠡ ᠪᠠᠷ ᠪᠠᠶᠢᠭᠤᠯᠣᠭᠰᠠᠨ ᠪᠠ ᠰᠣᠯᠢᠵᠤ᠂ 6 ᠢᠯᠴᠢ ᠰᠣᠯᠢᠯᠴᠠᠬᠤ ᠥᠷᠲᠡᠭᠡ ᠶᠢ | ᠲᠠᠰ ᠳᠡᠪᠰᠢᠭᠦᠯᠦᠨ ᠥᠭᠡᠷᠡᠴᠢᠯᠡᠵᠦ᠂ 5 ᠵᠡᠭᠡᠯᠢ ᠭᠤᠳᠤᠮᠵᠢ᠂ 53 ᠰᠠᠭᠤᠭᠠᠯᠢ ᠲᠣᠭᠤᠷᠢᠭ᠂ 68.4 | ᠺᠢᠯᠣᠮᠧᠲᠷ ᠤᠨ ᠢᠯᠴᠢ ᠬᠠᠩᠭᠠᠬᠤ ᠵᠢᠴᠢ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠢᠨᠵᠧᠨᠧᠷᠢᠩ ᠢ | ᠪᠡᠶᠡᠯᠡᠭᠦᠯᠵᠦ᠂ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠪᠠᠭᠠᠨ᠎ᠠ ︵ᠲᠡᠷᠭᠡᠨ ᠵᠣᠭᠰᠣᠭᠠᠯ︶ 56 ᠶᠢ ᠪᠠᠶᠢᠭᠤᠯᠵᠤ | ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠴᠠᠬᠢᠯᠭᠠᠨ ᠴᠡᠨᠡᠭᠯᠡᠬᠦ ᠴᠢᠭ ᠢ 2039 ᠤᠭᠰᠠᠷᠠᠵᠤ᠂ 105 | ᠰᠠᠭᠤᠭᠠᠯᠢ ᠲᠣᠭᠤᠷᠢᠭ ᠢ ᠪᠦᠷᠬᠦᠪᠡ᠃ 5 ᠳᠡᠭᠡᠳᠦ ᠵᠡᠷᠭᠡᠯᠡᠯ ᠤᠨ ᠣᠷᠣᠨ ᠰᠠᠭᠤᠴᠠ ᠶᠢᠨ ᠲᠣᠭᠤᠷᠢᠭ ᠪᠠᠷᠢᠯᠭ᠎ᠠ | ᠳᠠᠭᠤᠰᠴᠤ᠂ ᠤᠯᠠᠭᠠᠨ ᠲᠣᠭᠤᠷᠢᠭ ᠤᠨ ᠪᠠᠷᠠᠭᠤᠨ ᠭᠤᠳᠤᠮᠵᠢ ᠶᠢᠨ 114 ᠡᠷᠦᠬᠡ ᠰᠠᠭᠤᠭᠠᠯᠢ ᠠᠷᠠᠳ ᠤᠨ ︽ᠭᠡᠷ | ᠪᠠᠶᠢᠰᠢᠩ ᠤᠨ ᠪᠢᠯᠧᠲ︾ ᠢᠶᠠᠷ ᠳᠦᠪᠬᠢᠨᠡᠬᠦᠯᠬᠦ ᠶᠢ ᠪᠡᠶᠡᠯᠡᠭᠦᠯᠪᠡ᠃ ᠠᠳᠠᠯ ᠠᠬᠤᠶ ᠶᠢᠨ ᠬᠠᠮᠢᠶᠠᠷᠤᠯᠲᠠ ᠶᠢᠨ ᠵᠠᠭᠪᠤᠷ | ᠢ ᠰᠢᠨᠡᠴᠢᠯᠡᠵᠦ᠂ 2 ᠨᠡᠶᠢᠭᠡᠮ ᠲᠣᠭᠤᠷᠢᠭ ᠦᠪᠡᠷᠳᠡᠭᠡᠨ ᠠᠳᠠᠯ ᠠᠬᠤᠶ ᠶᠢᠨ ᠺᠣᠮᠫᠠᠨᠢ ᠪᠠᠶᠢᠭᠤᠯᠵᠤ᠂ 35 ᠠᠳᠠᠯ | ᠠᠬᠤᠶ ᠶᠢᠨ ᠦᠢᠯᠡᠴᠢᠯᠡᠭᠡ ᠥᠬᠡᠶ ᠰᠠᠭᠤᠭᠠᠯᠢ ᠲᠣᠭᠤᠷᠢᠭ ᠢ ᠭᠥᠯᠢᠶᠡᠨ ᠠᠪᠴᠤ ᠬᠠᠮᠢᠶᠠᠷᠪᠠ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠪᠠ᠃ ᠣᠨᠴᠠᠯᠢᠭᠲᠤ ᠲᠠᠷᠢᠶᠠᠯᠠᠩ ᠮᠠᠯ ᠠᠵᠤ | ᠠᠬᠤᠶ ᠶᠢ ᠢᠳᠡᠪᠬᠢᠲᠡᠢ ᠬᠦᠭᠵᠢᠬᠦᠯᠵᠦ᠂ ᠪᠧᠨ ᠪᠧᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ ᠢ ᠠᠰᠢᠭᠯᠠᠯᠲᠠ ᠳᠤ ᠣᠷᠣᠭᠤᠯᠵᠤ᠂ ᠨᠡᠷᠡᠨ ᠤ ᠭᠡᠷᠡᠯ ᠤᠨ ᠬᠦᠯᠡᠮᠵᠢᠳᠦ ᠬᠦᠷᠦᠰᠦ | ᠦᠭᠡᠢ ᠪᠣᠶᠢᠵᠢᠭᠤᠯᠬᠤ ᠫᠧᠩ᠂ ︽ᠳᠡᠮᠡᠭᠡᠨ ᠰᠦ︾ ᠲᠡᠮᠡᠭᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ | ᠰᠢᠨ᠎ᠡ ᠪᠠᠷ ᠪᠠᠶᠢᠭᠤᠯᠵᠤ᠂ 5 ᠭᠠᠴᠠᠭᠠᠨ ᠤ ᠬᠠᠮᠲᠤ ᠶᠢᠨ ᠠᠵᠤ ᠠᠬᠤᠢ ᠶᠢᠨ ᠶᠡᠷᠦᠩᠬᠡᠶ ᠣᠷᠣᠯᠭ᠎ᠠ 720 ᠳᠦᠮᠡᠨ | ᠳᠦᠬᠦᠷᠢᠭ ᠢ ᠳᠠᠪᠠᠵᠦ᠂ ᠦᠩᠬᠡᠷᠡᠭᠰᠡᠨ ᠵᠢᠯ ᠠᠴᠠ ᠪᠠᠨ ᠳᠠᠬᠢᠨ ᠢᠶᠠᠷ ᠦᠰᠪᠡ᠃ ᠮᠠᠯᠵᠢᠬᠤ ᠲᠠᠷᠢᠶᠠᠯᠠᠬᠤ ᠣᠷᠣᠨ ᠤ | ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠯᠠᠪᠳᠠᠭᠤᠨ ᠢᠶᠠᠷ ᠠᠬᠢᠭᠤᠯᠵᠤ᠂ 36 ᠰᠠᠭᠤᠷᠢ | ᠤᠰᠤ ᠬᠠᠳᠠᠭᠠᠯᠠᠬᠤ ᠵᠣᠭᠤᠷᠢ᠂ 5 G ᠴᠢᠮᠡᠭᠡ ᠬᠤᠯᠪᠣᠭᠠᠨ ᠤ ᠥᠷᠲᠡᠭᠡ ᠶᠢ 17 ᠰᠠᠭᠤᠷᠢ ᠰᠢᠨ᠎ᠡ ᠪᠠᠷ | ᠪᠠᠶᠢᠭᠤᠯᠵᠤ᠂ 13 ᠡᠷᠦᠭᠡ ᠮᠠᠯᠴᠢᠳ ᠤᠨ ᠪᠠᠭ᠎ᠠ ᠬᠡᠯᠪᠡᠷᠢ ᠶᠢᠨ ᠰᠠᠯᠬᠢᠨ ᠴᠠᠬᠢᠯᠭᠠᠨ ᠡᠨᠧᠷᠬᠢ ᠶᠢ ᠰᠢᠯᠵᠢᠭᠦᠯᠬᠦ | ᠲᠣᠣᠷ ᠵᠡᠷᠭᠡ ᠢᠨᠵᠧᠨᠧᠷᠢᠩ ᠢ ᠪᠠᠷᠢᠵᠦ ᠳᠠᠭᠤᠰᠬᠠᠵᠦ᠂ 3 ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ ᠪᠠᠶᠢᠭᠤᠯᠤᠨ | ᠠᠰᠢᠭᠯᠠᠯᠲᠠ ᠳᠤ ᠣᠷᠣᠭᠤᠯᠪᠠ᠃ | —— ᠠᠷᠠᠳ ᠤᠨ ᠠᠮᠢᠵᠢᠷᠠᠯ ᠤᠨ ᠴᠢᠨᠡᠬᠡᠯᠢᠭᠵᠢᠯᠳᠠ ᠶᠢ ᠪᠦᠬᠦ ᠬᠦᠴᠦᠨ ᠢᠶᠠᠷ ᠢᠶᠠᠨ ᠠᠳᠬᠤᠵᠤ᠂ | ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠳᠦᠮᠡᠨ ᠳᠤ ᠬᠦᠷᠳᠡᠭᠡᠪᠡ᠃ ᠠᠷᠠᠳ ᠤᠨ ᠠᠮᠢᠵᠢᠷᠠᠯ ᠤᠨ | ᠦᠢᠯᠡᠴᠢᠯᠡᠭᠡᠨ ᠤ ᠦᠷ᠎ᠡ ᠪᠦᠲᠦᠮᠵᠢ ᠲᠣᠪᠤᠶᠢᠮ᠎ᠠ ᠪᠣᠯᠪᠠ᠃ ᠥᠪᠡᠷᠲᠡᠭᠡᠨ ᠵᠠᠰᠠᠬᠤ ᠣᠷᠣᠨ ᠤ 33 ᠬᠤᠪᠢ᠂ | ᠬᠤᠲᠠ ᠶᠢᠨ ᠳᠡᠰ ᠤᠨ 5 ᠬᠤᠪᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠪᠡ᠃ | ᠠᠷᠠᠳ ᠤᠨ ᠠᠮᠢᠵᠢᠷᠠᠯ ᠤᠨ ᠬᠦᠷᠢᠶᠡᠨ ᠳᠠᠬᠢ ᠵᠠᠷᠤᠯᠭ᠎ᠠ 11 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ | ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 52.4 % ᠶᠢ ᠡᠵᠡᠯᠡᠪᠡ᠃ ᠠᠵᠢᠯ ᠤᠯᠭᠤᠯᠲᠠ ᠶᠢ | ᠲᠡᠷᠢᠭᠦᠨ ᠳᠤ ᠳᠠᠯᠪᠢᠵᠦ᠂ 511 ᠬᠥᠮᠦᠨ ᠰᠢᠨ᠎ᠡ ᠪᠠᠷ ᠠᠵᠢᠯ ᠣᠯᠵᠤ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 2.9 % ᠶᠢᠨ ᠳᠣᠲᠣᠷ᠎ᠠ ᠬᠢᠵᠠᠭᠠᠷᠯᠠᠪᠠ᠃ ᠨᠡᠶᠢᠭᠡᠮ ᠤᠨ | ᠳᠣᠰᠠᠯᠠᠮᠵᠢ ᠶᠢ ᠰᠠᠭᠤᠷᠢ ᠠᠴᠠ ᠨᠢ ᠪᠠᠲᠤᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠷ᠎ᠠ ᠶᠢᠨ | ᠳᠤᠮᠳᠠᠴᠢ ᠨᠠᠰᠤᠵᠢᠯ ᠤᠨ ᠮᠦᠩᠬᠦ᠂ ᠥᠨᠳᠥᠷ ᠨᠠᠰᠤᠨ ᠤ ᠨᠡᠮᠡᠭᠦᠷᠢ ᠵᠡᠷᠭᠡ ᠭᠦᠢᠴᠡᠳᠬᠡᠯ ᠲᠤᠭ᠎ᠠ ᠨᠢ ᠦᠷᠭᠦᠯᠵᠢᠯᠡᠨ | ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ | ᠡᠭᠦᠷᠭᠡ ᠶᠢ ᠤᠷᠢᠳᠴᠢᠯᠠᠨ ᠪᠡᠶᠡᠯᠡᠭᠦᠯᠵᠦ᠂ ᠪᠥᠬᠦ ᠠᠶᠢᠮᠠᠭ ᠲᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠨᠠᠰᠤᠵᠢᠯ ᠤᠨ ᠳᠠᠭᠠᠳᠬᠠᠯ ᠤᠨ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠨᠥᠬᠦᠪᠥᠷᠢ ᠶᠢ ᠪᠦᠬᠦᠨ ᠢ | ᠬᠠᠮᠤᠷᠤᠭᠤᠯᠬᠤ ᠶᠢ ᠣᠷᠢᠳᠴᠢᠯᠠᠨ ᠪᠡᠶᠡᠯᠡᠬᠦᠯᠪᠡ᠃ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ | ᠲᠡᠭᠦᠯᠳᠡᠷᠵᠢᠭᠦᠯᠦᠨ᠂ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠵᠠᠷᠤᠳᠠᠯ ᠤᠨ | ᠵᠠᠭᠠᠭ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮᠨᠡᠯᠭᠡ ᠳᠤ | ᠰᠠᠭᠤᠭᠰᠠᠨ ᠳᠣᠭᠠᠴᠠᠯᠳᠠ ᠶᠢᠨ ᠬᠠᠷᠢᠴᠠᠯ ᠢ ᠳᠣᠭᠢᠷᠠᠭᠤᠯᠵᠤ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠬᠥᠮᠦᠨ | ᠠᠮᠠ ᠶᠢᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠨᠣᠷᠮ᠎ᠠ 95% ᠠᠴᠠ ᠳᠡᠭᠡᠭᠰᠢ ᠪᠣᠯᠪᠠ᠃ ᠨᠡᠶᠢᠭᠡᠮ ᠤᠨ | ᠦᠢᠯᠡᠰ ᠲᠦᠷᠭᠡᠨ ᠬᠥᠭᠵᠢᠪᠡ᠃ ᠳᠥᠷᠪᠡᠳᠦᠭᠡᠷ ᠪᠠᠭ᠎ᠠ ᠰᠤᠷᠭᠠᠭᠤᠯᠢ ᠶᠢ ᠨᠡᠭᠦᠯᠭᠡᠨ ᠪᠠᠶᠢᠭᠤᠯᠬᠤ ᠠᠵᠢᠯ ᠢ | ᠦᠨᠳᠦᠰᠦᠨ ᠳᠡᠭᠡᠨ ᠳᠠᠭᠤᠰᠬᠠᠵᠤ᠂ 8 ᠳᠤᠮᠳᠠᠳᠤ ᠪᠠᠭ᠎ᠠ ᠰᠤᠷᠭᠠᠭᠤᠯᠢ ᠶᠢᠨ ᠢᠵᠢ ᠪᠦᠷᠢᠳᠦᠭᠰᠡᠨ ᠲᠥᠬᠦᠭᠡᠷᠦᠮᠵᠢ ᠶᠢ | ᠥᠭᠡᠷᠡᠴᠢᠯᠡᠨ ᠰᠠᠶᠢᠵᠢᠷᠠᠭᠤᠯᠵᠤ᠂ 11 ᠰᠤᠷᠭᠠᠭᠤᠯᠢ ᠴᠡᠴᠡᠷᠯᠢᠭ ᠭᠠᠯ ᠢ ᠰᠡᠷᠬᠡᠶᠢᠯᠡᠬᠦ ᠰᠢᠯᠭᠠᠨ ᠪᠠᠶᠢᠴᠠᠭᠠᠯᠲᠠ ᠳᠤ | ᠴᠦᠮ ᠬᠢᠷᠢ ᠲᠡᠩᠴᠡᠪᠡ᠃ ᠤᠷᠮᠠᠰᠢᠭᠤᠯᠬᠤ ᠠᠯᠢ ᠣᠯᠠᠨ ᠠᠷᠭ᠎ᠠ ᠬᠡᠮᠵᠢᠶ᠎ᠡ ᠶᠢ ᠠᠪᠴᠦ᠂ ᠪᠠᠭᠰᠢ ᠶᠢᠨ ᠠᠵᠢᠯ ᠤᠨ | ᠡᠷᠴᠢ ᠵᠣᠷᠢᠭ ᠢ ᠬᠥᠭᠵᠢᠭᠡᠪᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ | ᠬᠥᠮᠦᠵᠢᠯ ᠢ ᠡᠷᠡᠰ ᠭᠤᠶᠢᠪᠢᠰᠢ ᠦᠭᠡᠢ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ | ᠴᠥᠮ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠶᠢ ᠪᠡᠶᠡᠯᠡᠬᠦᠯᠪᠡ᠃ ᠰᠢᠨ᠎ᠡ ᠪᠠᠷ ᠪᠠᠶᠢᠭᠤᠯᠤᠭᠰᠠᠨ | ᠬᠢᠲᠠᠳ ᠡᠮᠨᠡᠯᠭᠡ ᠶᠢᠨ ᠬᠤᠷᠢᠶ᠎ᠠ ᠦᠨᠳᠦᠰᠦᠨ ᠳᠤ ᠪᠠᠨ ᠪᠠᠷᠢᠯᠭ᠎ᠠ ᠳᠠᠭᠤᠰᠪᠠ᠃ ᠤᠯᠤᠰ ᠤᠨ ᠡᠷᠡᠭᠦᠯ ᠬᠠᠮᠠᠭᠠᠯᠠᠯ ᠤᠨ | ᠬᠤᠲᠠ ᠶᠢᠨ ᠳᠠᠬᠢᠨ ᠰᠢᠯᠭᠠᠨ ᠪᠠᠶᠢᠴᠠᠭᠠᠯᠳᠠ ᠨᠢ ᠥᠪᠡᠷᠲᠡᠭᠡᠨ ᠵᠠᠰᠠᠬᠤ ᠣᠷᠣᠨ ᠤ ᠰᠢᠯᠭᠠᠨ ᠪᠠᠶᠢᠴᠠᠭᠠᠯᠳᠠ ᠶᠢ | ᠦᠩᠬᠡᠷᠡᠭᠡᠵᠦ᠂ ᠤᠯᠤᠰ ᠤᠨ ᠨᠢᠭᠳᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠪᠠ ᠭᠡᠷᠡᠯᠳᠦᠠᠣᠳᠦ ᠰᠣᠮᠣ ᠶᠢᠨ ᠤᠯᠤᠰ ᠤᠨ ᠡᠷᠡᠭᠦᠯ ᠬᠠᠮᠠᠭᠠᠯᠠᠯ ᠤᠨ | ᠰᠢᠶᠠᠩ ᠪᠠᠯᠭᠠᠰᠤ ᠶᠢ ᠡᠭᠦᠳᠦᠨ ᠪᠠᠶᠢᠭᠤᠯᠣᠯᠳᠠ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠯᠲᠠ ᠳᠤ | ᠬᠢᠷᠢ ᠲᠡᠩᠴᠡᠵᠦ᠂ 1 ᠡᠮᠴᠢ ᠨᠢ ︽ᠪᠦᠬᠦ ᠣᠯᠣᠰ ᠤᠨ ᠬᠠᠮᠤᠭ ᠤᠨ ᠪᠠᠭ᠋ᠠᠷᠬᠠᠯᠳᠦ ᠡᠮᠴᠢ︾ ᠶᠢᠨ ᠴᠣᠯᠠ ᠶᠢ | ᠬᠦᠷᠳᠡᠵᠦ᠂ ᠡᠮᠴᠢᠯᠡᠭᠡᠨ ᠤ ᠬᠢᠷᠢ ᠲᠦᠪᠰᠢᠨ ᠦᠷᠬᠦᠯᠵᠢᠯᠡᠨ ᠳᠡᠭᠡᠭᠰᠢᠯᠡᠪᠡ᠃ ᠪᠥᠬᠦ ᠬᠡᠯᠬᠢᠶᠡᠨ ᠤ ᠢᠳᠡᠭᠡᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠢᠨᠲ᠋ᠧᠷ ᠰᠦᠯᠵᠢᠶᠡᠨ + ᠢᠯᠡ ᠳᠣᠭᠤᠭᠠᠨ ᠬᠡᠷ︾ | ᠤᠨ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠪᠦᠷᠬᠦᠴᠡ ᠶᠢᠨ ᠨᠣᠷᠮ᠎ᠠ 100 % ᠳᠤ | ᠬᠦᠷᠪᠡ᠃ ᠪᠤᠤ ᠳ᠋ᠢᠩ ᠢᠳᠡᠰᠢᠨ ᠨᠣᠭᠤᠭᠠᠨ ᠤ ᠵᠠᠬ᠎ᠠ ᠳᠡᠯᠭᠡᠭᠦᠷ᠂ ᠶᠢᠨ ᠮᠠᠨ ᠲᠠᠩ ︵ᠣᠣ ᠯᠠᠢ︶ ᠠᠮᠳᠠᠳᠦ | ᠢᠳᠡᠭᠡᠨ ᠤ ᠵᠡᠬᠡᠯᠢ ᠨᠢ ᠣᠷᠣᠨ ᠤ ᠳᠡᠰ ᠤᠨ ᠢᠳᠡᠭᠡᠨ ᠤ ᠠᠮᠤᠷ ᠳᠦᠪᠰᠢᠨ ᠤ ᠬᠠᠮᠢᠶᠠᠷᠤᠯᠲᠠ ᠶᠢᠨ | ᠪᠠᠷᠢᠮᠵᠢᠶᠠᠵᠢᠭᠰᠠᠨ ᠵᠠᠬ᠎ᠠ ᠳᠡᠯᠭᠡᠭᠦᠷ ᠪᠠ ᠠᠮᠣᠷ ᠳᠦᠪᠰᠢᠨ ᠬᠡᠷᠡᠭᠯᠡᠭᠡᠨ ᠤ ᠵᠡᠬᠡᠯᠢ ᠪᠠᠷ ᠦᠨᠡᠯᠡᠭᠳᠡᠪᠡ᠃ ᠭᠠᠵᠠᠷ | ᠣᠷᠣᠨ ᠤ ᠪᠠᠶᠢᠳᠠᠯ ᠳᠤ ᠨᠢ ᠳᠣᠬᠢᠷᠠᠭᠤᠯᠣᠭᠰᠠᠨ ᠰᠢᠨᠵᠢᠯᠡᠭᠡ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ | ᠢᠨᠵᠧᠨᠧᠷᠢᠩ ᠢ ᠬᠡᠷᠡᠭᠵᠢᠭᠦᠯᠵᠦ᠂ ᠰᠢᠨᠵᠢᠯᠡᠭᠡ ᠮᠡᠷᠭᠡᠵᠢᠯ ᠤᠨ ᠡᠭᠦᠳᠦᠯᠲᠡ᠂ ᠬᠡᠷᠡᠭᠯᠡᠭᠡᠨ ᠤ ᠰᠢᠨ᠎ᠡ ᠬᠡᠯᠪᠡᠷᠢ ᠶᠢᠨ | ᠲᠤᠰᠬᠠᠢ ᠠᠰᠢᠭ ᠢ 5 ᠨᠡᠮᠡᠭᠳᠡᠭᠦᠯᠪᠡ᠃ ᠨᠡᠶᠢᠭᠡᠮ ᠤᠨ ᠵᠠᠰᠠᠨ ᠴᠡᠭᠴᠡᠯᠡᠯᠳᠠ ᠰᠢᠨ᠎ᠡ ᠠᠮᠵᠢᠯᠲᠠ ᠣᠯᠪᠠ᠃ ᠪᠥᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ | ᠠᠵᠢᠯ ᠤᠨ ᠡᠭᠦᠷᠭᠡ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠰᠢᠨᠡᠳᠭᠡᠨ ᠪᠠᠶᠢᠷᠢᠯᠠᠭᠤᠯᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠩᠭᠢᠯ 1᠂ ︽ᠠᠨᠠᠷ ᠤᠨ ᠦᠷ᠎ᠡ ᠬᠢᠴᠢᠶᠡᠯ ᠤᠨ | ᠲᠠᠩᠬᠢᠮ︾ 14 ᠶᠢ ᠪᠠᠶᠢᠭᠤᠯᠪᠠ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠢᠳᠪᠣᠷᠢᠯᠡᠬᠦ | ᠠᠵᠢᠯ ᠢ ᠭᠦᠨᠵᠡᠭᠡᠶ ᠥᠷᠨᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ | ᠪᠠᠶᠢᠭᠤᠯᠤᠯᠲᠠ ᠶᠢ ᠢᠳᠡᠪᠬᠢᠳᠠᠢ ᠪᠠᠷ ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠣᠷᠣᠯᠠᠨ | ᠭᠦᠢᠴᠡᠳᠬᠡᠭᠰᠡᠨ ᠨᠣᠷᠮ᠎ᠠ 100% ᠳᠤ ᠬᠦᠷᠪᠡ᠃ ᠬᠦᠨᠳᠦ ᠶᠡᠭᠡ ᠠᠶᠤᠯ ᠲᠦᠭᠰᠢᠭᠦᠷᠢ ᠡᠬᠦᠰᠬᠦ ᠶᠢ ᠪᠦᠬᠦ | ᠬᠦᠴᠦᠨ ᠢᠶᠠᠷ ᠢᠶᠠᠨ ᠰᠡᠷᠬᠡᠶᠢᠯᠡᠨ ᠠᠷᠢᠯᠭᠠᠵᠦ᠂ ᠪᠠᠷᠠᠭᠤᠨ ᠳᠣᠭᠤᠷᠢᠭ ᠤᠨ ᠭᠠᠵᠠᠷ ᠰᠢᠷᠦᠢ ᠶᠢᠨ ᠬᠡᠷᠡᠭ ᠢ ᠲᠡᠭᠦᠰ | ᠠᠮᠵᠢᠯᠲᠠ ᠲᠠᠢ ᠰᠢᠢᠳᠪᠣᠷᠢᠯᠡᠵᠦ᠂ ᠬᠦᠳᠡᠭᠡ ᠳᠣᠰᠬᠤᠨ ᠤ ᠬᠤᠷᠰᠢᠭᠰᠠᠨ ᠪᠠᠩᠬᠢ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠦ᠂ ᠵᠠᠰᠠᠭ ᠤᠨ ᠣᠷᠳᠣᠨ ᠤ ᠦᠷᠢ ᠦᠭᠴᠡᠭᠡ ᠶᠢ 5.4 | ᠳ᠋ᠦᠩᠰᠢᠭᠤᠷ ᠳᠦᠬᠦᠷᠢᠭ ᠠᠷᠢᠯᠭᠠᠵᠦ᠂ ︽ᠳᠦᠭᠰᠢᠬᠦᠷᠢ︾ ᠶᠢᠨ ᠳᠡᠰ ᠪᠠᠭᠤᠷᠠᠯᠳᠠ ᠶᠢ ᠪᠡᠶᠡᠯᠡᠬᠦᠯᠪᠡ᠃ ᠠᠶᠤᠯᠭᠦᠢ | ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ | ᠥᠷᠨᠢᠭᠦᠯᠵᠦ᠂ ᠪᠦᠬᠦ ᠬᠤᠳᠠ ᠳᠤ ᠨᠠᠯᠢᠶᠡᠳ ᠶᠡᠭᠡ ᠠᠴᠠ ᠬᠦᠨᠳᠦ ᠠᠮᠤᠷ ᠲᠦᠪᠰᠢᠨ ᠤ ᠦᠢᠯᠡᠳᠪᠦᠷᠢᠯᠡᠯ ᠤᠨ ᠬᠡᠷᠡᠭ | ᠣᠴᠢᠷ ᠡᠬᠦᠰᠦᠭᠰᠡᠨ ᠦᠭᠡᠢ᠂ ᠠᠶᠦᠯ ᠦᠭᠡᠢ ᠦᠢᠯᠡᠳᠪᠣᠷᠢᠯᠡᠯ ᠤᠨ ᠪᠠᠶᠢᠳᠠᠯ ᠤᠨ ᠳᠣᠭᠳᠠᠪᠣᠷᠢᠳᠠᠢ ᠪᠠᠶᠢᠬᠤ ᠶᠢ | ᠪᠠᠳᠣᠯᠠᠪᠠ᠃ ᠴᠡᠷᠢᠭ ᠠᠴᠠ ᠪᠠᠨ ᠬᠠᠯᠠᠭᠳᠠᠭᠰᠠᠨ 2 ᠴᠡᠷᠢᠭ ᠲᠤᠰ ᠲᠤᠰ ︽ᠪᠦᠬᠦ ᠤᠯᠤᠰ ᠤᠨ ᠵᠢᠱᠢᠶᠡᠴᠢ | ᠴᠡᠷᠢᠭ ᠤᠨ ᠠᠯᠪᠠ ᠠᠴᠠ ᠬᠠᠯᠠᠭᠳᠠᠭᠰᠠᠳ︾᠂ ︽ᠪᠦᠬᠦ ᠣᠷᠣᠨ ᠤ ᠬᠠᠮᠤᠭ ᠤᠨ ᠪᠠᠭ᠋ᠠᠷᠬᠠᠯᠳᠦ ᠴᠡᠷᠢᠭ ᠤᠨ | ᠠᠯᠪᠠ ᠠᠴᠠ ᠬᠠᠯᠠᠭᠳᠠᠭᠰᠠᠳ︾ ᠭᠡᠬᠦ ᠢᠷᠠᠭᠤ ᠠᠯᠳᠠᠷ ᠤᠨ ᠴᠣᠯᠠ ᠶᠢ ᠬᠦᠷᠲᠡᠵᠦ᠂ ᠦᠷᠡᠭᠳᠡᠭᠰᠡᠨ | ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢ ᠨᠡᠭᠦᠯᠭᠡᠨ ᠪᠠᠶᠢᠭᠤᠯᠪᠠ᠃ ᠬᠢᠯᠢ ᠶᠢᠨ ᠬᠠᠮᠢᠶᠠᠷᠤᠯᠲᠠ ᠡᠵᠡᠮᠳᠡᠯ ᠤᠨ | ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ | ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠬᠠᠣᠯᠢ ᠶᠣᠰᠣᠭᠠᠷ ᠴᠣᠬᠢᠯᠲᠠ ᠥᠭᠴᠦ᠂ ︽ᠠᠮᠤᠷ ᠠᠮᠤᠭᠤᠯᠠᠩ ᠡᠷᠢᠶᠡᠨ ︾ ᠢ ᠦᠷᠭᠦᠯᠵᠢᠯᠡᠨ ᠪᠠᠬᠢᠵᠢᠬᠦᠯᠪᠡ᠃ | —— ᠦᠷᠬᠦᠯᠵᠢᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠷᠢᠭᠤᠴᠠᠯᠭ᠎ᠠ ᠪᠠᠨ ᠴᠢᠩᠭᠠᠳᠬᠠᠨ᠂ | ᠵᠠᠰᠠᠭ ᠤᠨ ᠣᠷᠳᠣᠨ ᠤ ᠴᠢᠳᠠᠮᠵᠢ ᠶᠢ ᠢᠯᠡᠳᠲᠡ ᠳᠡᠭᠡᠭᠰᠢᠯᠡᠭᠦᠯᠪᠡ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ︽ᠬᠤᠶᠠᠷ ᠢ | ᠲᠣᠭᠲᠠᠭᠠᠬᠤ︾ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠬᠦ ᠶᠢ ᠨᠡᠩ ᠡᠷᠡᠰ ᠪᠠᠲᠤ ᠪᠥᠭᠡᠳ | ᠬᠦᠴᠦᠲᠡᠢ ᠪᠣᠯᠭᠠᠵᠦ᠂ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠢ ᠨᠡᠩ ᠰᠡᠳᠬᠢᠯ ᠵᠢᠷᠦᠬᠡᠨ ᠳᠤ | ᠬᠠᠳᠠᠩᠰᠢᠭᠤᠯᠪᠠ᠃ ᠵᠠᠰᠠᠭ ᠤᠨ ᠣᠷᠳᠣᠨ ᠤ ᠠᠵᠢᠯ ᠤᠨ ᠳᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ | ᠭᠤᠤᠯᠳᠠᠯᠭ᠎ᠠ ᠲᠠᠢ ᠭᠦᠢᠴᠡᠳᠬᠡᠯ ᠲᠤᠭ᠎ᠠ᠂ ᠭᠤᠤᠯᠳᠠᠯᠭ᠎ᠠ ᠲᠠᠢ ᠲᠥᠷᠥᠯ ᠵᠦᠢᠯ᠂ ᠭᠤᠤᠯᠳᠠᠯᠭ᠎ᠠ ᠲᠠᠢ ᠠᠵᠢᠯ ᠳᠤ | ᠳᠣᠬᠢᠷᠠᠭᠤᠯᠣᠯᠳᠠ ᠬᠢᠵᠦ ᠰᠢᠮᠳᠠᠭᠤᠯᠤᠨ ᠭᠦᠢᠴᠡᠳᠬᠡᠬᠦ ᠪᠠᠨ ᠴᠢᠩᠭᠠᠳᠬᠠᠵᠦ᠂ ᠵᠠᠰᠠᠭ ᠤᠨ ᠣᠷᠳᠣᠨ ᠤ ᠬᠦᠢᠴᠡᠳᠬᠡᠬᠦ | ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠪᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ | ᠥᠨᠳᠥᠷ ᠪᠦᠲᠦᠮᠵᠢᠲᠡᠶ ᠪᠠᠷ ᠥᠷᠨᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠮᠠᠷᠭᠤᠭᠠᠨ ᠦᠭᠡᠢ | ᠦᠷᠢ ᠦᠭᠴᠡᠭᠡ ᠦᠭᠡᠢ᠂ ᠰᠢᠭᠦᠬᠦ ᠬᠤᠷᠢᠶᠠᠨ ᠤ ᠵᠠᠰᠠᠭ ᠲᠤ ᠬᠤᠯᠪᠣᠭᠳᠠᠭᠰᠠᠨ ᠭᠦᠢᠴᠡᠳᠬᠡᠬᠦ ᠬᠡᠷᠡᠭ ᠢ | ᠦᠷᠭᠦᠯᠵᠢᠯᠡᠨ ︽ᠪᠦᠬᠦᠨ ᠢ ᠰᠢᠢᠳᠪᠦᠷᠢᠯᠡᠬᠦ︾ ᠪᠠᠶᠢᠳᠠᠯ ᠢ ᠪᠠᠲᠤᠯᠠᠪᠠ᠃ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ | ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠪᠠ ᠣᠯᠠᠨ ᠲᠦᠮᠡᠨ ᠤ ᠡᠳᠦᠷ ᠲᠤᠳᠤᠮ ᠤᠨ ᠬᠢᠨᠠᠯᠲᠠ | ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ 79 ᠬᠤᠪᠢ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ 116 ᠬᠤᠪᠢ ᠰᠠᠨᠠᠯ | ᠳᠤᠷᠠᠳᠤᠯᠭ᠎ᠠ ᠶᠢ ᠭᠦᠢᠴᠡᠳᠬᠡᠨ ᠬᠠᠷᠢᠭᠤᠯᠲᠠ ᠥᠭᠪᠡ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ᠂ ᠬᠢᠨᠠᠨ | ᠪᠤᠳᠤᠬᠤ᠂ ᠳᠤᠭ᠎ᠠ ᠪᠦᠷᠢᠳᠬᠡᠯ ᠵᠡᠷᠭᠡ ᠳᠡᠭᠡᠳᠦ ᠱᠠᠲᠤᠨ ᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ | ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠪᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠢᠴᠢᠭ ᠮᠠᠲ᠋ᠧᠷᠢᠶᠠᠯ ᠬᠤᠷᠠᠯ ᠢ ᠴᠦᠭᠡᠳᠬᠡᠨ᠂ ᠬᠢᠨᠠᠯᠳᠠ ᠪᠠᠶᠢᠴᠠᠭᠠᠯᠳᠠ | ᠰᠢᠯᠭᠠᠯᠳᠠ ᠶᠢ ᠨᠢᠭᠡᠳᠦᠯᠳᠠᠢ ᠳᠦᠷᠢᠮᠵᠢᠬᠦᠯᠦᠨ᠂ ᠦᠨᠳᠦᠰᠦᠨ ᠱᠠᠲᠤᠨ ᠤ ᠳᠠᠷᠤᠭᠠᠰᠤ ᠶᠢ ᠬᠦᠩᠬᠡᠷᠡᠬᠦᠯᠵᠦ᠂ ᠪᠣᠳᠠᠳᠦ | ᠦᠷ᠎ᠡ ᠠᠰᠢᠭ ᠣᠯᠪᠠ᠃ ᠬᠢᠨᠠᠨ ᠪᠣᠳᠣᠵᠤ ᠬᠢᠨᠠᠯᠲᠠ ᠲᠠᠯᠪᠢᠬᠤ ᠵᠢᠴᠢ ᠲᠥᠰᠦᠪ ᠤᠨ ᠪᠡᠯᠡ ᠣᠷᠣᠭᠤᠯᠤᠯᠲᠠ ᠶᠢ | ᠬᠢᠨᠠᠨ ᠲᠣᠭᠲᠠᠭᠠᠬᠤ ᠶᠢ ᠴᠢᠩᠭᠠᠳᠬᠠᠵᠤ᠂ ᠪᠦᠬᠦ ᠵᠢᠯ ᠳᠤ ᠵᠠᠰᠠᠭ ᠤᠨ ᠣᠷᠳᠣᠨ ᠤ ᠴᠢᠨᠠᠷᠲᠠᠢ ᠪᠡᠯᠡ | ᠣᠷᠣᠭᠤᠯᠤᠯᠲᠠ ᠶᠢᠨ ᠪᠡᠯᠡ ᠮᠥᠩᠭᠦ ᠶᠢ 1.9 ᠳ᠋ᠦᠩᠰᠢᠭᠤᠷ ᠲᠥᠭᠦᠷᠢᠭ ᠠᠷᠪᠢᠯᠠᠪᠠ᠃ | ᠡᠭᠦᠨ ᠠᠴᠠ ᠭᠠᠳᠠᠨ᠎ᠠ᠂ ᠠᠵᠢᠯᠴᠢᠨ ᠤ ᠡᠪᠯᠡᠯ᠂ ᠵᠠᠯᠠᠭᠤᠴᠤᠳ ᠪᠠᠭᠠᠴᠤᠳ᠂ ᠡᠮᠡᠭᠲᠡᠶᠢᠴᠦᠳ ᠬᠡᠦᠬᠡᠳ᠂ | ᠵᠡᠮᠳᠡᠭᠴᠣᠳ᠂ ᠤᠯᠠᠭᠠᠨ ᠵᠠᠭᠠᠯᠮᠠᠶᠢᠳᠠᠨ ᠵᠡᠷᠭᠡ ᠠᠵᠢᠯ ᠦᠢᠯᠡᠰ ᠰᠢᠨ᠎ᠡ ᠳᠠᠪᠰᠢᠯᠲᠠ ᠲᠠᠢ ᠪᠣᠯᠪᠠ᠃ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠲᠤᠭ᠎ᠠ ᠪᠦᠷᠢᠳᠬᠡᠯ ᠤᠨ | ᠪᠠᠶᠢᠴᠠᠭᠠᠯᠲᠠ᠂ ᠴᠠᠭ ᠠᠭᠤᠷ᠂ ᠭᠠᠵᠠᠷ ᠬᠥᠳᠡᠯᠦᠯᠲᠡ᠂ ᠪᠠᠶᠢᠭᠤᠯᠭ᠎ᠠ ᠨᠢᠭᠡᠴᠡ ᠶᠢᠨ ᠶᠠᠪᠤᠳᠠᠯ ᠵᠡᠷᠭᠡ ᠠᠵᠢᠯ ᠢ | ᠰᠢᠨ᠎ᠡ ᠪᠠᠷ ᠳᠡᠭᠡᠭᠰᠢᠯᠡᠭᠦᠯᠪᠡ᠃ | ᠲᠦᠯᠦᠭᠡᠯᠡᠭᠴᠢᠳ ᠡ᠂ ᠨᠢᠭᠡ ᠵᠢᠯ ᠤᠨ ᠲᠤᠷᠰᠢᠬᠢ ᠠᠵᠢᠯ ᠢᠶᠠᠨ ᠪᠦᠬᠦ ᠲᠠᠯ᠎ᠠ ᠪᠠᠷ ᠳ᠋ᠦᠩᠨᠡᠬᠦ ᠳᠤ᠂ ᠡᠳᠡᠭᠡᠷ | ᠣᠯᠣᠭᠰᠠᠨ ᠠᠮᠵᠢᠯᠲᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠪᠦᠳᠦᠭᠡᠯ ᠭᠡᠰᠡᠨ ᠢ | ᠭᠦᠨᠵᠡᠭᠡᠢ ᠣᠶᠢᠯᠠᠭᠠᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠲᠠ ᠶᠢᠨ | ᠨᠠᠮ ᠤᠨ ᠬᠤᠷᠢᠶ᠎ᠠ ᠶᠢᠨ ᠵᠥᠪ ᠣᠨᠣᠪᠴᠢᠲᠠᠢ ᠤᠳᠤᠷᠢᠳᠤᠯᠭ᠎ᠠ ᠶᠢᠨ ᠦᠷ᠎ᠡ ᠳ᠋ᠦᠩ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠦᠴᠦᠲᠡᠢ ᠬᠢᠨᠠᠯᠲᠠ ᠪᠠ ᠬᠦᠴᠦᠲᠡᠢ | ᠳᠡᠮᠵᠢᠯᠭᠡ ᠶᠢᠨ ᠦᠷ᠎ᠡ ᠳ᠋ᠦᠩ᠂ ᠨᠠᠩ ᠴᠤ ᠪᠥᠬᠦ ᠬᠤᠲᠠ ᠶᠢᠨ ᠠᠷᠠᠳ ᠲᠦᠮᠡᠨ ᠤ ᠨᠢᠭᠡ ᠰᠡᠳᠬᠢᠯ ᠨᠢᠭᠡ | ᠵᠣᠷᠢᠭ ᠢᠶᠠᠷ᠂ ᠦᠷᠭᠦᠯᠵᠢᠯᠡᠨ ᠲᠡᠮᠡᠴᠡᠭᠰᠡᠨ ᠤ ᠦᠷ᠎ᠡ ᠳ᠋ᠦᠩ ᠶᠤᠮ᠃ ᠠᠳᠡ᠂ ᠪᠢ ᠬᠤᠲᠠ ᠶᠢᠨ ᠠᠷᠠᠳ ᠤᠨ | ᠵᠠᠰᠠᠭ ᠤᠨ ᠣᠷᠳᠣᠨ ᠢ ᠲᠦᠯᠦᠭᠡᠯᠡᠨ᠂ ᠪᠥᠬᠦ ᠬᠤᠲᠠ ᠶᠢᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠡᠷᠢᠶᠡᠨ ᠬᠤᠲᠠ ᠶᠢᠨ | ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠠ ᠣᠷᠣᠯᠴᠠᠭᠰᠠᠨ ᠪᠦᠬᠦ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ | ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠰᠢᠨ᠎ᠡ ᠡᠭᠦᠷᠭᠡ ᠬᠠᠷᠢᠭᠤᠴᠠᠯᠭ᠎ᠠ ᠳᠤ ᠬᠠᠷᠢᠴᠠᠭᠤᠯᠪᠠᠯ᠂ ᠮᠠᠨ ᠤ ᠬᠤᠲᠠ ᠳᠤ ᠪᠠᠰᠠ ᠵᠠᠷᠢᠮ ᠬᠦᠴᠢᠷᠳᠡᠯ ᠪᠠ | ᠥᠷᠢᠰᠥᠯᠳᠦᠭᠡᠨ ᠲᠤᠯᠭᠠᠷᠠᠵᠤ ᠪᠠᠶᠢᠨ᠎ᠠ᠄ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠠᠵᠤ ᠦᠢᠯᠡᠰ ᠤᠨ ᠲᠠᠰ | ᠳᠠᠪᠬᠤᠷᠭ᠎ᠠ ᠥᠨᠳᠥᠷ ᠪᠢᠰᠢ᠂ ᠲᠣᠮᠣ ᠲᠥᠷᠥᠯ ᠵᠦᠢᠯ᠂ ᠲᠣᠮᠣ ᠠᠵᠤ ᠠᠬᠤᠶᠢᠯᠠᠯ ᠤᠨ ᠲᠤᠯᠭᠠᠭᠤᠷᠢᠯᠠᠯ | ᠳᠤᠲᠠᠭᠳᠠᠵᠤ ᠪᠠᠶᠢᠨ᠎ᠠ︔ ᠭᠠᠳᠠᠭᠠᠳᠤ ᠨᠡᠭᠡᠭᠡᠯᠲᠡ ᠶᠢᠨ ᠭᠦᠨᠴᠡ ᠬᠦᠷᠦᠯᠴᠡᠬᠦ ᠥᠬᠡᠶ᠂ ᠮᠣᠩᠭᠤᠯ ᠣᠷᠣᠰ ᠯᠤᠭ᠎ᠠ | ᠪᠣᠳᠠᠳᠠᠢ ᠬᠠᠮᠲᠤᠷᠠᠯᠴᠠᠭᠠᠨ ᠤ ᠦᠷ᠎ᠡ ᠪᠦᠲᠦᠭᠡᠯ ᠢᠯᠡᠷᠬᠡᠢ ᠪᠢᠰᠢ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ | ᠨᠡᠪᠲᠡᠷᠡᠯᠴᠡᠬᠦ ᠶᠢ ᠠᠬᠢᠭᠤᠯᠬᠤ ᠨᠢ ᠨᠡᠯᠢᠶᠡᠳ ᠤᠳᠠᠭᠠᠨ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠦᠷᠢᠶᠡᠨ | ᠤ ᠳᠠᠷᠣᠭᠠᠰᠦ ᠪᠠᠭᠠᠰᠬᠤ ᠥᠬᠡᠶ ᠪᠠᠶᠢᠭ᠎ᠠ︔ ᠠᠷᠠᠳ ᠤᠨ ᠠᠮᠢᠵᠢᠷᠠᠯ ᠤᠨ ᠬᠦᠷᠢᠶᠡᠨ ᠳᠤ ᠴᠥᠭᠡᠨ ᠪᠤᠰᠤ | ᠳᠤᠲᠠᠭᠤᠳᠠᠯ ᠣᠷᠣᠭᠰᠢᠭᠰᠠᠭᠠᠷ ᠪᠠᠶᠢᠵᠦ᠂ ᠰᠤᠷᠭᠠᠨ ᠬᠥᠮᠦᠵᠢᠯ ᠡᠮ ᠡᠮᠨᠡᠯᠭᠡ ᠵᠡᠷᠭᠡ ᠣᠯᠠᠨ ᠨᠡᠶᠢᠲᠡ ᠶᠢᠨ | ᠦᠢᠯᠡᠴᠢᠯᠡᠭᠡ ᠨᠢ ᠣᠯᠠᠨ ᠲᠦᠮᠡᠨ ᠤ ᠬᠦᠰᠡᠯ ᠡᠷᠡᠮᠡᠯᠵᠡᠯ ᠢ ᠬᠠᠩᠭᠠᠵᠤ ᠳᠡᠶᠢᠯᠬᠦ ᠥᠬᠡᠶ ᠪᠠᠶᠢᠨ᠎ᠠ︔ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠪᠠᠰᠠ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠶ ᠪᠠᠶᠢᠵᠦ᠂ ᠵᠠᠰᠠᠭ ᠤᠨ | ᠣᠷᠳᠣᠨ ᠤ ᠰᠢᠰᠲ᠋ᠧᠮ ᠤᠨ ᠵᠠᠰᠠᠭ ᠵᠠᠬᠢᠷᠭᠠᠨ ᠤ ᠴᠢᠳᠠᠮᠵᠢ ᠶᠢᠨ ᠪᠠᠶᠢᠭᠤᠯᠤᠯᠲᠠ ᠶᠢ ᠮᠥᠨ ᠬᠦ ᠴᠢᠩᠭᠠᠳᠬᠠᠬᠤ | ᠴᠢᠬᠤᠯᠠᠲᠠᠶ᠃ ᠡᠭᠦᠨ ᠳᠤ ᠪᠢᠳᠡ ᠡᠷᠬᠡᠪᠰᠢ ᠬᠦᠴᠦᠲᠡᠶ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠬᠢᠨᠠᠮᠠᠭᠠᠶ | ᠰᠢᠢᠳᠪᠦᠷᠢᠯᠡᠬᠦ ᠬᠡᠷᠡᠭᠲᠡᠶ᠃ | ᠬᠤᠶᠠᠷ᠂ 2025 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ | ᠶᠤᠮ᠂ ᠮᠦᠨ ᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠪᠠᠶᠢᠷᠢᠰᠢᠭᠤᠯᠤᠯᠳᠠ ᠶᠢᠨ | ᠵᠢᠯ ᠶᠤᠮ᠂ ᠡᠯ᠎ᠡ ᠲᠦᠷᠦᠯ ᠤᠨ ᠠᠵᠢᠯ ᠢ ᠰᠠᠶᠢᠲᠤᠷ ᠬᠢᠬᠦ ᠴᠢᠬᠤᠯᠠ ᠶᠡᠭᠡ ᠠᠴᠢ ᠬᠤᠯᠪᠣᠭᠳᠠᠯ ᠲᠠᠢ ᠵᠢᠯ ᠪᠣᠯᠣᠨ᠎ᠠ᠃ | ᠬᠤᠲᠠ ᠶᠢᠨ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ | ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠳᠣᠣᠱᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠤᠨ ᠲᠣᠭᠤᠷᠢᠨ ᠳᠤ᠂ ᠯᠠᠪᠲᠠᠭᠤᠨ ᠤ ᠳᠣᠮᠳᠠ ᠤᠷᠤᠭᠰᠢᠯᠠᠬᠤ | ᠠᠵᠢᠯ ᠤᠨ ᠦᠨᠲᠦᠰᠦᠨ ᠬᠦᠭ ᠠᠶᠠᠰ ᠢ ᠪᠠᠷᠢᠮᠳᠠᠯᠠᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠳᠡᠬᠦᠯᠳᠡᠷ ᠵᠥᠪ ᠣᠨᠣᠪᠴᠢᠲᠠᠢ ᠪᠦᠬᠦ ᠲᠠᠯ᠎ᠠ ᠪᠠᠷ ᠳᠣᠣᠱᠯᠠᠭᠤᠯᠵᠦ᠂ ᠰᠢᠨ᠎ᠡ ᠬᠥᠭᠵᠢᠯᠲᠡ ᠶᠢᠨ ᠳᠣᠭᠳᠠᠯᠴᠠᠭ᠎ᠠ ᠳᠤ | ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠳᠣᠭᠳᠠᠪᠣᠷᠢᠳᠠᠢ ᠬᠦᠴᠦᠨ ᠢᠶᠠᠨ ᠪᠠᠲᠤᠯᠠᠨ᠂ ᠢᠲᠡᠭᠡᠯ | ᠵᠣᠷᠢᠭ ᠢᠶᠠᠨ ᠨᠡᠮᠡᠭᠳᠡᠭᠦᠯᠵᠦ᠂ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠰᠠᠭᠤᠷᠢ ᠪᠠᠨ ᠪᠠᠬᠢᠵᠢᠭᠦᠯᠵᠦ᠂ | ᠬᠤᠷᠢᠭ᠎ᠠ ᠱᠤᠭᠤᠮ ᠢ ᠪᠠᠲᠤ ᠰᠠᠬᠢᠵᠤ᠂ ᠬᠤᠪᠢᠷᠠᠯᠲᠠ ᠶᠢ ᠲᠠᠭᠠᠨ ᠠᠷᠭᠠᠴᠠᠵᠤ᠂ ᠬᠤᠶᠠᠷ ᠶᠡᠭᠡ ᠶᠠᠪᠤᠳᠠᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠠᠬᠢᠭᠤᠯᠵᠤ᠂ ︽ | ᠵᠢᠷᠭᠤᠭᠠᠨ ᠠᠵᠢᠯᠯᠠᠭ᠎ᠠ︾ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠪᠣᠭᠤᠮᠲᠠ ᠶᠢᠨ | ᠤᠨᠴᠠᠯᠢᠬᠳᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠠᠷᠠᠳ ᠤᠨ ᠠᠮᠢᠳᠤᠷᠠᠯ ᠤᠨ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠤ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ | ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠳᠣᠷ ᠡᠬᠢᠯᠡᠭᠦᠯᠬᠦ ᠳᠤ ᠪᠠᠲᠤ | ᠰᠠᠭᠤᠷᠢ ᠲᠠᠯᠪᠢᠨ᠎ᠠ᠃ | ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠣᠷᠢᠯᠡᠯ ᠤᠨ ᠶᠡᠷᠦᠩᠬᠡᠶ ᠥᠷᠲᠡᠭ ᠢ 7% | ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠣᠷᠴᠢᠮ | ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 8% ᠣᠷᠴᠢᠮ ᠨᠡᠮᠡᠭᠳᠡᠭᠦᠯᠦᠨ᠎ᠡ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠢ 15% ᠤᠷᠴᠢᠮ ᠨᠡᠮᠡᠭᠳᠡᠬᠦᠯᠦᠨ᠎ᠡ︔ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 3% ᠣᠷᠴᠢᠮ | ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ 4.5% ᠣᠷᠴᠢᠮ ᠨᠡᠮᠡᠭᠳᠡᠭᠦᠯᠦᠨ᠎ᠡ︔ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠶᠢ 5.5% ᠣᠷᠴᠢᠮ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠵᠢᠷᠭᠤᠭᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠤᠮᠠᠷᠠᠰᠢ ᠨᠡᠭᠡᠭᠡᠯᠲᠡ ᠬᠢᠬᠦ ᠰᠢᠪᠲᠤᠯᠤᠯᠲᠠ ᠳᠤ ᠠᠩᠬᠠᠷᠣᠯ ᠢᠶᠠᠨ ᠳᠦᠪᠯᠡᠷᠡᠬᠦᠯᠦᠨ᠂ | ᠬᠥᠭᠵᠢᠯᠲᠡ ᠶᠢᠨ ᠳᠠᠯᠳᠠ ᠬᠦᠴᠦᠨ ᠢ ᠪᠣᠵᠠᠭᠠᠶᠢᠷᠠᠭᠤᠯᠬᠤ ᠳᠤ ᠪᠣᠳᠠᠳᠠᠢ ᠦᠷ᠎ᠡ ᠪᠦᠲᠦᠮᠵᠢ ᠣᠯᠣᠨ᠎ᠠ᠃ | ᠨᠡᠩ ᠥᠨᠳᠥᠷ ᠡᠨᠧᠷᠭᠢ ᠶᠢᠨ ᠳᠡᠰ ᠤᠨ ᠲᠠᠪᠴᠠᠩ ᠢ ᠪᠠᠶᠢᠭᠤᠯᠣᠨ᠎ᠠ᠃ ᠥᠪᠡᠷᠲᠡᠭᠡᠨ ᠵᠠᠰᠠᠬᠤ ᠣᠷᠣᠨ ᠤ | ᠴᠢᠯᠥᠭᠡᠲᠦ ᠠᠷᠠᠯᠵᠢᠶᠠᠨ ᠤ ᠲᠣᠭᠤᠷᠢᠭ ᠢ ᠭᠤᠶᠣᠴᠢᠯᠠᠨ ᠪᠠᠶᠢᠭᠤᠯᠬᠤ ᠠᠬᠢᠴᠠ ᠶᠢ ᠴᠢᠩᠭ᠎ᠠ ᠳᠠᠭᠠᠵᠤ᠂ ᠡᠷᠢᠶᠡᠨ | ᠬᠤᠳᠠ ᠶᠢᠨ ᠣᠷᠣᠨ ᠬᠡᠪᠴᠢᠶ᠎ᠡ ᠶᠢ ᠭᠤᠶᠤᠴᠢᠯᠠᠨ ᠪᠠᠶᠢᠭᠤᠯᠬᠤ ᠶᠢ ᠡᠮᠬᠢ ᠵᠢᠷᠤᠮ ᠲᠠᠢ ᠪᠠᠷ ᠠᠬᠢᠭᠤᠯᠵᠦ᠂ ᠲᠦᠷᠢᠮ | ᠤᠨ ᠰᠢᠨ᠎ᠡ ᠶᠢ ᠡᠬᠦᠳᠬᠦ ᠨᠠᠷᠢᠨ ᠲᠠᠩᠰᠠ ᠶᠢ ᠰᠢᠯᠢᠳᠡᠭᠵᠢᠭᠦᠯᠵᠦ᠂ ᠭᠤᠤᠯᠳᠠᠯᠭ᠎ᠠ ᠲᠠᠢ ᠡᠭᠦᠷᠭᠡ ᠪᠠ ᠬᠡᠷᠡᠭᠵᠢᠭᠦᠯᠬᠦ | ᠠᠷᠭ᠎ᠠ ᠵᠠᠮ ᠢ ᠲᠣᠳᠣᠷᠬᠠᠶᠢᠯᠠᠪᠠ᠃ ᠲᠦᠷᠢᠮ ᠤᠨ ᠰᠢᠨ᠎ᠡ ᠶᠢ ᠡᠭᠦᠳᠬᠦ᠂ ᠲᠠᠪᠴᠠᠩ ᠤᠨ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠵᠡᠷᠭᠡ ᠭᠤᠷᠪᠠᠨ ᠨᠠᠷᠢᠨ ᠲᠠᠩᠰᠠ ᠶᠢ | ᠨᠢᠭᠲᠠ ᠤᠶᠠᠯᠳᠤᠭᠤᠯᠤᠨ᠂ ᠲᠥᠪᠯᠡᠷᠡᠭᠦᠯᠦᠨ ᠪᠣᠭᠤᠮᠲᠠ ᠰᠢᠪᠳᠣᠯᠬᠤ᠂ ᠭᠤᠤᠯᠳᠠᠯᠭ᠎ᠠ ᠶᠢ ᠠᠳᠬᠤᠨ ᠬᠦᠴᠢᠷ ᠢ | ᠡᠪᠳᠡᠬᠦ᠂ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ | ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠣᠨ᠎ᠠ᠃ ᠵᠣᠷᠢᠯᠭ᠎ᠠ ᠶᠢᠨ ᠴᠢᠨᠠᠷᠲᠠᠢ | ᠰᠢᠪᠲᠤᠯᠤᠯᠲᠠ ᠶᠢ ᠪᠡᠶᠡᠯᠡᠭᠦᠯᠵᠦ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠭᠠᠶᠢᠯᠢ ᠶᠢᠨ ᠪᠣᠭᠤᠮᠲᠠ ᠶᠢᠨ ᠶᠡᠷᠦᠩᠬᠡᠢ ᠵᠠᠬᠢᠷᠭ᠎ᠠ᠂ ᠤᠯᠤᠰ ᠤᠨ | ᠨᠡᠭᠦᠳᠡᠯ ᠠᠷᠠᠳ ᠤᠨ ᠬᠠᠮᠢᠶᠠᠷᠣᠯᠳᠠ ᠶᠢᠨ ᠲᠣᠪᠴᠢᠶ᠎ᠠ ᠶᠢᠨ ᠬᠢᠨᠠᠨ ᠬᠠᠮᠢᠶᠠᠷᠬᠤ ᠵᠠᠭᠪᠤᠷ᠂ ᠬᠢᠨᠠᠨ ᠬᠠᠮᠢᠶᠠᠷᠬᠤ | ᠲᠥᠰᠥᠯ ᠤᠨ ᠨᠡᠶᠢᠲᠡᠯᠡᠬᠦ ᠶᠢ ᠪᠦᠬᠦ ᠬᠦᠴᠦᠨ ᠢᠶᠠᠷ ᠢᠶᠠᠨ ᠴᠢᠷᠮᠠᠶᠢᠨ ᠳᠡᠮᠵᠢᠵᠦ᠂ ᠭᠠᠳᠠᠭᠠᠳᠤ ᠶᠠᠪᠤᠳᠠᠯ ᠤᠨ | ᠶᠠᠮᠤᠨ ᠲᠠᠢ ᠵᠣᠬᠢᠴᠠᠭᠤᠯᠤᠨ ᠬᠢᠯᠢ ᠠᠯᠤᠰᠯᠠᠭᠰᠠᠨ ᠭᠤᠣᠯ ᠵᠠᠮ ᠤᠨ ᠬᠢᠯᠢ ᠪᠠᠷ ᠥᠩᠭᠡᠷᠡᠬᠦ ᠴᠢᠭ ᠢ ᠲᠤᠬᠠᠢ ᠶᠢᠨ | ᠭᠠᠵᠠᠷ ᠲᠤᠨᠢ ᠨᠣᠳᠠᠯᠠᠯᠳᠠ ᠬᠢᠵᠦ᠂ ᠥᠪᠡᠷᠲᠡᠭᠡᠨ ᠵᠠᠰᠠᠬᠤ ᠣᠷᠣᠨ ᠤ ᠬᠠᠮᠲᠤᠷᠠᠯᠴᠠᠭᠠᠨ ᠤ ᠣᠷᠣᠨ ᠤ ᠪᠥᠲᠥᠭᠡᠨ | ᠪᠠᠶᠢᠭᠤᠯᠤᠯᠲᠠ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠬᠦ ᠶᠢ ᠳᠡᠮᠵᠢᠨ᠎ᠡ᠃ | ᠪᠠᠶᠢᠴᠠᠭᠠᠨ ᠰᠢᠯᠭᠠᠬᠤ ᠠᠰᠠᠷ ᠤᠨ ᠳᠣᠳᠣᠷᠠᠬᠢ ᠶᠢ ᠵᠠᠰᠠᠨ ᠴᠢᠮᠡᠭᠯᠡᠬᠦ᠂ ᠤᠶᠤᠨᠲᠤ ᠪᠣᠭᠤᠮᠲᠠ ᠶᠢᠨ | ᠬᠠᠮᠢᠶᠠᠷᠤᠯᠲᠠ ᠶᠢᠨ ᠰᠢᠰᠲ᠋ᠧᠮ᠂ ᠬᠦᠮᠦᠷᠭᠡᠯᠡᠨ ᠬᠠᠳᠠᠭᠠᠯᠠᠬᠤ ᠡᠳ᠋ ᠪᠠᠷᠠᠭᠠᠨ ᠤ ᠬᠦᠢᠯᠭᠡᠭᠡᠨ ᠤ ᠲᠦᠪ ᠵᠡᠷᠭᠡ ᠲᠥᠷᠥᠯ | ᠵᠦᠢᠯ ᠤᠨ ᠠᠵᠢᠯ ᠳᠠᠭᠤᠰᠬᠤ ᠶᠢ ᠠᠬᠢᠭᠤᠯᠵᠤ᠂ ᠬᠢᠯᠢ ᠠᠯᠤᠰᠯᠠᠭᠰᠠᠨ ᠭᠤᠤᠯ ᠵᠠᠮ᠂ ᠶᠡᠷᠦᠩᠬᠡᠶᠢᠯᠡᠭᠰᠡᠨ | ᠬᠤᠳᠠᠯᠳᠤᠭᠠᠨ ᠤ ᠶᠠᠪᠤᠳᠠᠯ ᠤᠨ ᠲᠥᠪ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ᠶᠡᠷᠦᠩᠬᠡᠶᠢᠯᠡᠭᠰᠡᠨ ᠬᠤᠳᠠᠯᠳᠣᠭᠠᠨ ᠤ ᠶᠠᠪᠣᠳᠠᠯ ᠤᠨ ᠳᠦᠪ ᠤᠨ ᠪᠦᠳᠦᠭᠡᠨ ᠪᠠᠶᠢᠭᠤᠯᠣᠯᠳᠠ ᠶᠢ ᠲᠦᠷᠭᠡᠳᠬᠡᠵᠦ᠂ | ᠲᠤᠰᠬᠠᠶ ᠵᠦᠢᠯ ᠢᠶᠠᠷ ᠬᠤᠳᠠᠯᠳᠤᠭᠠᠴᠢᠨ ᠤᠷᠢᠬᠤ ᠶᠢ ᠦᠷᠭᠦᠯᠵᠢᠯᠡᠨ ᠥᠷᠨᠢᠭᠦᠯᠵᠦ᠂ ᠰᠦᠪᠡᠭᠴᠢ ᠶᠢᠨ ᠲᠥᠷᠥᠯ | ᠵᠦᠢᠯ᠂ ᠰᠠᠨᠠᠮᠵᠢ ᠶᠢᠨ ᠲᠥᠷᠥᠯ ᠵᠦᠢᠯ᠂ ᠭᠡᠷ᠎ᠡ ᠲᠣᠭᠲᠠᠭᠰᠠᠨ ᠲᠥᠷᠥᠯ ᠵᠦᠢᠯ ᠤᠨ ᠨᠠᠶᠢᠳᠠᠪᠣᠷᠢᠵᠢᠭᠤᠯᠣᠯᠳᠠ ᠶᠢ | ᠬᠦᠴᠦᠯᠡᠨ ᠠᠬᠢᠭᠤᠯᠵᠤ᠂ ᠴᠡᠪᠡᠷ ᠥᠭᠡᠬᠦᠨ ᠴᠢᠯᠠᠭᠤᠨ ᠬᠠᠶᠢᠷ ᠤᠨ ᠲᠥᠷᠥᠯ ᠵᠦᠢᠯ ᠢ ᠪᠠᠶᠢᠭᠤᠯᠤᠨ ᠳᠠᠭᠤᠰᠬᠠᠵᠤ | ᠠᠰᠢᠭᠯᠠᠯᠲᠠ ᠳᠤ ᠣᠷᠣᠭᠤᠯᠵᠦ᠂ ᠵᠠᠰᠠᠮᠠᠯ ᠵᠠᠮ ᠳᠡᠮᠣᠷ ᠵᠠᠮ ᠤᠨ ᠪᠠᠷᠠᠭᠠᠨ ᠤ ᠬᠦᠢᠯᠭᠡᠭᠡᠨ ᠤ ᠳᠣᠭᠤᠷᠢᠭ᠂ ᠦᠬᠡᠷ | ᠬᠤᠨᠢᠨ ᠮᠢᠬ᠎ᠠ ᠶᠢ ᠨᠠᠷᠢᠯᠢᠭ ᠡᠳ᠋ᠰᠢᠭᠦᠯᠬᠦ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ | ᠴᠢᠷᠮᠠᠶᠢᠨ᠎ᠠ᠃ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ ᠤᠨ ᠰᠢᠨ᠎ᠡ ᠬᠥᠭᠵᠢᠯᠲᠡ ᠶᠢ ᠡᠭᠦᠳᠴᠦ᠂ | ᠦᠪᠡᠷᠲᠡᠭᠡᠨ ᠵᠠᠰᠠᠬᠤ ᠣᠷᠣᠨ ᠠᠴᠠ ᠬᠤᠳᠠᠯᠳᠣᠭᠠᠨ ᠤ ᠳᠣᠭᠤᠷᠢᠭ ᠲᠤ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠬᠤ | ᠶᠢ ᠴᠢᠷᠮᠠᠶᠢᠨ ᠬᠦᠭᠡᠭᠡᠴᠡᠯᠳᠦᠵᠦ᠂ ᠭᠠᠳᠠᠭᠠᠲᠤ ᠠᠴᠠ ᠣᠷᠤᠭᠤᠯᠬᠤ ᠲᠠᠸᠠᠷ ᠤᠨ ᠲᠦᠷᠦᠯ ᠵᠦᠢᠯ ᠪᠠ ᠤᠯᠤᠰ ᠤᠨ | ᠢᠯᠭᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠎ᠠ᠃ ᠬᠢᠯᠢ ᠶᠢᠨ ᠢᠷᠭᠡᠳ ᠤᠨ ᠬᠤᠳᠠᠯᠳᠣᠭᠠᠨ ᠤ | ᠭᠠᠳᠠᠭᠠᠳᠤ ᠠᠴᠠ ᠣᠷᠣᠭᠤᠯᠬᠤ ᠲᠠᠸᠠᠷ ᠢ ᠪᠣᠳᠠᠲᠠᠶᠢᠵᠢᠭᠤᠯᠤᠨ ᠡᠳ᠋ᠰᠢᠭᠦᠯᠬᠦ ᠬᠡᠪᠴᠢᠶ᠎ᠡ ᠶᠢ ᠪᠠᠬᠢᠵᠢᠭᠦᠯᠵᠦ᠂ | ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠵᠢᠩᠬᠢᠨᠢ ᠪᠠᠷ ᠨᠡᠭᠡᠭᠡᠵᠦ᠂ ᠡᠳᠦᠷ ᠲᠤᠲᠤᠮ ᠤᠨ ᠬᠡᠷᠡᠭᠯᠡᠭᠡᠨ ᠤ | ᠪᠦᠷᠢᠨ ᠪᠠᠷᠠᠭ᠎ᠠ ᠵᠡᠷᠭᠡ ᠵᠢᠵᠢᠭ ᠲᠠᠸᠠᠷ ᠢ ᠭᠠᠳᠠᠭᠠᠳᠤ ᠳᠤ ᠭᠠᠷᠭᠠᠬᠤ ᠶᠢ ᠪᠡᠶᠡᠯᠡᠭᠦᠯᠵᠦ᠂ ᠬᠢᠯᠢ ᠶᠢᠨ ᠢᠷᠭᠡᠳ ᠤᠨ | ᠬᠤᠳᠠᠯᠳᠣᠭᠠᠨ ᠤ ᠬᠡᠮᠵᠢᠶ᠎ᠡ ᠶᠢ 10 ᠳ᠋ᠦᠩᠰᠢᠭᠤᠷ ᠲᠥᠭᠦᠷᠢᠭ ᠢ ᠳᠠᠪᠠᠭᠤᠯᠵᠦ᠂ ᠪᠦᠬᠦ ᠣᠷᠣᠨ ᠳᠤ ᠦᠷᠬᠦᠯᠵᠢᠯᠡᠨ | ᠳᠠᠭᠠᠭᠤᠯᠣᠭᠴᠢ ᠪᠠᠨ ᠪᠠᠳᠣᠯᠠᠨ᠎ᠠ᠃ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠲᠥᠪᠯᠡᠷᠡᠭᠰᠡᠨ | ᠠᠵᠤ ᠦᠢᠯᠡᠰ ᠤᠨ ᠳᠠᠪᠠᠭᠤᠯᠢᠭ ᠢ ᠪᠠᠳᠠᠷᠠᠭᠤᠯᠤᠨ᠂ ᠨᠢᠭᠡᠨᠲᠡ ᠪᠠᠶᠢᠭ᠎ᠠ ᠠᠵᠤ ᠠᠬᠤᠶᠢᠯᠠᠯ ᠤᠨ ᠮᠡᠷᠭᠡᠵᠢᠯ ᠤᠨ | ᠥᠭᠡᠷᠡᠴᠢᠯᠡᠯᠲᠡ ᠬᠢᠵᠦ ᠳᠡᠰ ᠳᠡᠪᠰᠢᠭᠦᠯᠬᠦ᠂ ᠬᠡᠯᠬᠢᠶᠡᠰᠦ ᠶᠢ ᠤᠷᠲᠤᠳᠬᠠᠬᠤ ᠶᠢ ᠬᠥᠲᠥᠯᠥᠨ ᠵᠢᠯᠤᠭᠤᠳᠴᠤ᠂ ᠬᠢᠯᠢ | ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ ᠤᠨ ᠬᠠᠷᠢᠯᠴᠠᠨ ᠠᠷᠠᠯᠵᠢᠶᠠᠯᠠᠬᠤ ᠲᠠᠸᠠᠷ ᠢ ᠣᠷᠣᠭᠤᠯᠵᠦ | ᠠᠪᠴᠢᠷᠠᠨ ᠡᠳ᠋ᠰᠢᠭᠦᠯᠬᠦ ᠲᠥᠷᠥᠯ ᠵᠦᠢᠯ ᠲᠠᠢ ᠬᠤᠯᠪᠣᠯᠴᠠᠵᠦ᠂ ᠣᠷᠣᠨ ᠤ ᠳᠡᠰ ᠤᠨ ᠠᠵᠤ ᠦᠢᠯᠡᠳᠪᠦᠷᠢ ᠶᠢᠨ | ᠲᠣᠭᠤᠷᠢᠭ ᠢ ᠪᠠᠶᠢᠭᠤᠯᠬᠤ ᠪᠠᠷ ᠢᠳᠡᠪᠬᠢᠲᠡᠢ ᠭᠤᠶᠤᠴᠢᠯᠠᠨ ᠮᠡᠳᠡᠭᠦᠯᠦᠨ᠎ᠡ᠃ | ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠬᠦᠨᠵᠡᠬᠡᠶᠢᠷᠡᠬᠦᠯᠦᠨ᠎ᠡ᠃ ᠨᠢᠭᠡᠳᠦᠯᠲᠡᠢ | ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠭᠤᠣᠯᠳᠠᠯᠭ᠎ᠠ ᠪᠠᠷ ᠪᠦᠬᠦ ᠲᠠᠯ᠎ᠠ ᠶᠢ ᠳᠠᠶᠢᠴᠢᠯᠠᠵᠤ᠂ ᠣᠨ ᠤ | ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠣᠨ᠎ᠠ᠃ | ᠠᠵᠦ ᠠᠬᠤᠶᠢᠯᠠᠯ ᠢ ᠳᠡᠮᠵᠢᠬᠦ ᠥᠭᠡᠷᠡᠴᠢᠯᠡᠯᠲᠡ ᠶᠢ ᠴᠢᠩᠭ᠎ᠠ ᠠᠳᠬᠤᠵᠦ᠂ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠢ ᠰᠢᠯᠢᠳᠡᠭᠵᠢᠬᠦᠯᠵᠦ᠂ ︽ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ + ᠮᠡᠳᠡᠭᠳᠡᠨ ᠠᠮᠠᠯᠠᠬᠤ+ | ᠬᠠᠮᠳᠣᠳᠬᠠᠨ ᠬᠢᠨᠠᠨ ᠵᠦᠪᠰᠢᠶᠡᠷᠡᠬᠦ+ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ | ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠭᠡᠷᠡᠭᠵᠢᠬᠦᠯᠵᠦ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ | ︾ ᠶᠢ ᠬᠦᠴᠦᠲᠡᠶ ᠠᠬᠢᠭᠤᠯᠵᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ | ᠨᠡᠪᠲᠡᠷᠡᠭᠦᠯᠦᠨ᠎ᠡ᠃ ᠲᠤᠭ᠎ᠠ ᠪᠠᠷᠢᠮᠲᠠ ᠶᠢᠨ ᠵᠠᠰᠠᠨ ᠴᠡᠭᠴᠡᠯᠡᠯᠳᠠ ᠶᠢᠨ ᠲᠥᠷᠥᠯ ᠵᠦᠢᠯ ᠢ ᠡᠬᠢᠯᠡᠭᠦᠯᠵᠦ᠂ ᠵᠠᠰᠠᠭ ᠤᠨ | ᠶᠠᠪᠤᠳᠠᠯ᠂ ᠣᠯᠠᠨ ᠨᠠᠶᠢᠳᠠ ᠶᠢᠨ ᠲᠤᠭ᠎ᠠ ᠪᠠᠷᠢᠮᠲᠠ ᠶᠢ ᠡᠮᠬᠢᠯᠡᠨ ᠨᠠᠶᠢᠯᠡᠭᠦᠯᠵᠦ ᠬᠠᠮᠲᠤᠪᠠᠷ ᠡᠳ᠋ᠯᠡᠬᠦ ᠶᠢ ᠲᠦᠯᠬᠢᠨ | ᠠᠬᠢᠭᠤᠯᠵᠤ᠂ ᠲᠣᠭᠠᠴᠠᠯᠠᠭᠰᠠᠨ ᠵᠠᠰᠠᠭ ᠤᠨ ᠣᠷᠳᠣᠨ ᠤ ᠪᠠᠶᠢᠭᠤᠯᠣᠯᠳᠠ ᠶᠢ ᠲᠦᠷᠭᠡᠳᠭᠡᠨ᠎ᠡ᠃ ᠭᠠᠵᠠᠷ ᠰᠢᠷᠣᠶ ᠶᠢᠨ | ᠬᠤᠶᠠᠳᠤᠭᠠᠷ ᠲᠠᠰ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠥᠪ ᠤᠨ ᠰᠢᠨ᠎ᠡ ᠵᠠᠭᠪᠤᠷ ᠢ ᠢᠳᠡᠪᠬᠢᠲᠡᠶ | ᠰᠦᠪᠡᠭᠴᠢᠯᠡᠨ᠂ ᠭᠠᠵᠠᠷ ᠰᠢᠷᠣᠶ ᠶᠢᠨ ᠨᠥᠭᠡᠴᠡ ᠬᠢᠭᠡᠳ ᠪᠡᠯᠡ ᠮᠥᠩᠭᠦ ᠶᠢᠨ ᠪᠠᠲᠤᠯᠠᠭ᠎ᠠ ᠶᠢᠨ ᠲᠣᠭᠲᠠᠴᠠ ᠶᠢᠨ | ᠰᠢᠨ᠎ᠡ ᠶᠢ ᠡᠭᠦᠳᠴᠦ᠂ ᠰᠤᠯᠠ ᠬᠠᠶᠠᠭᠳᠠᠵᠦ ᠪᠠᠶᠢᠭ᠎ᠠ ᠪᠠ ᠦᠷ᠎ᠡ ᠠᠰᠢᠭ ᠢᠶᠠᠷ ᠳᠣᠤᠷ᠎ᠠ ᠭᠠᠵᠠᠷ ᠰᠢᠷᠣᠶ ᠶᠢ | ᠪᠦᠲᠦᠮᠵᠢᠲᠡᠶ ᠪᠠᠷ ᠠᠮᠢᠳᠤᠯᠢᠭ ᠢᠶᠠᠷ ᠠᠰᠢᠭᠯᠠᠨ᠎ᠠ᠃ ᠪᠣᠭᠤᠮᠲᠠ ᠪᠠᠷ ᠥᠩᠭᠡᠷᠡᠬᠦ ᠬᠦᠴᠦᠨ ᠴᠢᠳᠠᠪᠤᠷᠢ ᠶᠢ | ᠳᠡᠭᠡᠭᠰᠢᠯᠡᠭᠦᠯᠬᠦ ᠶᠢ ᠭᠦᠨᠵᠡᠭᠡᠢ ᠠᠬᠢᠭᠤᠯᠵᠤ᠂ ᠵᠠᠰᠠᠮᠠᠯ ᠵᠠᠮ ᠤᠨ ᠪᠣᠭᠤᠮᠲᠠ ᠶᠢᠨ ᠨᠢᠭᠡ ᠴᠣᠭᠴᠠᠵᠢᠭᠤᠯᠤᠨ | ᠪᠠᠶᠢᠴᠠᠭᠠᠨ ᠰᠢᠯᠭᠠᠬᠤ ᠶᠢ ᠢᠳᠡᠪᠬᠢᠲᠡᠢ ᠬᠡᠷᠡᠭᠵᠢᠭᠦᠯᠵᠦ᠂ ᠲᠡᠮᠦᠷ ᠵᠠᠮ ᠤᠨ ᠥᠷᠲᠡᠭᠡᠨ ᠤ ᠲᠡᠭᠡᠭᠡᠪᠦᠷᠢ ᠶᠢᠨ ᠵᠣᠬᠢᠶᠠᠨ | ᠪᠠᠶᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠶᠡᠭᠡ ᠬᠡᠮᠵᠢᠶᠡᠨ ᠤ ᠪᠦᠬᠡᠮ ᠢᠶᠠᠷ ᠪᠣᠷᠣᠯᠠᠭᠤᠯᠬᠤ ᠲᠠᠸᠠᠷ ᠤᠨ | ᠤᠶᠤᠨᠴᠢᠯᠠᠯᠲᠠ᠂ ᠠᠦ᠋ᠲ᠋ᠣᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠵᠠᠭᠪᠣᠷ ᠢ ᠰᠦᠪᠡᠭᠴᠢᠯᠡᠨ ᠦᠷᠭᠡᠳᠬᠡᠨ᠎ᠡ᠃ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠢ ᠳᠡᠮᠵᠢᠵᠦ᠂ | ᠬᠤᠳᠠ ᠶᠢᠨ ᠳᠡᠰ ᠤᠨ ᠤᠳᠤᠷᠢᠳᠤᠯᠭ᠎ᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠠᠢ ᠬᠠᠷᠢᠯᠴᠠᠬᠤ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠲᠠᠢ ᠬᠠᠷᠢᠯᠴᠠᠬᠤ ᠳᠦᠷᠢᠮ ᠢ ᠬᠦᠨᠵᠡᠬᠡᠶᠢᠷᠡᠬᠦᠯᠵᠦ᠂ | ᠬᠤᠳᠠᠯᠳᠤᠭ᠎ᠠ ᠶᠢ ᠬᠦᠨᠳᠦᠳᠬᠡᠨ ᠠᠵᠤ ᠠᠬᠤᠶᠢᠯᠠᠯ ᠢ ᠴᠢᠬᠤᠯᠠᠴᠢᠯᠠᠬᠤ ᠠᠭᠤᠷ ᠠᠮᠢᠰᠬᠤᠯ ᠢ ᠪᠣᠶ ᠪᠣᠯᠭᠠᠨ᠎ᠠ᠃ ᠠᠵᠤ | ᠠᠬᠤᠶᠢᠯᠠᠯ ᠤᠨ ᠬᠤᠭᠤᠷᠣᠨᠳᠤ᠂ ᠪᠠᠩᠬᠢ ᠠᠵᠤ ᠠᠬᠤᠶᠢᠯᠠᠯ ᠤᠨ ᠬᠤᠭᠤᠷᠣᠨᠳᠤ ᠵᠣᠯᠭᠠᠭᠤᠯᠵᠤ ᠨᠡᠪᠲᠡᠷᠡᠯᠴᠡᠬᠦ | ᠲᠠᠪᠴᠠᠩ ᠢ ᠢᠳᠡᠪᠬᠢᠲᠡᠢ ᠪᠠᠶᠢᠭᠤᠯᠵᠤ᠂ ᠠᠵᠤ ᠠᠬᠤᠶᠢᠯᠠᠯ ᠤᠨ ᠬᠤᠭᠤᠷᠤᠨᠳᠤᠬᠢ᠂ ᠪᠠᠩᠭᠢ ᠠᠵᠤ ᠠᠬᠤᠶᠢᠯᠠᠯ ᠤᠨ | ᠬᠤᠭᠤᠷᠤᠨᠳᠤᠬᠢ ᠵᠣᠯᠭᠠᠯᠴᠠᠨ ᠨᠡᠪᠲᠡᠷᠡᠯᠴᠡᠬᠦ ᠲᠠᠪᠴᠠᠩ ᠢ ᠢᠳᠡᠪᠬᠢᠲᠡᠢ ᠪᠠᠶᠢᠭᠤᠯᠵᠤ᠂ ᠡᠬᠡ ᠮᠥᠩᠭᠦ ᠶᠢ ᠪᠣᠴᠠᠭᠠᠳᠣᠢ | ᠴᠦ ᠦᠷᠭᠦᠯᠵᠢᠯᠡᠨ ᠵᠢᠭᠡᠯᠡᠯᠭᠡ ᠲᠠᠯᠪᠢᠬᠤ ᠵᠡᠷᠭᠡ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢ ᠠᠬᠢᠭᠤᠯᠵᠦ᠂ ᠠᠵᠤ ᠠᠬᠤᠶᠢᠯᠠᠯ ᠤᠨ ᠪᠡᠯᠡ ᠬᠤᠷᠠᠮᠳᠣᠭᠤᠯᠬᠤ ᠬᠦᠴᠢᠷ ᠠᠰᠠᠭᠤᠳᠠᠯ ᠢ | ᠰᠢᠢᠳᠪᠣᠷᠢᠯᠡᠨ᠎ᠡ᠃ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ | ᠵᠢᠷᠤᠮᠵᠢᠭᠤᠯᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ | ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠪᠠᠶᠢᠴᠠᠭᠠᠨ ᠪᠢᠲᠡᠭᠦᠮᠵᠢᠯᠡᠬᠦ ᠵᠡᠷᠭᠡ ᠦᠵᠡᠭᠳᠡᠯ ᠢ ᠴᠡᠭᠴᠡᠯᠡᠨ | ᠵᠠᠰᠠᠵᠤ᠂ ᠠᠵᠦ ᠠᠬᠤᠶᠢᠯᠠᠯ ᠤᠨ ᠬᠠᠣᠯᠢ ᠶᠣᠰᠣᠨ ᠤ ᠡᠷᠭᠡ ᠠᠰᠢᠭ ᠢ ᠦᠨᠡᠨᠬᠦ ᠬᠠᠮᠠᠭᠠᠯᠠᠵᠦ᠂ ᠠᠵᠤ ᠠᠬᠤᠶᠢᠯᠠᠯ | ᠤᠨ ᠳᠠᠷᠣᠭᠠᠰᠦ ᠶᠢ ᠬᠦᠩᠬᠡᠯᠡᠨ᠂ ᠵᠣᠷᠢᠭᠲᠠᠢ ᠪᠠᠷ ᠬᠦᠭᠵᠢᠬᠦ ᠶᠢ ᠵᠣᠷᠢᠭᠵᠢᠭᠤᠯᠣᠨ᠎ᠠ᠃ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ | ᠠᠬᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠬᠥᠷᠥᠩᠭᠡ ᠶᠢ ᠰᠢᠯᠭᠠᠨ ᠪᠠᠶᠢᠴᠠᠭᠠᠬᠤ ᠪᠠ | ᠠᠮᠢᠳᠤᠯᠢᠭᠵᠢᠭᠤᠯᠤᠨ ᠪᠣᠭᠤᠮᠲᠠ ᠰᠢᠪᠲᠤᠯᠬᠤ ᠶᠢ ᠦᠷᠨᠢᠬᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠭᠤᠣᠯᠯᠠᠬᠤ ᠥᠷᠢᠰᠦᠯᠳᠦᠬᠦ ᠬᠦᠴᠦᠨ ᠢ ᠴᠢᠩᠭᠠᠷᠠᠭᠤᠯᠵᠤ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠨ᠎ᠠ᠃ | ᠬᠤᠤᠰ ᠴᠢᠭᠯᠡᠯᠲᠦ ᠨᠡᠭᠡᠭᠡᠯᠲᠡ ᠶᠢ ᠦᠷᠭᠦᠯᠵᠢᠯᠡᠨ ᠦᠷᠭᠡᠳᠬᠡᠨ᠎ᠡ᠃ ᠣᠷᠣᠨ ᠪᠦᠰᠡ ᠶᠢᠨ ᠬᠠᠮᠲᠤᠷᠠᠯᠴᠠᠭ᠎ᠠ ᠶᠢ | ᠠᠬᠢᠭᠤᠯᠬᠤ ᠠᠵᠢᠯᠯᠠᠭ᠎ᠠ ᠶᠢ ᠬᠦᠨᠵᠡᠬᠡᠶᠢᠷᠡᠬᠦᠯᠵᠦ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ | ᠳᠠᠭᠠᠤ ᠶᠢᠨ ᠬᠤᠲᠠ ᠯᠤᠭ᠎ᠠ ᠶᠢᠨ ᠵᠣᠯᠭᠠᠯᠴᠠᠭ᠎ᠠ ᠰᠣᠯᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠵᠤ ᠠᠬᠤᠶ | ᠠᠷᠠᠯᠵᠢᠶᠠᠨ ᠤ ᠪᠠᠯᠠ ᠣᠷᠣᠭᠤᠯᠤᠯᠲᠠ᠂ ᠬᠢᠯᠢ ᠠᠯᠤᠰᠯᠠᠭᠰᠠᠨ ᠵᠠᠮ ᠬᠠᠷᠢᠯᠴᠠᠭ᠎ᠠ᠂ ᠡᠨᠧᠷᠭᠢ ᠠᠭᠤᠷᠬᠠᠶ ᠶᠢᠨ | ᠭᠠᠷᠤᠯᠲᠠ᠂ ᠰᠤᠷᠭᠠᠨ ᠬᠥᠮᠦᠵᠢᠯ ᠡᠮ ᠡᠮᠨᠡᠯᠭᠡ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠪᠣᠳᠠᠲᠠᠶ ᠶᠢ | ᠡᠷᠬᠢᠮᠯᠡᠭᠰᠡᠨ ᠬᠠᠮᠲᠤᠷᠠᠯᠴᠠᠭ᠎ᠠ ᠶᠢ ᠪᠠᠬᠢᠵᠢᠭᠦᠯᠦᠨ ᠥᠷᠭᠡᠳᠬᠡᠨ᠎ᠡ᠃ ᠤᠷᠤᠰ ᠤᠨ ᠺᠧᠽᠢᠯᠧᠷ ᠬᠤᠳᠠ ᠲᠠᠢ ᠨᠥᠬᠦᠷᠰᠡᠭ | ᠬᠤᠳᠠ ᠪᠠᠶᠢᠭᠤᠯᠬᠤ ᠶᠢ ᠠᠬᠢᠭᠤᠯᠵᠤ᠂ ᠦᠽᠪᠧᠺᠰᠲ᠋ᠠᠨ᠂ ᠺᠠᠽᠠᠭᠰᠲ᠋ᠠᠨ ᠵᠢᠴᠢ ᠧᠦ᠋ᠷᠣᠫᠠ ᠲᠢᠪ ᠤᠨ ᠭᠠᠵᠠᠷ | ᠣᠷᠣᠨ ᠲᠠᠢ ᠨᠥᠬᠦᠷᠰᠡᠭ ᠬᠤᠳᠠ ᠶᠢᠨ ᠬᠠᠷᠢᠯᠴᠠᠭ᠎ᠠ ᠪᠠᠶᠢᠭᠤᠯᠬᠤ ᠶᠢ ᠠᠬᠢᠭᠤᠯᠵᠤ᠂ ᠤᠯᠠᠨ ᠤᠯᠤᠰ ᠤᠨ ︽ | ᠨᠠᠶᠢᠵᠠ ᠶᠢᠨ ᠳᠣᠭᠤᠷᠢᠭ︾ ᠢᠶᠠᠨ ᠲᠠᠰᠤᠷᠠᠯᠳᠠ ᠦᠭᠡᠢ ᠥᠷᠭᠡᠳᠬᠡᠨ᠎ᠡ᠃ ᠡᠷᠢᠶᠡᠨ ᠬᠤᠲᠠ — ᠤᠯᠠᠭᠠᠨᠴᠠᠪ ᠤᠨ | ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ | ᠬᠥᠬᠡᠬᠤᠲᠠ ᠪᠤᠭᠤᠲᠤ ᠣᠷᠳᠣᠰ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ | ᠭᠤᠸᠠᠩᠳᠦ᠋ᠩ ᠰᠢᠶᠠᠩᠭᠠᠩ ᠣᠣᠮᠧᠨ ᠵᠡᠷᠭᠡ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠦᠷᠢᠶᠡᠯᠡᠩ | ᠲᠣᠭᠤᠷᠢᠭ ᠢ ᠬᠠᠮᠲᠤ ᠪᠠᠷ ᠪᠠᠶᠢᠭᠤᠯᠬᠤ᠂ ᠣᠷᠣᠨ ᠠᠯᠤᠰᠯᠠᠭᠰᠠᠨ ᠠᠵᠤ ᠠᠬᠤᠶ᠂ ᠪᠣᠰᠣᠳ ᠭᠠᠵᠠᠷ ᠲᠠᠢ | ᠨᠡᠪᠴᠢᠭᠦᠯᠬᠦ ᠵᠡᠷᠭᠡ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠠᠵᠤ ᠦᠢᠯᠡᠰ ᠪᠠ ᠬᠦᠴᠦᠨ ᠵᠦᠢᠯ ᠤᠨ | ᠰᠢᠯᠵᠢᠯᠲᠡ ᠶᠢ ᠪᠦᠲᠦᠮᠵᠢᠲᠡᠶ ᠵᠠᠯᠭᠠᠨ ᠠᠪᠤᠨ᠎ᠠ᠃ ︽ᠵᠠᠰᠠᠭ ᠤᠨ ᠣᠷᠳᠣᠨ ᠳᠠᠪᠴᠠᠩ ᠪᠠᠶᠢᠭᠤᠯᠵᠦ᠂ ᠠᠵᠤ | ᠠᠬᠤᠶᠢᠯᠠᠯ ᠰᠢ ᠳᠠᠭᠤᠯᠠᠬᠤ︾ ᠶᠢ ᠪᠠᠷᠢᠮᠲᠠᠯᠠᠵᠤ᠂ ᠳᠤᠮᠳᠠᠳᠤ ᠤᠯᠤᠰ ︵ᠡᠷᠢᠶᠡᠨ ᠬᠤᠲᠠ︶ ᠤᠨ ᠤᠯᠠᠨ | ᠤᠯᠤᠰ ᠤᠨ ᠠᠵᠤ ᠠᠬᠤᠶ ᠠᠷᠠᠯᠵᠢᠶ᠎ᠠ ᠪᠡᠯᠡ ᠣᠷᠣᠭᠤᠯᠤᠯᠲᠠ ᠶᠢᠨ ᠴᠢᠭᠤᠯᠭ᠎ᠠ ᠠᠭᠤᠯᠵᠠᠯᠳᠠ ᠶᠢᠨ ᠬᠤᠷᠠᠯ ᠵᠢᠴᠢ | ᠦᠵᠡᠰᠬᠦᠯᠡᠩ ᠤᠨ ᠴᠤᠭᠯᠠᠭᠠᠨ ᠢ ᠵᠠᠬ᠎ᠠ ᠳᠡᠯᠭᠡᠭᠦᠷᠴᠢᠯᠡᠨ ᠰᠠᠶᠢᠲᠤᠷ ᠡᠷᠬᠢᠯᠡᠨ᠎ᠡ᠃ | ᠬᠠᠷᠢᠯᠴᠠᠨ ᠬᠤᠯᠪᠤᠭᠠᠯᠠᠵᠤ ᠬᠠᠷᠢᠯᠴᠠᠨ ᠨᠡᠪᠲᠡᠷᠡᠯᠴᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠲᠡᠮᠦᠷ | ᠵᠠᠮ ᠤᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠷᠢᠶᠡᠨ ᠬᠤᠳᠠ — ᠵᠠᠮ ᠤᠨ | ᠡᠭᠦᠳᠡ ᠶᠢᠨ ᠬᠤᠭᠤᠷᠣᠨᠳᠣ ᠦᠷᠭᠡᠨ ᠴᠠᠷᠭᠤᠳᠦ ᠳᠡᠮᠣᠷ ᠵᠠᠮ ᠤᠨ ᠬᠤᠶᠠᠳᠤᠭᠠᠷ ᠱᠤᠭᠤᠮ ᠤᠨ ᠲᠥᠷᠥᠯ ᠵᠦᠢᠯ ᠢ | ᠡᠬᠢᠯᠡᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠳᠡᠮᠣᠷ ᠵᠠᠮ ᠤᠨ ᠬᠢᠯᠢ ᠶᠢᠨ ᠪᠠᠶᠢᠴᠠᠭᠠᠯᠳᠠ ᠶᠢᠨ ᠲᠠᠯᠠᠪᠠᠢ᠂ | ᠬᠢᠯᠢ ᠪᠠᠷ ᠣᠷᠣᠭᠤᠯᠬᠤ ᠪᠠᠷᠠᠭ᠎ᠠ ᠶᠢᠨ ᠬᠢᠵᠢᠭ ᠢ ᠪᠠᠶᠢᠴᠠᠭᠠᠵᠤ ᠰᠢᠢᠳᠪᠦᠷᠢᠯᠡᠬᠦ ᠲᠣᠭᠤᠷᠢᠭ ᠵᠡᠷᠭᠡ ᠲᠥᠷᠥᠯ ᠵᠦᠢᠯ ᠢ | ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠎ᠠ᠃ ᠤᠯᠤᠰ ᠤᠨ ᠲᠡᠮᠦᠷ ᠵᠠᠮ ᠤᠨ ᠪᠦᠯᠦᠭᠯᠡᠯ ᠲᠠᠢ | ᠢᠳᠡᠪᠬᠢᠲᠡᠢ ᠬᠠᠮᠵᠢᠯᠴᠠᠨ᠂ ᠵᠢᠨᠢᠩ — ᠡᠷᠢᠶᠡᠨ ᠱᠤᠭᠤᠮ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ᠂ | ᠳᠤᠮᠳᠠᠳᠤ ᠮᠣᠩᠭᠤᠯ ᠣᠷᠣᠰ ᠤᠨ ᠳᠣᠮᠳᠠ ᠱᠤᠭᠤᠮ ᠤᠨ ᠲᠡᠮᠦᠷ ᠵᠠᠮ ᠤᠨ ᠲᠥᠷᠥᠯ ᠵᠦᠢᠯ ᠤᠨ ᠡᠬᠢᠨ ᠤ | ᠬᠤᠭᠤᠴᠠᠭᠠᠨ ᠤ ᠠᠵᠢᠯ ᠢ ᠰᠠᠶᠢᠲᠤᠷ ᠬᠢᠨ᠎ᠡ᠃ ᠵᠠᠰᠠᠮᠠᠯ ᠵᠠᠮ ᠤᠨ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢ | ᠦᠷᠭᠦᠯᠵᠢᠯᠡᠨ ᠲᠡᠭᠦᠯᠳᠡᠷᠵᠢᠭᠦᠯᠵᠦ᠂ ᠵᠠᠰᠠᠮᠠᠯ ᠵᠠᠮ ᠤᠨ ᠪᠣᠭᠤᠮᠲᠠ ᠶᠢᠨ ᠬᠤᠶᠠᠳᠤᠭᠠᠷ ᠨᠡᠪᠲᠡᠷᠡᠬᠦ ᠵᠠᠮ ᠵᠢᠴᠢ | ᠥᠷᠭᠡᠳᠬᠡᠨ ᠪᠠᠶᠢᠭᠤᠯᠬᠤ᠂ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠵᠢᠴᠢ ᠬᠠᠮᠢᠶᠠᠷᠤᠨ ᠡᠵᠡᠮᠳᠡᠬᠦ | ᠲᠥᠬᠦᠭᠡᠷᠦᠮᠵᠢ ᠶᠢ ᠳᠡᠭᠡᠭᠰᠢᠯᠡᠭᠦᠯᠬᠦ ᠵᠡᠷᠭᠡ ᠲᠥᠷᠥᠯ ᠵᠦᠢᠯ ᠢ ᠡᠷᠳᠡᠯᠡᠨ ᠪᠠᠷᠢᠵᠦ ᠳᠠᠭᠤᠰᠬᠠᠬᠤ ᠶᠢ ᠠᠬᠢᠭᠤᠯᠤᠨ᠎ᠠ᠃ | ᠠᠵᠤ ᠠᠬᠤᠶᠢᠯᠠᠯ ᠤᠨ ᠬᠡᠰᠡᠭᠴᠢᠯᠡᠭᠰᠡᠨ ᠣᠯᠠᠨ ᠴᠢᠷᠦᠬᠦᠯᠳᠦ ᠮᠠᠰᠢᠨ ᠤ ᠬᠢᠯᠢ ᠠᠯᠣᠰᠯᠠᠭᠰᠠᠨ ᠳᠡᠭᠡᠭᠡᠪᠣᠷᠢ ᠶᠢ | ᠳᠡᠮᠵᠢᠵᠦ᠂ ᠰᠢᠨ᠎ᠡ ᠬᠡᠯᠪᠡᠷᠢ ᠶᠢᠨ ᠵᠠᠰᠠᠮᠠᠯ ᠵᠠᠮ ᠤᠨ ᠲᠡᠭᠡᠭᠡᠪᠦᠷᠢ ᠶᠢᠨ ᠬᠡᠯᠪᠡᠷᠢ ᠶᠢ ᠨᠡᠭᠡᠭᠡᠨ᠎ᠡ᠃ ᠠᠭᠠᠷ ᠠᠶᠠᠯᠠᠯ ᠤᠨ | ᠬᠢᠯᠢ ᠶᠢᠨ ᠪᠣᠭᠤᠮᠲᠠ ᠶᠢ ᠵᠢᠩᠬᠢᠨᠢ ᠪᠠᠷ ᠠᠵᠢᠯᠯᠠᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠮᠣᠩᠭᠤᠯ ᠣᠯᠣᠰ | ᠤᠨ ᠤᠯᠠᠭᠠᠨᠪᠠᠭᠠᠲᠤᠷ ᠬᠥᠷᠬᠦ ᠴᠢᠭᠯᠡᠯ ᠤᠨ ᠠᠭᠠᠷ ᠠᠶᠠᠯᠠᠯ ᠤᠨ ᠱᠤᠭᠤᠮ ᠢ ᠨᠡᠪᠳᠡᠷᠡᠬᠦᠯᠵᠦ᠂ ᠣᠷᠣᠰ ᠤᠨ ᠢᠷᠺᠦ᠋ᠼᠺ | ᠬᠥᠷᠬᠦ ᠴᠢᠭᠯᠡᠯ ᠤᠨ ᠣᠯᠠᠨ ᠤᠯᠤᠰ ᠤᠨ ᠠᠭᠠᠷ ᠠᠶᠠᠯᠠᠯ ᠤᠨ ᠱᠤᠭᠤᠮ ᠢ ᠨᠡᠪᠲᠡᠷᠡᠭᠦᠯᠬᠦ ᠪᠠᠷ ᠴᠢᠷᠮᠠᠶᠢᠨ᠎ᠠ᠃ | ᠠᠭᠠᠷ ᠤᠨ ᠠᠵᠤ ᠠᠬᠤᠶ᠂ ᠠᠭᠠᠷ ᠤᠨ ᠠᠶᠠᠯᠠᠯ ᠤᠨ ᠪᠠᠷᠠᠭᠠᠨ ᠤ ᠭᠦᠢᠯᠭᠡᠭᠡᠨ ᠤ ᠦᠢᠯᠡᠰ ᠵᠡᠷᠭᠡ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠰᠦᠪᠡᠭᠴᠢᠯᠡᠨ ᠬᠥᠭᠵᠢᠭᠦᠯᠵᠦ᠂ ︽ᠤᠯᠠᠭᠠᠨᠬᠠᠳᠠ ᠲᠦᠩᠯᠢᠶᠣᠤ ᠰᠢᠯᠢᠩᠬᠤᠳᠠ | ︾ ᠶᠢᠨ ᠳᠣᠤᠷ᠎ᠠ ᠨᠢᠰᠣᠯᠳᠡ ᠶᠢᠨ ᠠᠭᠠᠷ ᠤᠨ ᠬᠡᠷᠡᠭᠯᠡᠭᠡᠨ ᠤ ᠲᠥᠪᠯᠡᠷᠡᠭᠰᠡᠨ ᠣᠷᠣᠨ ᠤ ᠪᠥᠲᠥᠭᠡᠨ ᠪᠠᠶᠢᠭᠤᠯᠤᠯᠲᠠ ᠳᠤ | ᠢᠳᠡᠪᠬᠢᠲᠡᠶ ᠠᠭᠤᠰᠣᠯᠴᠠᠨ᠎ᠠ᠃ | ︵ᠬᠤᠶᠠᠷ︶ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠤ ᠪᠦᠬᠦ ᠳᠠᠯ᠎ᠠ ᠶᠢᠨ ᠰᠢᠪᠳᠣᠯᠣᠯᠳᠠ ᠳᠤ | ᠠᠩᠬᠠᠷᠤᠯ ᠢᠶᠠᠨ ᠲᠥᠪᠯᠡᠷᠡᠭᠦᠯᠦᠨ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠲᠠᠯ᠎ᠠ ᠪᠠᠷ | ᠵᠣᠷᠢᠭᠳᠠᠢ ᠭᠠᠪᠰᠢᠭᠠᠶᠢᠯᠠᠵᠦ᠂ ᠲᠦᠷᠦᠭᠦᠯᠡᠬᠦ ᠪᠠᠷ ᠴᠢᠷᠮᠠᠶᠢᠨ᠎ᠠ᠃ | ᠪᠦᠲᠦᠮᠵᠢᠲᠡᠶ ᠪᠡᠯᠡ ᠣᠷᠣᠭᠤᠯᠤᠯᠲᠠ ᠶᠢ ᠪᠦᠬᠦ ᠬᠦᠴᠦᠨ ᠢᠶᠠᠷ ᠢᠶᠠᠨ ᠥᠷᠭᠡᠳᠬᠡᠨ᠎ᠡ᠃ ᠴᠢᠬᠤᠯᠠ ᠶᠡᠭᠡ | ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠬᠦᠯᠵᠦ᠂ ︽ᠠᠷᠪᠠᠨ ᠲᠠᠪᠤᠳᠤᠭᠠᠷ ᠲᠠᠪᠤᠨ | ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠣᠬᠢᠶᠠᠯ ᠢ ᠠᠰᠢᠭᠯᠠᠨ᠂ ᠲᠥᠪ ᠤᠨ ᠲᠥᠰᠦᠪ ᠤᠨ | ᠳᠣᠲᠣᠷᠠᠬᠢ ᠪᠠᠯᠠ ᠣᠷᠣᠭᠤᠯᠤᠯᠲᠠ᠂ ᠭᠡᠳᠦ ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ᠂ ᠭᠠᠵᠠᠷ | ᠣᠷᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ ᠵᠡᠷᠭᠡ ᠲᠥᠷᠥ ᠶᠢᠨ ᠪᠣᠳᠣᠯᠭ᠎ᠠ ᠶᠢᠨ ᠴᠢᠭᠯᠡᠯ ᠪᠠ ᠪᠠᠯᠠ ᠮᠥᠩᠭᠦ ᠶᠢᠨ | ᠣᠷᠣᠭᠤᠯᠤᠯᠲᠠ ᠶᠢᠨ ᠬᠠᠨᠳᠤᠰᠢ ᠶᠢᠨ ᠲᠣᠭᠤᠷᠢᠨ ᠳᠤ᠂ ︽ᠲᠥᠷᠥᠯ ᠵᠦᠢᠯ ᠤᠨ ᠨᠥᠭᠡᠴᠡ ᠶᠢᠨ ᠬᠥᠮᠥᠷᠭᠡ︾ ᠶᠢ | ᠪᠣᠵᠠᠭᠠᠶᠢᠷᠠᠭᠤᠯᠣᠨ᠂ ︽ᠪᠠᠯᠠ ᠣᠷᠣᠭᠤᠯᠤᠯᠲᠠ ᠶᠢᠨ ᠤᠷᠢᠳᠠᠴᠢ ᠰᠢᠲᠠᠷ᠎ᠠ︾ ᠶᠢ ᠰᠠᠶᠢᠲᠤᠷ ᠲᠠᠯᠪᠢᠵᠤ᠂ ᠨᠠᠩ ᠣᠯᠠᠨ | ᠲᠥᠷᠥᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ︽ᠳᠣᠮᠣ ᠲᠠᠪᠠᠭ︾ ᠲᠤ ᠣᠷᠣᠭᠤᠯᠬᠤ ᠪᠠᠷ | ᠴᠢᠷᠮᠠᠶᠢᠨ᠎ᠠ᠃ ᠪᠦᠬᠦ ᠡᠯᠧᠮᠧᠨ᠋ᠲ ᠢ ᠮᠥᠷᠳᠡᠨ ᠦᠢᠯᠡᠴᠢᠯᠡᠬᠦ᠂ ᠪᠦᠬᠦ ᠦᠶᠡᠯᠡᠯ ᠤᠨ ᠬᠤᠭᠤᠴᠠᠭᠠᠨ ᠳᠤ ᠵᠣᠬᠢᠴᠠᠭᠤᠯᠤᠨ | ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠤᠷᠢᠳᠤᠯᠭ᠎ᠠ ᠳᠠᠭᠠᠭᠠᠴᠢᠯᠠᠨ ᠠᠳᠬᠤᠬᠤ᠂ ᠲᠤᠰᠬᠠᠢ | ᠠᠩᠬᠢ ᠪᠠᠷ ᠠᠬᠢᠭᠤᠯᠬᠤ᠂ ᠬᠠᠮᠵᠢᠯᠴᠠᠨ ᠬᠦᠴᠦᠯᠡᠬᠦ ᠵᠡᠷᠭᠡ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ | ᠬᠦᠴᠦᠨ ᠢᠶᠠᠷ ᠢᠶᠠᠨ ᠲᠦᠷᠦᠯ ᠵᠦᠢᠯ ᠢ ᠠᠳᠬᠤᠵᠤ᠂ ᠲᠦᠷᠦᠯ ᠵᠦᠢᠯ ᠳᠤ ᠬᠦᠶᠣᠵᠦ᠂ ᠲᠦᠷᠦᠯ ᠵᠦᠢᠯ ᠢ | ᠡᠬᠢᠯᠡᠭᠦᠯᠵᠦ᠂ 120 ᠳ᠋ᠦᠩᠰᠢᠭᠤᠷ ᠲᠥᠭᠦᠷᠢᠭ ᠪᠡᠯᠡ ᠣᠷᠣᠭᠤᠯᠵᠦ᠂ 81 ᠲᠣᠭᠲᠠᠮᠠᠯ ᠬᠦᠷᠦᠩᠭᠡ ᠶᠢᠨ ᠪᠡᠯᠡ | ᠣᠷᠣᠭᠤᠯᠤᠯᠲᠠ ᠶᠢᠨ ᠲᠦᠷᠦᠯ ᠵᠦᠢᠯ ᠢ ᠬᠡᠷᠡᠭᠵᠢᠬᠦᠯᠬᠦ ᠪᠠᠷ ᠳᠦᠯᠦᠪᠯᠡᠵᠦ᠂ ᠵᠢᠯ ᠤᠨ ᠳᠣᠲᠣᠷ᠎ᠠ 46.2 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠬᠦᠴᠦᠲᠡᠶ ᠠᠬᠢᠭᠤᠯᠤᠨ᠎ᠠ᠃ ︽ᠶᠡᠭᠡ ᠠᠴᠠ ᠬᠦᠴᠦᠷᠬᠡᠭ ᠢ | ᠣᠷᠢᠵᠣ᠂ ᠪᠠᠭ᠎ᠠ ᠠᠴᠠ ᠰᠢᠯᠢᠳᠡᠭ ᠢ ᠳᠠᠳᠠᠨ ᠠᠪᠴᠢᠷᠠᠬᠤ︾ ᠶᠢ ᠪᠠᠷᠢᠮᠲᠠᠯᠠᠵᠤ᠂ ᠨᠡᠭᠡᠭᠡᠯᠲᠡ ᠶᠢᠨ ᠲᠠᠪᠴᠠᠩ᠂ | ᠪᠣᠭᠤᠮᠲᠠ ᠨᠡᠪᠲᠡᠷᠡᠬᠦ ᠵᠠᠮ᠂ ᠣᠨᠴᠠᠯᠢᠭᠳᠦ ᠠᠵᠤ ᠦᠢᠯᠡᠰ᠂ ᠬᠤᠲᠠ ᠶᠢᠨ ᠪᠥᠲᠥᠭᠡᠨ ᠪᠠᠶᠢᠭᠤᠯᠤᠯᠲᠠ ᠵᠡᠷᠭᠡ | ᠬᠦᠷᠢᠶ᠎ᠡ ᠪᠠᠷ ᠭᠤᠤᠯᠳᠠᠯᠭ᠎ᠠ ᠪᠣᠯᠭᠠᠨ᠂ ︽ᠭᠠᠳᠠᠭᠰᠢ ᠭᠠᠷᠬᠤ︾ ᠤᠳᠠᠭ᠎ᠠ ᠪᠠ ︽ᠤᠷᠢᠵᠤ ᠠᠪᠴᠢᠷᠠᠬᠤ︾ | ᠡᠷᠴᠢᠮ ᠢᠶᠠᠨ ᠴᠢᠩᠭᠠᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠢ ᠡᠷᠢᠵᠦ᠂ ᠲᠥᠷᠥᠯ ᠵᠦᠢᠯ ᠢ | ᠶᠠᠷᠢᠯᠴᠠᠵᠤ᠂ ᠲᠥᠷᠥᠯ ᠵᠦᠢᠯ ᠢ ᠣᠷᠣᠭᠤᠯᠤᠨ ᠠᠪᠴᠢᠷᠡᠨ᠎ᠡ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ | ᠭᠤᠷᠪᠠᠯᠵᠢᠨ ᠬᠤᠶᠢᠭ ᠵᠡᠷᠭᠡ ᠬᠠᠷᠠᠯᠲᠠᠲᠤ ᠭᠠᠵᠠᠷ ᠣᠷᠣᠨ ᠳᠤ ᠴᠢᠭᠯᠡᠭᠦᠯᠦᠨ᠂ ᠲᠥᠪ ᠤᠨ ᠠᠵᠤ ᠠᠬᠤᠶᠢᠯᠠᠯ | ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠢ ᠠᠳᠬᠤᠵᠤ᠂ | ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ | ᠪᠠᠶᠠᠷ ᠨᠠᠶᠢᠷ ᠢᠶᠠᠷ ᠬᠤᠳᠠᠯᠳᠤᠭᠠᠴᠢᠨ ᠤᠷᠢᠬᠤ ︽ᠬᠠᠮ ᠨᠢᠳᠣᠷᠭ᠎ᠠ︾ ᠶᠢ ᠰᠠᠶᠢᠲᠤᠷ ᠬᠢᠵᠦ᠂ ᠲᠥᠷᠥᠯ ᠵᠦᠢᠯ ᠢ | ᠨᠠᠶᠢᠳᠠᠪᠤᠷᠢᠵᠢᠭᠤᠯᠬᠤ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠷᠠᠭᠤᠯᠤᠨ᠂ ᠭᠡᠷ᠎ᠡ ᠲᠣᠭᠲᠠᠭᠰᠠᠨ ᠲᠥᠷᠥᠯ ᠵᠦᠢᠯ ᠢ | ᠡᠷᠲᠡ ᠨᠠᠶᠢᠳᠠᠪᠤᠷᠢᠵᠢᠭᠤᠯᠵᠤ᠂ ᠡᠷᠲᠡ ᠠᠵᠢᠯ ᠡᠬᠢᠯᠡᠭᠦᠯᠬᠦ ᠶᠢ ᠠᠬᠢᠭᠤᠯᠵᠤ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠶᠢ ᠪᠣᠳᠠᠲᠠᠶᠢᠵᠢᠭᠤᠯᠬᠤ ᠪᠡᠯᠡ ᠮᠥᠩᠭᠦ ᠶᠢ 16% ᠣᠷᠴᠢᠮ ᠨᠡᠮᠡᠭᠳᠡᠭᠦᠯᠬᠦ ᠪᠠᠷ ᠴᠢᠷᠮᠠᠶᠢᠨ᠎ᠠ᠃ | ᠬᠡᠷᠡᠭᠯᠡᠭᠡᠨ ᠤ ᠳᠠᠯᠳᠠ ᠬᠦᠴᠦᠨ ᠢ ᠬᠦᠴᠦᠯᠡᠨ ᠬᠥᠭᠵᠢᠭᠡᠨ᠎ᠡ᠃ ᠬᠡᠷᠡᠭᠯᠡᠭᠡ ᠶᠢ ᠬᠥᠭᠵᠢᠭᠡᠬᠦ ᠲᠤᠰᠬᠠᠶ | ᠠᠵᠢᠯᠯᠠᠭ᠎ᠠ ᠶᠢ ᠭᠦᠨᠵᠡᠭᠡᠶ ᠠᠬᠢᠭᠤᠯᠤᠨ᠂ ︽ ᠬᠤᠶᠠᠷ ᠰᠢᠨ᠎ᠡ︾ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠬᠤ | ᠶᠢ ᠬᠦᠴᠦᠯᠡᠨ ᠴᠢᠷᠮᠠᠶᠢᠵᠦ᠂ ᠬᠤᠳᠠᠯᠳᠣᠭᠠᠴᠢᠨ ᠢ ᠬᠥᠲᠥᠯᠦᠨ ᠵᠢᠯᠣᠭᠤᠳᠴᠤ ᠪᠠᠶᠢᠭᠠᠳ ᠨᠦᠬᠦᠪᠣᠷᠢ ᠶᠢᠨ ᠲᠦᠷᠦ | ᠶᠢᠨ ᠪᠣᠳᠣᠯᠭ᠎ᠠ ᠪᠣᠯᠣᠨ ᠭᠤᠶᠤᠴᠢᠯᠠᠨ ᠠᠪᠬᠤ ᠠᠯᠬᠤᠮ ᠳᠠᠷᠠᠭ᠎ᠠ ᠶᠢ ᠤᠶᠢᠯᠠᠭᠠᠨ ᠡᠵᠡᠮᠰᠢᠭᠦᠯᠵᠦ᠂ ᠪᠠᠯᠠ ᠮᠥᠩᠭᠦ ᠶᠢ | ᠴᠠᠭ ᠲᠤᠬᠠᠶ ᠳᠤᠨᠢ ᠬᠡᠷᠡᠭᠯᠡᠭᠴᠢᠳ ᠲᠤ ᠰᠢᠭᠤᠳ ᠬᠦᠷᠭᠡᠬᠦ ᠶᠢ ᠪᠠᠲᠤᠯᠠᠵᠤ᠂ ᠲᠥᠷᠥ ᠶᠢᠨ ᠪᠣᠳᠣᠯᠭ᠎ᠠ ᠶᠢᠨ | ᠦᠢᠯᠡᠳᠦᠯ ᠢ ᠪᠠᠳᠠᠷᠠᠭᠤᠯᠣᠨ᠎ᠠ᠃ ︽ᠬᠡᠷᠡᠭᠯᠡᠭᠡ ᠶᠢ ᠠᠬᠢᠭᠤᠯᠬᠤ ᠵᠢᠯ︾ ᠢᠶᠠᠷ ᠭᠤᠣᠯ ᠱᠣᠭᠤᠮ ᠪᠣᠯᠭᠠᠵᠦ᠂ | ᠭᠤᠤᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ | ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ | ᠬᠤᠳᠠᠯᠳᠤᠬᠤ᠂ ᠪᠠᠭᠤᠳᠠᠯ ᠢᠳᠡᠭᠡᠨ ᠤᠮᠳᠠᠭᠠᠨ ᠵᠡᠷᠭᠡ ᠤᠯᠠᠮᠵᠢᠯᠠᠯᠲᠤ ᠬᠡᠷᠡᠭᠯᠡᠭᠡ ᠶᠢᠨ ᠲᠣᠭᠲᠠᠭᠤᠨ ᠢᠶᠠᠷ | ᠨᠡᠮᠡᠭᠳᠡᠬᠦ ᠶᠢ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ᠂ 3C ᠲᠦᠷᠦᠯ ᠤᠨ ᠡᠯᠧᠺᠲᠷᠦᠨ ᠦᠢᠯᠡᠳᠬᠦᠨ | ᠵᠡᠷᠭᠡ ᠶᠡᠭᠡ ᠬᠡᠮᠵᠢᠶᠡᠨ ᠤ ᠪᠦᠭᠡᠮ ᠢᠶᠠᠷ ᠪᠣᠷᠣᠯᠠᠭᠤᠯᠬᠤ ᠬᠡᠷᠡᠭᠯᠡᠭᠡ ᠶᠢ ᠬᠥᠭᠵᠢᠭᠡᠨ᠎ᠡ᠃ ᠳᠥᠷᠪᠡᠳᠦᠭᠡᠷ | ᠬᠤᠭᠤᠴᠠᠭᠠᠨ ᠤ ᠭᠡᠷ ᠪᠠᠶᠢᠰᠢᠩ ᠤᠨ ᠠᠷᠠᠯᠵᠢᠶᠠᠨ ᠤ ᠴᠤᠭᠯᠠᠭᠠᠨ ᠢ ᠰᠠᠶᠢᠲᠤᠷ ᠡᠷᠬᠢᠯᠡᠵᠦ᠂ ᠭᠡᠷ ᠪᠠᠶᠢᠰᠢᠩ ᠭᠠᠵᠠᠷ | ᠬᠥᠷᠥᠩᠭᠡ ᠶᠢᠨ ᠠᠵᠤ ᠠᠬᠤᠶᠢᠯᠠᠯ ᠬᠢᠭᠡᠳ ᠭᠡᠷ ᠤᠨ ᠡᠳ᠋ᠯᠡᠯ ᠬᠡᠷᠡᠭᠰᠡᠯ᠂ ᠴᠠᠬᠢᠯᠭᠠᠨ ᠬᠡᠷᠡᠭᠰᠡᠯ᠂ ᠵᠠᠰᠠᠯ ᠴᠢᠮᠡᠭᠯᠡᠯ ᠤᠨ | ᠲᠦᠷᠦᠯ ᠲᠡᠮᠳᠡᠭ ᠪᠣᠯᠤᠨ ᠬᠤᠳᠠᠯᠳᠤᠭᠠᠨ ᠤ ᠲᠠᠯᠠᠪᠠᠢ ᠬᠠᠷᠢᠯᠴᠠᠨ ᠬᠥᠳᠡᠯᠦᠯᠴᠡᠵᠦ ᠪᠣᠷᠣᠯᠠᠭᠤᠯᠭ᠎ᠠ ᠬᠢᠬᠦ ᠶᠢ | ᠠᠬᠢᠭᠤᠯᠵᠤ᠂ ᠤᠯᠠᠨ ᠲᠦᠮᠡᠨ ᠤ ᠤᠯᠠᠨ ᠶᠠᠩᠵᠤᠴᠢᠯᠠᠭᠰᠠᠨ᠂ ᠤᠯᠠᠨ ᠳᠡᠰ ᠳᠠᠪᠬᠤᠷᠭ᠎ᠠ ᠶᠢᠨ ᠭᠡᠷ ᠪᠠᠶᠢᠰᠢᠩ | ᠬᠤᠳᠠᠯᠳᠤᠨ ᠠᠪᠬᠤ ᠬᠡᠷᠡᠭᠴᠡᠭᠡ ᠶᠢ ᠬᠠᠩᠭᠠᠨ᠎ᠠ᠃ ᠬᠡᠷᠡᠭᠯᠡᠭᠡ ᠶᠢᠨ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠶ ᠪᠠᠷ | ᠪᠤᠶᠢᠵᠢᠭᠤᠯᠬᠤ ᠪᠠ ᠪᠣᠶ ᠪᠣᠯᠭᠠᠵᠤ᠂ ᠰᠣᠶᠣᠯ ᠵᠢᠭᠤᠯᠴᠢᠯᠠᠯ᠂ ᠨᠠᠰᠤᠵᠢᠯ ᠤᠨ ᠠᠰᠠᠷᠠᠮᠵᠢ᠂ ᠬᠡᠤᠬᠡᠳ ᠬᠥᠮᠦᠵᠢᠭᠦᠯᠬᠦ᠂ | ᠬᠡᠷ ᠤᠨ ᠶᠠᠪᠤᠳᠠᠯ ᠵᠡᠷᠭᠡ ᠬᠡᠷᠡᠭᠯᠡᠭᠡᠨ ᠤ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠠᠩᠬ᠎ᠠ ᠳᠠᠷᠬᠠᠭᠠᠭᠰᠠᠨ ᠪᠠ | ᠳᠠᠭᠠᠭᠤᠯᠣᠭᠴᠢ ᠳᠡᠯᠭᠡᠭᠦᠷ ᠤᠨ ᠬᠥᠭᠵᠢᠯᠲᠡ ᠶᠢ ᠶᠡᠬᠡᠪᠡᠷ ᠳᠡᠮᠵᠢᠵᠦ᠂ ᠬᠡᠪᠴᠢᠶᠡᠵᠢᠯ ᠠᠴᠠ ᠳᠡᠭᠡᠭᠰᠢᠬᠢ | ᠦᠢᠯᠡᠴᠢᠯᠡᠭᠡᠨ ᠤ ᠠᠵᠦ ᠦᠢᠯᠡᠰ ᠢ 11 ᠡᠷᠦᠭᠡ ᠪᠣᠯᠭᠠᠬᠤ ᠪᠠᠷ ᠴᠢᠷᠮᠠᠶᠢᠨ᠎ᠠ᠃ | ︵ᠭᠤᠷᠪᠠ︶ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠬᠤ ᠰᠢᠪᠳᠣᠯᠣᠯᠳᠠ ᠳᠤ ᠠᠩᠬᠠᠷᠤᠯ ᠢᠶᠠᠨ | ᠳᠦᠪᠯᠡᠷᠡᠬᠦᠯᠦᠨ᠂ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠬᠤ ᠲᠠᠯ᠎ᠠ ᠪᠠᠷ ᠪᠦᠲᠦᠴᠡ ᠪᠠᠨ | ᠰᠢᠯᠢᠳᠡᠭᠵᠢᠭᠦᠯᠵᠦ᠂ ᠣᠨᠴᠠᠯᠢᠭ ᠢᠶᠠᠨ ᠴᠢᠩᠭᠠᠳᠬᠠᠨ᠎ᠠ᠃ | ᠣᠯᠠᠨ ᠤᠯᠤᠰ ᠤᠨ ᠠᠷᠠᠯᠵᠢᠶᠠᠨ ᠤ ᠪᠠᠷᠠᠭᠠᠨ ᠤ ᠬᠦᠢᠯᠭᠡᠭᠡᠨ ᠤ ᠬᠥᠲᠥᠯᠥᠨ ᠳᠠᠭᠠᠭᠤᠯᠬᠤ ᠬᠦᠴᠦᠨ ᠢ | ᠨᠠᠮᠡᠭᠳᠡᠬᠦᠯᠦᠨᠡ᠃ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ | ᠬᠡᠮᠵᠢᠶ᠎ᠡ ᠶᠢ 2200 ᠲᠦᠮᠡᠨ ᠲᠣᠨ ᠠᠴᠠ ᠳᠠᠪᠠᠭᠤᠯᠵᠦ᠂ ᠲᠡᠮᠦᠷ ᠵᠠᠮ ᠤᠨ ᠪᠣᠭᠤᠮᠲᠠ ᠶᠢᠨ ᠬᠠᠳᠠᠭᠠᠯᠠᠯᠲᠠ ᠶᠢᠨ | ᠬᠡᠮᠵᠢᠶ᠎ᠡ ᠶᠢ ᠲᠣᠭᠲᠠᠪᠤᠷᠢᠵᠢᠭᠤᠯᠬᠤ᠂ ᠵᠠᠰᠠᠮᠠᠯ ᠵᠠᠮ ᠤᠨ ᠪᠣᠭᠤᠮᠲᠠ ᠶᠢᠨ ᠨᠡᠮᠡᠭᠳᠡᠯ ᠤᠨ ᠬᠡᠮᠵᠢᠶ᠎ᠡ ᠶᠢ ᠥᠷᠭᠡᠳᠬᠡᠬᠦ ᠶᠢ | ᠠᠬᠢᠭᠤᠯᠵᠤ᠂ ᠭᠠᠳᠠᠭᠠᠳᠤ ᠠᠷᠠᠯᠵᠢᠶᠠᠨ ᠤ ᠰᠢᠨ᠎ᠡ ᠡᠬᠦᠳᠦᠯᠳᠠ ᠶᠢ ᠳᠡᠮᠵᠢᠬᠦ ᠵᠡᠷᠭᠡ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠨᠡᠭᠦᠷᠡᠰᠦ᠂ ᠲᠡᠮᠦᠷ ᠤᠨ ᠬᠦᠳᠡᠷ ᠵᠡᠷᠭᠡ ᠤᠯᠠᠮᠵᠢᠯᠠᠯᠲᠤ᠂ | ᠶᠡᠷᠦᠩᠬᠡᠶᠢᠯᠡᠭᠰᠡᠨ ᠲᠠᠸᠠᠷ ᠤᠨ ᠠᠷᠠᠯᠵᠢᠶ᠎ᠠ ᠶᠢ ᠪᠠᠬᠢᠵᠢᠭᠦᠯᠦᠨ ᠥᠷᠭᠡᠳᠬᠡᠵᠦ᠂ ᠵᠡᠰ ᠤᠨ ᠨᠠᠷᠢᠨ ᠨᠤᠨᠲᠠᠭ᠂ ᠴᠠᠶᠢᠷ ᠤᠨ | ᠨᠠᠷᠢᠯᠢᠭ ᠨᠤᠨᠲᠠᠭ᠂ ᠺᠠᠯᠢ ᠶᠢᠨ ᠪᠤᠷᠳᠤᠭᠤᠷ ᠢ ᠬᠡᠪᠴᠢᠶᠡᠵᠢᠭᠦᠯᠦᠨ ᠭᠠᠳᠠᠭᠠᠳᠤ ᠠᠴᠠ ᠣᠷᠣᠭᠤᠯᠬᠤ ᠶᠢ ᠠᠬᠢᠭᠤᠯᠵᠤ᠂ | ᠰᠢᠩᠭᠡᠨᠵᠢᠮᠡᠯ ᠴᠢᠯᠠᠭᠤᠨ ᠲᠣᠰᠣᠨ ᠤ ᠬᠡᠢ᠂ ᠴᠢᠯᠠᠭᠤᠨ ᠲᠣᠰᠣ ᠶᠢ ᠪᠠᠶᠢᠩᠭᠤ ᠶᠢᠨ ᠴᠢᠨᠠᠷᠳᠠᠢ ᠭᠠᠳᠠᠭᠠᠳᠤ ᠠᠴᠠ | ᠣᠷᠣᠭᠤᠯᠣᠨ᠎ᠠ᠃ ᠳᠤᠮᠳᠠᠳᠤ ᠤᠯᠤᠰ ᠤᠨ ᠲᠠᠸᠠᠷ ᠤᠨ ᠭᠠᠳᠠᠭᠠᠳᠤ ᠭᠠᠷᠭᠠᠯᠲᠠ ᠶᠢ ᠥᠷᠭᠡᠳᠬᠡᠬᠦ ᠶᠢᠨ ᠲᠣᠭᠤᠷᠢᠨ ᠳᠤ | ᠂ ᠰᠢᠨ᠎ᠡ ᠡᠨᠧᠷᠬᠢ ᠶᠢᠨ ᠮᠠᠰᠢᠨ ᠳᠡᠷᠭᠡ ᠶᠢ ᠭᠠᠳᠠᠭᠠᠳᠦ ᠳᠤ ᠭᠠᠷᠭᠠᠬᠤ ᠶᠢ ᠠᠬᠢᠭᠤᠯᠵᠦ᠂ ᠭᠠᠷ ᠳᠠᠮᠵᠢᠭᠰᠠᠨ ᠮᠠᠰᠢᠨ | ᠲᠡᠷᠭᠡᠨ ᠤ ᠭᠠᠳᠠᠭᠰᠢ ᠭᠠᠷᠭᠠᠬᠤ ᠬᠡᠮᠵᠢᠶ᠎ᠡ ᠶᠢ ᠨᠡᠮᠡᠭᠳᠡᠬᠦᠯᠦᠨ᠂ ᠭᠠᠳᠠᠭᠠᠳᠦ ᠳᠤ ᠭᠠᠷᠭᠠᠬᠤ ᠲᠠᠸᠠᠷ ᠤᠨ ᠭᠠᠳᠠᠭᠠᠳᠤ | ᠳᠠᠬᠢ ᠲᠠᠸᠠᠷ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠶᠤᠯ ᠲᠠᠢ ᠬᠢᠮᠢ ᠶᠢᠨ ᠪᠣᠳᠠᠰ | ᠵᠢᠴᠢ ᠠᠶᠤᠯᠲᠠᠢ ᠳᠡᠯᠪᠡᠷᠡᠬᠦ ᠪᠣᠳᠠᠰ ᠤᠨ ᠪᠠᠷᠠᠭᠠᠨ ᠤ ᠭᠦᠢᠯᠭᠡᠭᠡᠨ ᠤ ᠳᠣᠭᠤᠷᠢᠭ ᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠬᠤ ᠶᠢ ᠪᠠᠳᠣᠯᠠᠨ᠂ ᠳᠤᠮᠳᠠᠳᠤ ᠤᠯᠤᠰ ᠤᠨ ᠨᠡᠷᠡᠲᠦ ᠰᠢᠯᠢᠳᠡᠭ ᠣᠨᠴᠠ ᠲᠠᠸᠠᠷ᠂ | ᠪᠠᠷᠢᠯᠭ᠎ᠠ ᠶᠢᠨ ᠳᠣᠨᠤᠭ ᠳᠦᠬᠦᠬᠡᠷᠦᠮᠵᠢ ᠪᠠ ᠲᠠᠸᠠᠷ ᠤᠨ ᠮᠠᠰᠢᠨ ᠤ ᠭᠠᠳᠠᠭᠠᠳᠤ ᠳᠤ ᠭᠠᠷᠭᠠᠬᠤ ᠳᠡᠯᠭᠡᠨ | ᠪᠣᠷᠣᠯᠠᠭᠤᠯᠬᠤ ᠲᠥᠪ ᠤᠨ ᠪᠣᠷᠣᠯᠠᠭᠤᠯᠬᠤ ᠬᠡᠪᠴᠢᠶ᠎ᠡ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠬᠢᠯᠢ | ᠠᠯᠥᠰᠯᠬᠠᠰᠠᠨ ᠡᠯᠧᠺᠲᠷᠦᠨ ᠬᠤᠳᠠᠯᠳᠣᠭᠠᠨ ᠤ ᠶᠠᠪᠤᠳᠡᠯ ᠤᠨ ᠬᠦᠷᠢᠶᠡᠯᠡᠩ ᠲᠤᠭᠤᠷᠢᠭ᠂ ᠣᠯᠡᠨ ᠣᠯᠥᠰ ᠤᠨ | ᠰᠢᠥᠳᠡᠨ ᠤ ᠬᠠᠷᠢᠯᠴᠠᠨ ᠰᠣᠯᠢᠯᠴᠡᠬᠤ ᠲᠣᠪᠴᠢᠶ᠎ᠠ ᠵᠡᠷᠭᠡ ᠳᠡᠪᠴᠠᠩ ᠤᠨ ᠳᠡᠪᠡᠭᠤᠯᠢᠭ ᠢ ᠬᠦᠢᠴᠡᠳ ᠪᠠᠳᠡᠷᠡᠭᠤᠯᠵᠦ᠂ | ᠬᠢᠯᠢ ᠠᠯᠥᠰᠯᠬᠠᠰᠠᠨ ᠡᠯᠧᠺᠲᠷᠦᠨ ᠬᠤᠳᠠᠯᠳᠣᠭᠠᠨ ᠤ ᠬᠦᠡᠭᠭᠡᠨ ᠵᠢᠵᠢᠭ ᠵᠦᠢᠯᠡᠰ ᠤᠨ ᠲᠣᠬᠠᠶᠢᠯᠬᠠᠰᠠᠨ ᠠᠵᠢᠯ ᠢ | ᠠᠬᠢᠭᠤᠯᠥᠨ᠂ ᠬᠢᠯᠢ ᠠᠯᠥᠰᠯᠬᠠᠰᠠᠨ ᠡᠯᠧᠺᠲᠷᠦᠨ ᠬᠤᠳᠠᠯᠳᠣᠭᠠᠨ ᠤ ᠠᠷᠡᠯᠵᠢᠶ᠎ᠠ ᠶᠢᠨ ᠲᠣᠠᠠᠳᠠᠭᠤᠨ ᠢᠶᠠᠷ ᠨᠡᠮᠡᠭᠳᠡᠬᠦ ᠶᠢ | ᠪᠠᠶᠠᠯᠠᠬᠦᠯᠵᠦ᠂ ᠣᠯᠥᠰ ᠤᠨ ᠬᠢᠯᠢ ᠠᠯᠥᠰᠯᠬᠠᠰᠠᠨ ᠡᠯᠧᠺᠲᠷᠦᠨ ᠬᠤᠳᠠᠯᠳᠣᠭᠠᠨ ᠤ ᠶᠠᠪᠤᠳᠡᠯ ᠤᠨ ᠶᠡᠷᠦᠩᠭᠡᠶᠢᠯᠡᠭᠰᠡᠨ | ᠲᠣᠷᠰᠢᠯᠳᠡ ᠶᠢᠨ ᠲᠤᠭᠤᠷᠢᠭ ᠤᠨ ᠵᠦᠪᠰᠢᠶᠡᠷᠡᠭᠳᠡᠬᠦ ᠳᠤ ᠴᠢᠷᠮᠠᠶᠢᠨ ᠵᠢᠳᠬᠦᠨ᠎ᠡ᠃ ᠣᠳᠣᠬᠢᠴᠢᠯᠠᠭᠰᠠᠨ ᠪᠠᠷᠠᠭᠠᠨ ᠤ | ᠭᠦᠢᠯᠭᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠦᠢᠯᠡᠰ ᠤᠨ | ᠬᠥᠭᠵᠢᠨ ᠪᠤᠵᠠᠭᠠᠢᠢᠷᠠᠬᠤ ᠶᠢ ᠳᠡᠮᠵᠢᠵᠦ᠂ ᠵᠢᠩ ᠴᠧᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ | ᠳᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠶᠧ ᠰᠧᠨ ᠪᠠᠷᠠᠭᠠᠨ ᠤ ᠭᠦᠢᠯᠭᠡᠭᠡᠨ ᠤ | ᠲᠣᠭᠤᠷᠢᠭ ᠵᠡᠷᠭᠡ ᠲᠥᠷᠥᠯ ᠵᠦᠢᠯ ᠢ ᠪᠠᠶᠢᠭᠤᠯᠤᠨ ᠠᠵᠢᠯᠯᠠᠭᠤᠯᠣᠨ᠎ᠠ᠃ | ᠭᠠᠳᠠᠭᠠᠳᠦ ᠠᠴᠠ ᠣᠷᠣᠭᠤᠯᠵᠦ ᠭᠠᠳᠠᠭᠠᠳᠦ ᠳᠤ ᠭᠠᠷᠭᠠᠬᠤ ᠪᠣᠯᠪᠠᠰᠣᠷᠠᠭᠤᠯᠬᠤ ᠦᠢᠯᠡᠰ ᠤᠨ ᠥᠷᠢᠰᠦᠯᠳᠦᠬᠦ | ᠬᠦᠴᠦᠨ ᠢ ᠨᠡᠮᠡᠭᠳᠡᠭᠦᠯᠦᠨ᠎ᠡ᠃ ᠮᠢᠩᠭᠠᠨ ᠲᠦᠮᠡᠨ ᠲᠣᠨ ᠠᠭᠤᠷᠬᠠᠶ ᠶᠢᠨ ᠪᠦᠳᠦᠭᠡᠭᠳᠡᠬᠦᠨ᠂ ᠵᠠᠭᠤᠨ ᠲᠦᠮᠡᠨ ᠲᠣᠨ | ᠭᠠᠳᠠᠭᠠᠳᠤ ᠠᠴᠠ ᠣᠷᠣᠭᠤᠯᠬᠤ ᠠᠮᠤ ᠲᠣᠰᠣ᠂ ᠲᠦᠮᠡᠨ ᠲᠣᠨ ᠭᠠᠳᠠᠭᠠᠳᠤ ᠠᠴᠠ ᠣᠷᠣᠭᠤᠯᠬᠤ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ | ᠲᠦᠷᠭᠡᠳᠬᠡᠨ ᠠᠬᠢᠭᠤᠯᠵᠤ᠂ ᠬᠤᠩ ᠯᠢᠶᠠᠨ ᠤ ᠠᠮᠢᠳᠦ ᠠᠳᠣᠭᠤ ᠶᠢ ᠭᠠᠳᠠᠭᠠᠳᠤ ᠠᠴᠠ ᠣᠷᠣᠭᠤᠯᠬᠤ᠂ ᠮᠢᠩ ᠬᠤᠶ | ᠶᠢᠨ 200 ᠳᠣᠨ ᠨᠣᠤᠰᠣ ᠨᠣᠯᠤᠤᠷ ᠵᠡᠷᠭᠡ ᠡᠳ᠋ᠰᠢᠬᠦᠯᠬᠦ ᠲᠥᠷᠥᠯ ᠵᠦᠢᠯ ᠢ ᠪᠠᠶᠢᠭᠤᠯᠵᠤ ᠠᠰᠢᠭᠯᠠᠯᠲᠠ ᠳᠤ | ᠣᠷᠣᠭᠤᠯᠬᠤ ᠶᠢ ᠠᠬᠢᠭᠤᠯᠤᠨ᠂ ᠯᠠᠩ ᠮᠢᠦ ᠬᠡᠶᠢᠳᠦ ᠴᠠᠪᠠᠣ᠂ ᠫᠧᠩ ᠱᠦᠨ 60 ᠲᠦᠮᠡᠨ ᠲᠣᠨ ᠲᠡᠮᠦᠷ ᠤᠨ | ᠬᠦᠳᠡᠷ ᠤᠨ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠱᠧᠩ ᠶᠦᠨ | ᠡᠨᠧᠷᠭᠢ ᠬᠠᠳᠠᠭᠠᠯᠠᠬᠤ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠤᠨ ᠬᠡᠷᠡᠭᠯᠡᠯᠳᠠ ᠶᠢ ᠠᠬᠢᠭᠤᠯᠵᠦ᠂ | ᠹᠧᠩ ᠶᠠᠨ ᠢᠯᠴᠢ ᠴᠠᠬᠢᠯᠭᠠᠨ ᠨᠡᠭᠦᠷᠡᠰᠦᠲᠥ᠋ᠷᠥᠭᠴᠢ ᠬᠤᠯᠪᠣᠭᠠᠯᠠᠨ ᠦᠢᠯᠡᠳᠪᠦᠷᠢᠯᠡᠬᠦ ᠵᠡᠷᠭᠡ ᠲᠥᠷᠥᠯ ᠵᠦᠢᠯ ᠤᠨ | ᠪᠣᠳᠠᠳᠦ ᠠᠮᠵᠢᠯᠳᠠ ᠲᠠᠢ ᠪᠣᠯᠬᠤ ᠶᠢ ᠠᠬᠢᠭᠤᠯᠤᠨ᠎ᠠ᠃ ᠠᠵᠤ ᠦᠢᠯᠡᠳᠪᠦᠷᠢ ᠠᠵᠤ ᠠᠬᠤᠶᠢᠯᠠᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ᠂ ᠪᠠᠶ ᠬᠤᠶ ᠶᠤᠸᠠᠨ | ᠠᠭᠤᠷᠬᠠᠶ ᠶᠢᠨ ᠦᠢᠯᠡᠰ᠂ ᠬᠤᠤ ᠲᠢᠶᠠᠨ ᠳᠤᠮᠳᠠᠳᠤ ᠮᠣᠩᠭᠤᠯ ᠤᠨ ᠲᠠᠷᠢᠶᠠᠯᠠᠩ ᠤᠨ ︽ᠪᠣᠬᠢᠷᠲᠤᠯ ᠥᠬᠡᠶ | ᠦᠢᠯᠡᠳᠪᠦᠷᠢ︾ ᠪᠠᠷ ᠭᠤᠶᠤᠴᠢᠯᠠᠨ ᠮᠡᠳᠡᠭᠦᠯᠬᠦ ᠶᠢ ᠳᠥᠯᠭᠢᠨ ᠠᠬᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠪᠠ | ᠲᠤᠰᠬᠠᠶ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ ᠢ ᠡᠭᠦᠳᠦᠨ ᠪᠠᠶᠢᠭᠤᠯᠬᠤ ᠶᠢ ᠳᠡᠮᠵᠢᠨ | ᠪᠣᠵᠠᠭᠠᠶᠢᠷᠠᠭᠤᠯᠣᠨ᠎ᠠ᠃ ᠠᠵᠤ ᠦᠢᠯᠡᠳᠪᠦᠷᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠠᠵᠤ | ᠠᠬᠤᠶᠢᠯᠠᠯ ᠤᠨ ᠲᠠᠰ ᠳᠡᠪᠰᠢᠬᠦ ᠨᠢᠭᠡᠳᠬᠦ ᠶᠢ ᠦᠷᠭᠦᠯᠵᠢᠯᠡᠨ ᠠᠬᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ | ᠠᠬᠤᠶᠢᠯᠠᠯ ᠢ 3 ᠡᠷᠦᠭᠡ ᠶᠢ ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 10% ᠣᠷᠴᠢᠮ | ᠪᠣᠯᠭᠠᠬᠤ ᠪᠠᠷ ᠴᠢᠷᠮᠠᠶᠢᠨ᠎ᠠ᠃ | ᠴᠡᠪᠡᠷ ᠡᠨᠧᠷᠭᠢ ᠶᠢᠨ ᠰᠤᠷᠪᠤᠯᠵᠢ ᠶᠢᠨ ᠳᠠᠶᠢᠴᠢᠯᠠᠬᠤ ᠬᠦᠴᠦᠨ ᠢ ᠨᠡᠮᠡᠭᠳᠡᠭᠦᠯᠦᠨ᠎ᠡ᠃ ᠡᠷᠢᠶᠡᠨ ᠬᠤᠳᠠ ᠶᠢᠨ | ᠮᠢᠩᠭᠠᠨ ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠲᠠᠢ | ᠨᠢᠭᠲᠠ ᠤᠶᠠᠯᠳᠤᠭᠤᠯᠤᠨ᠂ ᠮᠧᠩ ᠨᠧᠩ ᠤᠨ ᠰᠢᠨ᠎ᠡ ᠪᠠᠷ ᠪᠠᠶᠢᠭᠤᠯᠬᠤ ᠰᠠᠯᠬᠢᠨ ᠬᠦᠴᠦᠨ ᠤ ᠴᠠᠬᠢᠯᠭᠠᠨ᠂ ᠢᠣᠢ | ᠹᠧᠩ ᠤᠨ ᠠᠵᠢᠯᠯᠠᠭ᠎ᠠ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ | ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠬᠢᠭᠡᠳ ᠰᠠᠯᠬᠢᠨ ᠬᠦᠴᠦᠨ ᠤ ᠴᠠᠬᠢᠯᠭᠠᠨ ᠢ ᠨᠢᠭᠡ ᠴᠣᠭᠴᠠᠵᠢᠭᠤᠯᠤᠭᠰᠠᠨ | 20 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠦᠷᠦᠯ ᠵᠦᠢᠯ ᠢ ᠪᠦᠲᠦᠭᠡᠨ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ ᠮᠧᠩ ᠨᠧᠩ ᠤᠨ 150 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠶ | ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠪᠦᠬᠦ ᠪᠠᠭᠲᠠᠭᠠᠮᠵᠢ ᠲᠠᠢ ᠪᠠᠷ ᠴᠠᠬᠢᠯᠭᠠᠨ ᠬᠠᠩᠭᠠᠬᠤ ᠶᠢ | ᠪᠠᠳᠣᠯᠠᠨ᠎ᠠ᠃ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠮᠧᠩ | ᠨᠧᠩ ᠡᠷᠢᠶᠡᠨ — ᠪᠠᠷᠠᠭᠤᠨ ᠰᠦᠨᠢᠳ ᠤᠨ ᠪᠠᠲᠤᠯᠠᠭ᠎ᠠ ᠶᠢᠨ ᠴᠢᠨᠠᠷᠲᠠᠶ ᠰᠢᠨ᠎ᠡ ᠡᠨᠧᠷᠭᠢ ᠶᠢᠨ ᠲᠥᠷᠥᠯ ᠵᠦᠢᠯ ᠢ | ᠲᠣᠣᠷᠵᠢᠭᠤᠯᠤᠨ ᠵᠣᠯᠭᠠᠭᠤᠯᠬᠤ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠲᠣᠣᠷᠵᠢᠭᠤᠯᠤᠨ ᠨᠡᠶᠢᠯᠡᠭᠦᠯᠬᠦ ᠶᠢ | ᠠᠬᠢᠭᠤᠯᠤᠨ᠎ᠠ᠃ ᠡᠨᠧᠷᠭᠢ ᠬᠠᠳᠠᠭᠠᠯᠠᠬᠤ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠰᠢᠨ᠎ᠡ ᠡᠨᠧᠷᠭᠢ ᠶᠢᠨ ᠠᠵᠤ | ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠢᠳᠡᠪᠬᠢᠲᠡᠶ ᠰᠦᠪᠡᠭᠴᠢᠯᠡᠵᠦ᠂ ᠭᠦᠸᠧ ᠲᠢᠶᠠᠨ ᠡᠨᠧᠷᠭᠢ ᠶᠢᠨ 20 | ᠳᠦᠮᠡᠨ ᠺᠢᠯᠣᠸ᠋ᠲ ᠴᠠᠬᠢᠯᠭᠠᠨ ᠲᠣᠤᠷ ᠤᠨ ᠬᠠᠵᠠᠭᠤ ᠪᠠᠷ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠵᠡᠷᠭᠡ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ︽ᠪᠣᠬᠢᠷᠲᠤᠯ ᠥᠬᠡᠶ ᠴᠠᠬᠢᠯᠭᠠᠨ+ ᠰᠢᠯᠢᠳᠡᠭ | ᠳᠡᠭᠡᠳᠦ ᠠᠴᠢᠶᠠᠯᠠᠭᠴᠢ ᠡᠨᠧᠷᠭᠢ︾ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠰᠢᠨ᠎ᠡ | ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 280 ᠲᠦᠮᠡᠨ ᠺᠢᠯᠣᠸᠠᠲ ᠲᠤ ᠬᠦᠷᠭᠡᠬᠦ ᠪᠠᠷ | ᠴᠢᠷᠮᠠᠶᠢᠨ᠎ᠠ᠃ | ᠬᠢᠯᠢ ᠬᠢᠵᠠᠭᠠᠷ ᠤᠨ ᠰᠤᠶᠤᠯ ᠵᠢᠭᠤᠯᠴᠢᠯᠠᠯ ᠤᠨ ᠦᠢᠯᠡᠰ ᠤᠨ ᠲᠠᠲᠠᠬᠤ ᠬᠦᠴᠦᠨ ᠢ ᠨᠡᠮᠡᠭᠳᠡᠬᠦᠯᠦᠨ᠎ᠡ᠃ | ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠦᠴᠦᠲᠡᠶ ᠠᠬᠢᠭᠤᠯᠵᠤ᠂ ︽ | ᠤᠮᠠᠷᠠᠲᠤ ᠬᠢᠯᠢ ᠶᠢᠨ ᠡᠭᠦᠳᠡ᠂ ᠴᠠᠢ ᠶᠢᠨ ᠵᠠᠮ ᠤᠨ ᠥᠷᠲᠡᠭᠡ᠂ ᠠᠪᠤᠷᠭᠤ ᠭᠦᠷᠪᠡᠯ ᠤᠨᠦᠯᠦᠭᠡᠢ︾ ᠶᠢᠨ ᠰᠣᠶᠣᠯ | ᠤᠨ ᠡᠬᠢ ᠪᠠᠶᠠᠯᠢᠭ ᠢ ᠭᠦᠨᠵᠡᠭᠡᠶ ᠠᠭᠤᠳᠠᠯᠬᠤ ᠪᠠ ᠤᠬᠠᠭᠤᠯᠤᠨ ᠲᠠᠨᠢᠯᠴᠠᠭᠤᠯᠵᠤ᠂ ︽ᠨᠢᠭᠡ ᠬᠤᠲᠠ ᠬᠤᠶᠠᠷ | ᠬᠤᠰᠢᠭᠤ︾ ᠶᠢᠨ ᠤᠯᠠᠭᠠᠨᠮᠥ᠋ᠴᠢᠷ ᠤᠨ ᠬᠠᠮᠲᠤᠷᠠᠨ ᠠᠵᠢᠯᠯᠠᠵᠤ ᠬᠠᠮᠲᠤ ᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ | ᠤᠷᠠᠨ ᠰᠠᠶᠢᠬᠠᠨ ᠤ ᠰᠣᠳᠣᠨ ᠪᠦᠲᠦᠭᠡᠯ ᠢ ᠬᠠᠮᠲᠤᠷᠠᠨ ᠵᠣᠬᠢᠶᠠᠨ ᠪᠦᠲᠦᠭᠡᠵᠦ᠂ ᠬᠠᠮᠲᠤ ᠪᠠᠷ ᠲᠣᠭᠤᠷᠢᠨ ᠲᠣᠭᠯᠠᠯᠲᠠ | ᠭᠠᠷᠭᠠᠵᠤ᠂ ᠬᠠᠮᠲᠤ ᠪᠠᠷ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭᠲᠦ ᠶᠢ ᠦᠷᠭᠦᠯᠵᠢᠯᠡᠨ ᠭᠡᠷᠡᠯᠳᠦᠬᠦᠯᠦᠨ᠎ᠡ | ᠃ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠶᠢ | ᠨᠡᠶᠢᠲᠡᠯᠡᠵᠦ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠤ | ᠵᠦᠪᠰᠢᠶᠡᠷᠡᠯ ᠢ ᠣᠯᠬᠤ ᠶᠢ ᠪᠥᠬᠦ ᠬᠦᠴᠦᠨ ᠢᠶᠠᠷ ᠢᠶᠠᠨ ᠲᠡᠮᠡᠴᠡᠨ᠂ ᠬᠢᠯᠢ ᠠᠯᠤᠰᠯᠠᠭᠰᠠᠨ ᠵᠢᠭᠤᠯᠴᠢᠯᠠᠯ᠂ ᠬᠢᠯᠢ ᠶᠢᠨ | ᠪᠣᠭᠤᠮᠲᠠ ᠶᠢᠨ ᠰᠣᠶᠣᠯ ᠤᠨ ᠵᠢᠭᠤᠯᠴᠢᠯᠠᠯ᠂ ᠬᠤᠪᠢ ᠶᠢᠨ ᠮᠠᠰᠢᠨ ᠢᠶᠠᠷ ᠢᠶᠠᠨ ᠠᠶᠠᠯᠠᠨ ᠵᠢᠭᠤᠯᠴᠢᠯᠠᠬᠤ᠂ ᠬᠢᠯᠢ ᠶᠢᠨ | ᠵᠢᠭᠤᠯᠴᠢᠯᠠᠯ᠂ ᠠᠪᠤᠷᠭᠤ ᠭᠦᠷᠪᠡᠯ ᠤᠨ ᠰᠣᠶᠣᠯ ᠤᠨ ᠵᠢᠭᠤᠯᠴᠢᠯᠠᠯ ᠢ ᠦᠷᠭᠦᠯᠵᠢᠯᠡᠨ ᠬᠦᠭᠵᠢᠬᠦ ᠶᠢ ᠠᠬᠢᠭᠤᠯᠤᠨ᠎ᠠ᠃ | ᠰᠣᠶᠣᠯ ᠵᠢᠭᠤᠯᠴᠢᠯᠠᠯ ᠤᠨ ︽ᠵᠥᠭᠡᠯᠡᠨ ᠪᠣᠳᠠᠲᠤ ᠬᠦᠴᠦᠨ︾ ᠪᠠ ︽ᠬᠠᠲᠠᠭᠤ ᠲᠤᠯᠭᠠᠭᠤᠷᠢᠯᠠᠯ︾ ᠢ ᠲᠠᠰᠤᠷᠠᠯᠲᠠ | ᠦᠭᠡᠢ ᠳᠡᠭᠡᠭᠰᠢᠯᠡᠭᠦᠯᠵᠦ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ ᠨᠠᠶᠢᠷ᠂ | ᠳᠣᠮᠳᠠᠳᠦ ᠮᠣᠩᠭᠤᠯ ᠣᠷᠣᠰ ᠤᠨ ᠮᠣᠷᠢᠨ ᠤᠷᠤᠯᠳᠤᠭᠠᠨ ᠤ ᠬᠤᠯᠪᠣᠭᠠᠲᠤ ᠤᠷᠤᠯᠳᠤᠭᠠᠨ᠂ ᠡᠷᠢᠶᠡᠨ ᠬᠤᠲᠠ — | ᠵᠠᠮ ᠤᠨ ᠡᠭᠦᠳᠡ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ | ᠨᠠᠷᠠᠲᠤ ᠲᠥᠷᠥᠯ ᠲᠡᠮᠳᠡᠭᠲᠦ ᠶᠢᠨ ᠠᠵᠢᠯᠯᠠᠭ᠎ᠠ ᠶᠢ ᠰᠠᠶᠢᠲᠤᠷ ᠪᠡᠯᠡᠳᠬᠡᠵᠦ᠂ ᠵᠣᠭᠠᠴᠠᠯ ᠰᠡᠯᠡᠭᠦᠴᠡᠯ ᠤᠨ ᠵᠡᠭᠡᠯᠢ ᠶᠢᠨ | ᠦᠢᠯᠡᠴᠢᠯᠡᠭᠡᠨ ᠤ ᠳᠦᠬᠦᠭᠡᠷᠦᠮᠵᠢ ᠶᠢ ᠰᠢᠨᠡᠳᠬᠡᠬᠦ᠂ ᠤᠯᠤᠰ ᠤᠨ ᠡᠬᠦᠳᠠ ᠶᠢᠨ ᠬᠤᠳᠠᠯᠳᠤᠭᠠᠨ ᠤ ᠵᠡᠭᠡᠯᠢ ᠵᠡᠷᠭᠡ | ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠯᠦᠩ ᠶᠤᠸᠠᠨ ᠪᠠᠭᠤᠳᠠᠯ ᠢ ᠪᠠᠶᠢᠭᠤᠯᠤᠨ ᠠᠰᠢᠭᠯᠠᠯᠲᠠ ᠳᠤ | ᠣᠷᠣᠭᠤᠯᠬᠤ ᠶᠢ ᠠᠬᠢᠭᠤᠯᠤᠨ᠎ᠠ᠃ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ᠬᠤᠯᠪᠣᠭᠠᠯᠠᠨ | ᠤᠬᠠᠭᠤᠯᠵᠤ ᠡᠵᠡᠩᠨᠡᠨ ᠪᠣᠷᠣᠯᠠᠭᠤᠯᠬᠤ ᠶᠢ ᠨᠠᠷᠢᠯᠢᠭ ᠣᠨᠣᠴᠠᠲᠠᠶ ᠪᠠᠷ ᠬᠡᠷᠡᠭᠵᠢᠭᠦᠯᠵᠦ᠂ ᠬᠥᠬᠡᠬᠤᠲᠠ ᠪᠤᠭᠤᠲᠤ | ᠣᠷᠳᠣᠰ ᠤᠯᠠᠭᠠᠨᠴᠠᠪ᠂ ᠪᠡᠭᠡᠵᠢᠩ ᠲᠢᠶᠠᠨᠵᠢᠨ ᠱᠠᠨ ᠰᠢ ᠾᠧᠪᠸᠢ ᠵᠡᠷᠭᠡ ᠭᠠᠵᠠᠷ ᠣᠷᠣᠨ ᠲᠠᠢ ᠰᠣᠯᠢᠯᠴᠠᠭ᠎ᠠ | ᠬᠠᠮᠲᠤᠷᠠᠯᠴᠠᠭ᠎ᠠ ᠪᠠᠨ ᠴᠢᠩᠭᠠᠳᠬᠠᠨ᠂ ᠣᠷᠣᠨ ᠤ ᠳᠣᠲᠣᠨ᠎ᠠ ᠭᠠᠳᠠᠨᠠᠬᠢ ᠵᠢᠭᠤᠯᠴᠢᠯᠠᠯ ᠤᠨ ᠱᠤᠭᠤᠮ ᠢ | ᠲᠦᠷᠭᠡᠪᠴᠢᠯᠡᠨ ᠪᠠᠶᠢᠭᠤᠯᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠵᠠᠮ ᠱᠤᠭᠤᠮ ᠢ ᠬᠠᠷᠢᠯᠴᠠᠨ ᠠᠬᠢᠭᠤᠯᠬᠤ᠂ | ᠵᠤᠭᠠᠴᠠᠭᠰᠠᠳ ᠢ ᠬᠠᠷᠢᠯᠴᠠᠨ ᠬᠦᠷᠭᠡᠬᠦ᠂ ᠠᠰᠢᠭ ᠲᠤᠰᠠ ᠶᠢ ᠬᠠᠮᠲᠤ ᠪᠠᠷ ᠭᠥᠷᠳᠡᠬᠦ ᠣᠷᠣᠨ ᠪᠦᠰᠡ ᠶᠢᠨ | ᠵᠢᠭᠤᠯᠴᠢᠯᠠᠯ ᠤᠨ ᠬᠠᠮᠲᠤᠷᠠᠯᠴᠠᠭᠠᠨ ᠤ ᠰᠢᠨ᠎ᠡ ᠵᠠᠭᠪᠤᠷ ᠢ ᠪᠠᠶᠢᠭᠤᠯᠤᠨ᠎ᠠ᠃ ᠤᠯᠤᠰ ᠤᠨ ᠳᠣᠲᠣᠭᠠᠳᠤ | ᠭᠠᠳᠠᠭᠠᠳᠤ ᠶᠢᠨ ᠵᠢᠭᠤᠯᠴᠢᠳ ᠢ ᠬᠦᠯᠢᠶᠡᠨ ᠠᠪᠣᠭᠰᠠᠨ ᠬᠦᠮᠦᠨ ᠣᠳᠠᠭ᠎ᠠ ᠨᠢ 10% ᠣᠷᠴᠢᠮ ᠨᠡᠮᠡᠭᠳᠡᠬᠦᠯᠬᠦ ᠪᠠᠷ | ᠴᠢᠷᠮᠠᠶᠢᠨ᠎ᠠ᠃ | ︵ᠲᠦᠷᠪᠡ︶ ᠣᠷᠣᠰᠢᠨ ᠰᠠᠭᠤᠬᠤ ᠳᠤ ᠠᠮᠣᠷ ᠳᠦᠪᠰᠢᠨ ᠳᠣᠬᠢᠯᠢᠭ ᠪᠠᠶᠢᠬᠤ ᠰᠢᠪᠳᠣᠯᠣᠯᠳᠠ ᠳᠤ | ᠠᠩᠬᠠᠷᠤᠯ ᠢᠶᠠᠨ ᠳᠦᠪᠯᠡᠷᠡᠬᠦᠯᠦᠨ᠂ ᠬᠤᠲᠠ ᠬᠥᠳᠡᠭᠡ ᠶᠢᠨ ᠠᠭᠤᠰᠣᠯᠴᠠᠯ ᠤᠨ ᠲᠠᠯ᠎ᠠ ᠪᠠᠷ ᠠᠷᠭ᠎ᠠ ᠤᠬᠠᠭᠠᠨ | ᠰᠦᠪᠡᠭᠴᠢᠯᠡᠵᠦ᠂ ᠬᠠᠮᠲᠤ ᠪᠠᠷ ᠬᠦᠴᠦᠯᠡᠨ᠎ᠡ᠃ | ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠶᠢ ᠡᠷᠡᠰ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯ ᠤᠨ ᠥᠭᠡᠷᠡᠴᠢᠯᠡᠯᠲᠡ ᠶᠢᠨ ᠣᠨ ᠤ ᠡᠭᠦᠷᠭᠡ ᠶᠢ ᠪᠡᠶᠡᠯᠡᠭᠦᠯᠵᠦ᠂ ᠬᠤᠶᠠᠳᠤᠭᠠᠷ ᠡᠭᠡᠯᠵᠢ ᠶᠢᠨ ᠥᠪᠡᠷᠲᠡᠭᠡᠨ | ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠳᠤᠮᠳᠠᠳᠤ ᠮᠣᠩᠭᠤᠯ ᠤᠨ | ᠠᠮᠢ ᠠᠬᠤᠢ ᠶᠢᠨ ᠪᠣᠯᠪᠠᠰᠤᠨ ᠢ ᠬᠠᠮᠲᠤ ᠪᠠᠷ ᠪᠠᠶᠢᠭᠤᠯᠬᠤ ᠲᠤᠷᠰᠢᠯᠲᠠ ᠶᠢᠨ ᠣᠷᠣᠨ ᠢ ᠪᠣᠳᠠᠲᠠᠢ ᠠᠬᠢᠴᠠ ᠲᠠᠢ | ᠪᠣᠯᠭᠠᠬᠤ ᠪᠠᠷ ᠴᠢᠷᠮᠠᠶᠢᠨ᠎ᠠ᠃ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ︽ | ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠣᠶ ᠰᠢᠭᠤᠢ ᠡᠪᠡᠰᠦ ᠴᠢᠭᠢᠭᠯᠢᠭ ᠠᠲᠠᠷ ᠭᠠᠵᠠᠷ ᠢ ᠨᠢᠭᠡ | ᠴᠣᠭᠴᠠᠵᠢᠭᠤᠯᠤᠨ ᠬᠠᠮᠠᠭᠠᠯᠠᠵᠤ ᠰᠡᠷᠭᠦᠭᠡᠬᠦ ᠵᠡᠷᠭᠡ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠵᠢᠯ ᠤᠨ | ᠳᠣᠲᠣᠷ᠎ᠠ ᠵᠠᠰᠠᠬᠤ ᠲᠠᠯᠠᠪᠠᠢ 67 ᠲᠦᠮᠡᠨ ᠮᠦ ᠶᠢ ᠪᠡᠶᠡᠯᠡᠭᠦᠯᠦᠨ᠎ᠡ᠃ ᠪᠦᠳᠦᠭᠡᠨ ᠪᠠᠶᠢᠭᠤᠯᠥᠯᠳᠡ ᠶᠢᠨ ᠳᠥᠷᠦᠯ | ᠵᠦᠢᠯ ᠤᠨ ᠣᠷᠴᠢᠨ ᠲᠤᠭᠤᠷᠢᠨ ᠢ ᠨᠦᠯᠦᠭᠡᠯᠡᠬᠦ ᠦᠨᠡᠯᠡᠯᠳᠡ ᠶᠢ ︽ᠴᠣᠮᠬᠠᠳᠬᠠᠨ︾ ᠬᠢᠨᠡᠨ ᠵᠦᠪᠰᠢᠶᠡᠷᠡᠬᠦ᠂ | ᠣᠷᠴᠢᠨ ᠲᠤᠭᠤᠷᠢᠨ ᠢ ᠨᠦᠯᠦᠬᠡᠯᠡᠬᠦ ᠦᠨᠡᠯᠡᠯᠳᠠ ᠪᠠ ᠪᠣᠬᠢᠷᠳᠦᠯ ᠭᠠᠳ᠋ᠬᠠᠰᠢᠯᠠᠭᠤᠯᠬᠤ ᠵᠦᠪᠰᠢᠶᠡᠷᠡᠯ ᠤᠨ ︽ᠬᠤᠶᠡᠷ | ᠦᠨᠡᠮᠯᠠᠯ ᠤᠨ ᠬᠢᠨᠡᠨ ᠵᠦᠪᠰᠢᠶᠡᠷᠡᠯᠳᠠ ᠶᠢ ᠨᠢᠭᠡᠳᠬᠡᠬᠦ︾ ᠦᠭᠡᠷᠡᠴᠢᠯᠡᠯᠳᠡ ᠶᠢ ᠪᠦᠬᠦ ᠳᠡᠯ᠎ᠠ ᠪᠠᠷ ᠭᠡᠷᠡᠭᠵᠢᠬᠦᠯᠵᠦ᠂ | ᠪᠣᠬᠢᠷᠳᠦᠯ ᠭᠠᠳ᠋ᠬᠠᠰᠢᠯᠠᠭᠤᠯᠬᠤ ︽ᠨᠢᠭᠡ ᠦᠨᠡᠮᠯᠠᠯ ᠢᠶᠠᠷ ᠬᠢᠨᠡᠨ ᠵᠦᠪᠰᠢᠶᠡᠷᠡᠬᠦ︾ ᠬᠠᠮᠢᠶᠡᠷᠦᠯᠳᠡ ᠶᠢ | ᠨᠡᠶᠢᠳᠡᠪᠦᠷᠢᠵᠢᠭᠤᠯᠥᠨ᠎ᠠ᠃ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ | ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ ᠪᠥᠬᠦ ᠬᠤᠲᠠ ᠶᠢᠨ ᠨᠠᠷᠢᠨ ᠮᠥᠬᠦᠯᠢᠭᠲᠦ ᠪᠣᠳᠠᠰ ᠤᠨ ᠳᠤᠮᠳᠠᠴᠢ | ᠥᠳᠬᠡᠴᠡ᠂ ᠠᠭᠠᠷ ᠤᠨ ᠴᠢᠨᠠᠷᠵᠢᠯ ᠰᠢᠯᠢᠳᠡᠭ ᠪᠠᠶᠢᠬᠤ ᠡᠳᠦᠷ ᠤᠨ ᠲᠤᠭ᠎ᠠ ᠶᠢᠨ ᠬᠠᠷᠢᠴᠠᠯ ᠤᠨ ᠨᠣᠷᠮ᠎ᠠ ᠪᠠᠷᠢᠮᠵᠢᠶᠡᠨ | ᠳᠤ ᠪᠠᠶᠢᠬᠤ ᠶᠢ ᠪᠠᠳᠣᠯᠠᠨ᠎ᠠ᠃ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠰᠤ ᠠᠪᠬᠤ | ᠬᠡᠷᠡᠭᠯᠡᠬᠦ ᠵᠥᠪᠰᠢᠶᠡᠷᠡᠯ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ | ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ | ᠪᠠᠭᠠᠰᠬᠠᠬᠤ᠂ ᠬᠤᠲᠠ ᠶᠢᠨ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠲᠦᠷᠭᠡᠳᠬᠡᠨ ᠠᠬᠢᠭᠤᠯᠵᠤ᠂ ᠲᠠᠷᠢᠶᠠᠨ | ᠭᠠᠵᠠᠷ ᠤᠨ ᠤᠰᠤᠯᠠᠯᠲᠠ ᠶᠢᠨ ᠮᠦ ᠪᠦᠷᠢ ᠳᠤ ᠬᠡᠷᠡᠭᠯᠡᠬᠦ ᠤᠰᠤᠨ ᠤ ᠬᠡᠮᠵᠢᠶ᠎ᠠ ᠶᠢ 10% ᠪᠠᠷ ᠪᠠᠭᠤᠷᠠᠭᠤᠯᠵᠦ᠂ | ᠬᠤᠲᠠ ᠲᠣᠭᠤᠷᠢᠭ ᠤᠨ ᠬᠤᠭᠤᠯᠠᠶ ᠶᠢᠨ ᠲᠣᠤᠷ ᠤᠨ ᠭᠤᠭᠤᠵᠢᠵᠤ ᠰᠦᠢᠳᠬᠦ ᠨᠣᠷᠮ᠎ᠠ ᠶᠢ 10% ᠶᠢᠨ ᠳᠣᠲᠣᠷ᠎ᠠ | ᠬᠢᠵᠠᠭᠠᠷᠯᠠᠨ᠂ ᠠᠵᠤ ᠦᠢᠯᠡᠳᠪᠦᠷᠢ ᠶᠢᠨ ᠤᠰᠤᠨ ᠤ ᠠᠰᠢᠭᠯᠠᠯᠲᠠ ᠶᠢᠨ ᠨᠣᠷᠮ᠎ᠠ ᠶᠢ 75% ᠳᠤ ᠬᠦᠷᠲᠡᠯ᠎ᠡ | ᠳᠡᠭᠡᠭᠰᠢᠯᠡᠭᠦᠯᠵᠦ᠂ ᠣᠰᠣᠨ ᠤ ᠦᠨ᠎ᠡ ᠶᠢᠨ ᠳᠣᠬᠢᠷᠠᠭᠤᠯᠣᠯᠳᠠ ᠶᠢ ᠪᠡᠶᠡᠯᠡᠬᠦᠯᠦᠨ᠂ ᠤᠰᠤ ᠠᠷᠪᠢᠯᠠᠬᠤ ᠣᠶᠢᠯᠠᠭᠠᠯᠳᠠ | ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠳᠠᠳᠬᠠᠯ ᠪᠣᠯᠭᠠᠬᠤ ᠪᠠᠷ ᠴᠢᠷᠮᠠᠶᠢᠨ᠎ᠠ᠃ ᠡᠬᠢ ᠪᠠᠶᠠᠯᠢᠭ ᠢ | ᠠᠭᠤᠳᠠᠯᠬᠤ ᠪᠠ ᠠᠷᠪᠢᠯᠠᠨ ᠭᠠᠮᠨᠠᠬᠤ ᠶᠢ ᠵᠡᠷᠭᠡᠪᠡᠷ ᠴᠢᠬᠤᠯᠠᠴᠢᠯᠠᠵᠦ᠂ ᠪᠡᠯᠡᠳᠬᠡᠯ ᠤᠰᠤᠨ ᠰᠤᠷᠪᠤᠯᠵᠢ ᠶᠢᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠨ᠎ᠡ ᠤᠰᠤᠨ ᠰᠤᠷᠪᠤᠯᠵᠢ ᠶᠢᠨ | ᠭᠠᠵᠠᠷ ᠢ ᠦᠷᠭᠦᠯᠵᠢᠯᠡᠨ ᠡᠷᠢᠯᠬᠢᠯᠡᠵᠦ᠂ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ᠃ | ᠬᠤᠲᠠ ᠶᠢᠨ ᠴᠢᠳᠠᠮᠵᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠰᠢᠰᠲ᠋ᠧᠮᠲᠦ ᠦᠵᠡᠯᠲᠡ ᠪᠠᠷ | ᠬᠤᠲᠠ ᠶᠢᠨ ᠰᠢᠨᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠵᠢᠯ ᠤᠨ ᠳᠣᠲᠣᠷ᠎ᠠ ᠤᠷᠤᠭᠰᠢᠯᠠᠯᠲᠠ ᠵᠠᠮ᠂ ᠴᠠᠢ | ᠮᠣᠷᠢᠨ ᠤ ᠶᠡᠭᠡ ᠵᠠᠮ ᠤᠨ ᠤᠰᠤ ᠬᠠᠩᠭᠠᠬᠤ ᠬᠤᠭᠤᠯᠠᠶ ᠶᠢᠨ ᠲᠣᠣᠷ ᠢ ᠥᠭᠡᠷᠡᠴᠢᠯᠡᠬᠦ᠂ ᠤᠮᠠᠷᠠᠲᠤ ᠬᠢᠯᠢ ᠵᠡᠭᠡᠯᠢ ᠶᠢᠨ | ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ᠂ ᠡᠮᠦᠨ᠎ᠡ ᠬᠥᠭᠦᠷᠭᠡ ᠶᠢᠨ ᠭᠠᠵᠠᠷ ᠳᠣᠣᠷᠠᠬᠢ ᠶᠡᠷᠦᠩᠬᠡᠶᠢᠯᠡᠭᠰᠡᠨ | ᠬᠤᠭᠤᠯᠠᠶ ᠶᠢᠨ ᠬᠤᠩᠭᠢᠯ ᠵᠡᠷᠭᠡ ᠢᠨᠵᠧᠨᠧᠷᠢᠩ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ᠃ ᠳᠣᠯᠠᠭᠠᠯᠠᠭ᠎ᠠ ᠶᠢᠨ | ᠢᠨᠵᠧᠨᠧᠷᠢᠩ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ 9 ᠢᠯᠴᠢ ᠰᠣᠯᠢᠯᠴᠠᠬᠤ ᠥᠷᠲᠡᠭᠡ ᠶᠢ | ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠠᠶᠢᠵᠢᠷᠠᠭᠤᠯᠵᠤ᠂ ᠢᠯᠴᠢ ᠬᠠᠩᠭᠠᠬᠤ ᠬᠤᠭᠤᠯᠠᠶ ᠶᠢᠨ ᠲᠣᠤᠷ ᠢ 38.6 | ᠺᠢᠯᠣᠮᠧᠲᠷ ᠥᠭᠡᠷᠡᠴᠢᠯᠡᠨ ᠰᠠᠶᠢᠵᠢᠷᠠᠭᠤᠯᠵᠤ᠂ ᠯᠢᠶᠠᠨ ᠶᠤᠸᠠᠨ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠬᠦ | ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ | ᠰᠠᠶᠢᠵᠢᠷᠠᠭᠤᠯᠣᠯᠳᠠ ᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠡᠶᠢᠭᠡᠮ ᠤᠨ | ᠬᠥᠷᠥᠩᠭᠡ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠬᠠᠭᠤᠴᠢᠨ ᠪᠠᠶᠢᠰᠢᠩ ᠭᠡᠷ ᠢ ᠨᠣᠷᠠᠭᠠᠨ | ᠦᠭᠡᠷᠡᠴᠢᠯᠡᠬᠦᠯᠵᠦ᠂ ᠪᠡᠯᠡᠨ ᠭᠡᠷ ᠪᠠᠶᠢᠰᠢᠩ ᠤᠨ ᠪᠣᠷᠣᠯᠠᠭᠤᠯᠭ᠎ᠠ ᠶᠢᠨ ᠳᠦᠷᠢᠮ ᠢ ᠰᠦᠪᠡᠭᠴᠢᠯᠡᠨ ᠬᠡᠷᠡᠭᠵᠢᠭᠦᠯᠵᠦ᠂ | ᠵᠦᠩ ᠵᠢᠩ ᠬᠤᠸᠠ ᠹᠦ᠋᠂ ᠵᠢᠶᠦ᠋ᠨ ᠸᠧᠢ ᠱᠧᠦ ᠹᠦ᠋ ᠰᠠᠭᠤᠭᠠᠯᠢ ᠳᠣᠭᠤᠷᠢᠭ ᠤᠨ ᠬᠤᠶᠠᠳᠤᠭᠠᠷ ᠬᠤᠭᠤᠴᠠᠭ᠎ᠠ ᠵᠡᠷᠭᠡ | 4 ᠰᠠᠭᠤᠭᠠᠯᠢ ᠲᠣᠭᠤᠷᠢᠭ ᠤᠨ ᠪᠦᠳᠦᠭᠡᠨ ᠪᠠᠶᠢᠭᠤᠯᠣᠯᠳᠠ ᠪᠠ ᠪᠣᠷᠣᠯᠠᠭᠤᠯᠣᠯᠳᠠ ᠶᠢ ᠲᠦᠯᠬᠢᠨ ᠠᠬᠢᠭᠤᠯᠤᠨ᠎ᠠ᠃ | ᠪᠠᠷᠠᠭᠤᠨ ᠳᠣᠭᠤᠷᠢᠭ ᠤᠨ 110 ᠺᠢᠯᠤᠸᠤᠯᠲ ᠤᠨ ᠬᠦᠴᠦᠳᠡᠯ ᠥᠭᠡᠷᠡᠴᠢᠯᠡᠬᠦ ᠥᠷᠲᠡᠭᠡ ᠵᠡᠷᠭᠡ ᠴᠠᠬᠢᠯᠭᠠᠨ | ᠬᠠᠩᠭᠠᠬᠤ ᠢᠨᠵᠧᠨᠧᠷᠢᠩ ᠢ ᠰᠢᠨ᠎ᠡ ᠪᠠᠷ ᠪᠠᠶᠢᠭᠤᠯᠤᠨ᠎ᠠ᠃ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠪᠠᠭᠠᠨ᠎ᠠ ᠶᠢᠨ | ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠳᠥᠯᠭᠢᠨ ᠠᠬᠢᠭᠤᠯᠵᠤ᠂ ᠪᠣᠬᠢᠷᠲᠤᠯ ᠥᠬᠡᠶ ᠪᠠᠷ ᠬᠡᠷᠡᠭᠯᠡᠭᠡ ᠶᠢ | ᠠᠬᠢᠭᠤᠯᠪᠠ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠳᠡᠭᠡᠭᠰᠢᠯᠡᠭᠦᠯᠬᠦ ᠪᠠ ᠴᠡᠭᠴᠡᠯᠡᠨ ᠵᠠᠰᠠᠬᠤ | ᠢᠨᠵᠧᠨᠧᠷᠢᠩ ᠢ ᠦᠷᠭᠦᠯᠵᠢᠯᠡᠨ ᠥᠷᠨᠢᠭᠦᠯᠵᠦ᠂ ᠴᠡᠪᠡᠷ ᠳᠣᠬᠢᠯᠢᠭ ᠡᠮᠬᠢ ᠴᠡᠭᠡᠴᠢ ᠣᠷᠣᠰᠢᠨ ᠰᠠᠭᠤᠷᠢᠰᠢᠬᠤ | ᠣᠷᠴᠢᠨ ᠳᠣᠭᠤᠷᠢᠨ ᠢ ᠪᠦᠳᠦᠭᠡᠨ ᠪᠠᠶᠢᠭᠤᠯᠣᠨ᠎ᠠ᠃ ᠣᠷᠣᠨ ᠰᠠᠭᠤᠴᠠ ᠶᠢᠨ ᠠᠳᠠᠯ ᠠᠬᠤᠢ ᠶᠢᠨ ᠦᠢᠯᠡᠴᠢᠯᠡᠭᠡ ᠶᠢ | ᠨᠡᠶᠢᠳᠡᠮ ᠪᠦᠷᠬᠦᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠶᠡᠭᠡ ᠪᠠᠷ ᠪᠠᠭ᠎ᠠ ᠶᠢ | ᠳᠠᠶᠢᠴᠢᠯᠠᠬᠤ᠂ ᠠᠯᠪᠠᠨ ᠤ ᠪᠠᠶᠢᠭᠤᠯᠣᠯᠳᠠ ᠪᠠᠷ ᠬᠤᠪᠢ ᠶᠢ ᠳᠠᠶᠢᠴᠢᠯᠠᠬᠤ᠂ ᠨᠠᠶᠢᠳᠠᠨ ᠬᠠᠮᠢᠶᠠᠷᠣᠭᠤᠯᠬᠤ ᠪᠠᠷ | ᠣᠷᠣᠯᠠᠨ ᠬᠠᠮᠢᠶᠠᠷᠠᠭᠤᠯᠬᠤ᠂ ᠰᠠᠭᠤᠭᠠᠯᠢ ᠠᠷᠠᠳ ᠦᠪᠡᠷᠰᠡᠳ ᠢᠶᠠᠨ ᠬᠠᠮᠢᠶᠠᠷᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠨ᠂ ᠠᠳᠠᠯ ᠠᠬᠤᠢ ᠦᠭᠡᠢ ᠰᠠᠭᠤᠭᠠᠯᠢ ᠲᠣᠭᠤᠷᠢᠭ ᠤᠨ ᠠᠳᠠᠯ ᠠᠬᠤᠢ ᠪᠤᠶᠤ ᠳᠡᠰᠯᠡᠬᠦ ᠠᠳᠠᠯ ᠠᠬᠤᠢ ᠶᠢᠨ | ᠬᠠᠮᠢᠶᠠᠷᠤᠯᠲᠠ ᠶᠢ ᠪᠡᠶᠡᠯᠡᠭᠦᠯᠬᠦ ᠶᠢ ᠠᠬᠢᠭᠤᠯᠤᠨ᠎ᠠ᠃ ᠬᠤᠲᠠ ᠶᠢᠨ ᠲᠥᠯᠥᠪᠵᠢᠭᠦᠯᠭᠡ ᠶᠢᠨ ᠬᠠᠤᠯᠢ | ᠬᠡᠷᠡᠭᠵᠢᠬᠦᠯᠦᠯᠳᠠ ᠶᠢ ᠴᠢᠩᠭᠠᠳᠬᠠᠵᠤ᠂ ᠲᠠᠰ ᠳᠠᠷᠠᠭᠠᠯᠠᠯ ᠢᠶᠠᠷ ᠬᠢᠨᠠᠨ ᠵᠥᠪᠰᠢᠶᠡᠷᠡᠬᠦ ᠶᠢ ᠴᠢᠩᠳᠠᠯᠠᠵᠤ᠂ | ᠬᠤᠪᠢ ᠪᠠᠷ ᠢᠶᠠᠨ ᠳᠤᠷ᠎ᠠ ᠪᠠᠷ ᠢᠶᠠᠨ ᠪᠠᠶᠢᠭᠤᠯᠬᠤ ᠶᠢ ᠴᠢᠩᠭ᠎ᠠ ᠬᠢᠵᠠᠭᠠᠷᠯᠠᠨ᠎ᠠ᠃ ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠯᠠᠪᠳᠠᠭᠤᠨ ᠢᠶᠠᠷ ᠰᠢᠢᠳᠪᠣᠷᠢᠯᠡᠵᠦ᠂ | ᠲᠡᠮᠦᠷ ᠵᠠᠮ ᠤᠨ 4 ᠰᠠᠭᠤᠭᠠᠯᠢ ᠲᠣᠭᠤᠷᠢᠭ ᠤᠨ 1830 ᠡᠷᠦᠬᠡ ᠰᠠᠭᠤᠭᠠᠯᠢ ᠠᠷᠠᠳ ᠤᠨ ᠣᠷᠣᠨ ᠰᠠᠭᠤᠴᠠ ᠶᠢᠨ | ᠦᠨᠡᠮᠯᠡᠯ ᠤᠨ ᠬᠦᠢᠴᠡᠳᠬᠡᠯ ᠠᠵᠢᠯ ᠢ ᠴᠢᠷᠮᠠᠶᠢᠨ ᠪᠡᠶᠡᠯᠡᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠬᠤᠴᠠ ᠶᠢ ᠲᠦᠷᠭᠡᠳᠬᠡᠨ᠎ᠡ᠃ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠳᠠᠬᠢᠨ ᠶᠠᠳᠠᠭᠤᠷᠠᠯ ᠳᠤ ᠣᠷᠣᠬᠤ ᠦᠭᠡᠢ ᠪᠠᠶᠢᠬᠤ ᠶᠢ | ᠪᠠᠳᠣᠯᠠᠨ᠎ᠠ᠃ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ | ᠲᠦᠭᠡᠭᠡᠯ ᠤᠰᠤ ᠶᠢ ᠡᠷᠦᠬᠡ ᠳᠤ ᠣᠷᠣᠭᠤᠯᠬᠤ᠂ ᠬᠥᠳᠡᠭᠡ ᠲᠣᠰᠬᠤᠨ ᠤ ᠴᠠᠬᠢᠯᠭᠠᠨ ᠲᠣᠣᠷ ᠢ ᠪᠠᠬᠢᠵᠢᠭᠦᠯᠦᠨ | ᠰᠠᠶᠢᠵᠢᠷᠠᠭᠤᠯᠬᠤ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ | ᠰᠠᠶᠢᠬᠤᠰᠦ — ᠡᠷᠳᠡᠨᠢᠭᠤᠪᠢ ᠵᠡᠷᠭᠡ 7 ᠵᠤᠷᠪᠤᠰ ᠵᠠᠰᠠᠮᠠᠯ ᠵᠠᠮ ᠢ ᠪᠠᠶᠢᠭᠤᠯᠤᠨ ᠠᠰᠢᠭᠯᠠᠯᠳᠠ ᠳᠤ ᠣᠷᠣᠭᠤᠯᠣᠨ᠎ᠠ᠃ | ᠲᠠᠷᠢᠶᠠᠯᠠᠩ ᠮᠠᠯ ᠠᠵᠤ ᠠᠬᠤᠶ ᠶᠢ ᠬᠡᠪᠴᠢᠶᠡᠵᠢᠭᠦᠯᠬᠦ᠂ ᠠᠵᠤ ᠦᠢᠯᠡᠰᠵᠢᠬᠦᠯᠬᠦ᠂ ᠨᠠᠷᠠᠲᠤ ᠲᠡᠮᠳᠡᠭᠵᠢᠭᠦᠯᠬᠦ ᠶᠢ | ᠠᠬᠢᠭᠤᠯᠵᠦ᠂ ᠡᠷᠳᠡᠨᠢᠭᠤᠪᠢ ᠭᠠᠴᠠᠭ᠎ᠠ ᠶᠢᠨ ᠪᠡᠯᠴᠢᠭᠡᠷᠯᠡᠭᠦᠯᠬᠦ ᠶᠢ ᠵᠣᠭᠰᠣᠭᠠᠬᠤ ᠲᠤᠷᠰᠢᠯᠲᠠ ᠶᠢᠨ ᠴᠢᠭ ᠲᠠᠢ | ᠤᠶᠠᠯᠳᠤᠭᠤᠯᠤᠨ᠂ ᠭᠠᠮᠰᠢᠭ ᠢ ᠰᠡᠷᠭᠡᠶᠢᠯᠡᠬᠦ ᠲᠡᠵᠢᠭᠡᠯ ᠡᠪᠡᠰᠦ ᠪᠣᠷᠳᠤᠭ᠎ᠠ ᠡᠳ᠋ᠰᠢᠭᠦᠯᠦᠨ ᠨᠥᠭᠡᠴᠡᠯᠡᠬᠦ ᠰᠠᠭᠤᠷᠢᠨ | ᠭᠠᠵᠠᠷ᠂ ︽ᠳᠡᠮᠡᠭᠡᠨ ᠰᠦ︾ ᠲᠡᠮᠡᠭᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠪᠧᠨ ᠪᠧᠨ ᠰᠢᠯᠢᠳᠡᠭ | ᠡᠭᠦᠯᠳᠡᠷ ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠭᠤᠷᠪᠠᠳᠤᠭᠠᠷ ᠬᠤᠭᠤᠴᠠᠭ᠎ᠠ ᠵᠡᠷᠭᠡ | ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ᠂ | ᠲᠡᠮᠡᠭᠡ ᠵᠡᠷᠭᠡ ᠲᠡᠵᠢᠭᠡᠨ ᠦᠷᠡᠵᠢᠭᠦᠯᠬᠦ ᠦᠢᠯᠡᠰ ᠢ ᠪᠤᠵᠠᠭᠠᠶᠢᠷᠠᠭᠤᠯᠵᠤ᠂ ᠢᠩᠭᠡᠨ ᠰᠦ ᠶᠢᠨ ᠠᠵᠤ ᠦᠢᠯᠡᠰ ᠢ | ᠬᠥᠭᠵᠢᠭᠦᠯᠦᠨ᠎ᠡ᠃ ᠰᠠᠶᠢᠬᠤᠰᠤ ᠶᠢᠨ ᠰᠢᠨ᠎ᠡ ᠬᠡᠯᠪᠡᠷᠢ ᠶᠢᠨ ᠬᠦᠯᠡᠮᠵᠢ ᠶᠢᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠪᠣᠬᠢᠷᠲᠤᠯ ᠦᠭᠡᠢ ᠢᠳᠡᠰᠢᠨ ᠨᠣᠭᠤᠭ᠎ᠠ ᠶᠢ ᠬᠦᠷᠦᠰᠦ ᠦᠭᠡᠢ ᠳᠠᠷᠢᠵᠤ | ᠪᠤᠶᠢᠵᠢᠭᠤᠯᠬᠤ ᠮᠡᠷᠭᠡᠵᠢᠯ ᠢ ᠳᠡᠯᠭᠡᠷᠡᠭᠦᠯᠵᠦ᠂ ᠪᠣᠬᠢᠷᠲᠤᠯ ᠦᠭᠡᠢ ᠲᠠᠷᠢᠮᠠᠯ ᠤᠨ ᠦᠢᠯᠡᠰ ᠢ ᠰᠢᠯᠢᠳᠡᠭᠵᠢᠭᠦᠯᠦᠨ᠎ᠡ᠃ | ᠭᠠᠴᠠᠭᠠᠨ ᠤ ᠬᠠᠮᠲᠤ ᠶᠢᠨ ᠠᠵᠤ ᠠᠬᠤᠶ ᠶᠢᠨ ᠺᠣᠮᠫᠠᠨᠢᠴᠢᠯᠠᠭᠰᠠᠨ ᠡᠵᠡᠩᠨᠡᠯᠲᠡ ᠶᠢᠨ ᠵᠠᠭᠪᠤᠷ ᠢ ᠢᠳᠡᠪᠬᠢᠲᠡᠶ ᠪᠠᠷ | ᠬᠠᠶᠢᠨ ᠰᠦᠪᠡᠭᠴᠢᠯᠡᠵᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠦᠭᠵᠢᠬᠦᠯᠵᠦ᠂ ᠮᠠᠯᠴᠢᠨ ᠲᠠᠷᠢᠶᠠᠴᠢᠨ ᠤ | ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ | ︵ᠲᠠᠪᠤ︶ ᠠᠷᠠᠳ ᠤᠨ ᠠᠮᠢᠳᠤᠷᠠᠯ ᠤᠨ ᠬᠦᠰᠡᠯ ᠱᠠᠭᠠᠷᠳᠠᠯᠭ᠎ᠠ ᠶᠢᠨ ᠰᠢᠪᠳᠣᠯᠣᠯᠳᠠ ᠳᠤ ᠠᠩᠬᠠᠷᠤᠯ ᠢᠶᠠᠨ | ᠲᠦᠪᠯᠡᠷᠡᠬᠦᠯᠦᠨ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠲᠠᠯ᠎ᠠ ᠪᠠᠷ ᠪᠣᠳᠠᠲᠠᠢ ᠠᠷᠭ᠎ᠠ ᠭᠠᠷᠭᠠᠵᠤ | ᠂ ᠪᠣᠳᠠᠲᠠᠢ ᠠᠵᠢᠯ ᠬᠢᠨ᠎ᠡ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠵᠤ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠲᠥᠷᠥ ᠶᠢᠨ | ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯ ᠣᠯᠭᠤᠬᠤ ᠠᠷᠭ᠎ᠠ ᠵᠠᠮ ᠢ ᠢᠳᠡᠪᠬᠢᠲᠡᠢ ᠪᠠᠷ ᠥᠷᠭᠡᠳᠬᠡᠨ᠂ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠠᠵᠢᠯ ᠣᠯᠬᠤ ᠳᠤ ᠬᠦᠴᠢᠷᠲᠡᠶ | ᠬᠥᠮᠦᠰ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠠᠬᠢᠭᠤᠯᠵᠤ᠂ ᠬᠤᠲᠠ ᠪᠠᠯᠭᠠᠰᠤ ᠶᠢᠨ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3% ᠶᠢᠨ ᠳᠣᠲᠣᠷ᠎ᠠ ᠬᠢᠵᠠᠭᠠᠷᠯᠠᠬᠤ ᠶᠢ ᠪᠠᠲᠤᠯᠠᠨ᠎ᠠ᠃ | ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠳᠤᠮᠳᠠ | ᠵᠢᠵᠢᠭ ᠪᠢᠴᠢᠯ ᠠᠵᠤ ᠠᠬᠤᠶᠢᠯᠠᠯ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠵᠢᠯ ᠡᠷᠭᠢᠯᠡᠭᠰᠡᠳ ᠤᠨ | ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠳᠤ ᠣᠷᠣᠯᠴᠠᠬᠤ ᠶᠢ ᠬᠥᠲᠥᠯᠦᠨ | ᠵᠢᠯᠣᠭᠤᠳᠬᠤ ᠪᠠ ᠵᠣᠷᠢᠭᠵᠢᠭᠤᠯᠵᠤ᠂ ᠡᠮ ᠡᠮᠨᠡᠯᠭᠡ ᠶᠢᠨ ᠳᠠᠭᠠᠳᠬᠠᠯ᠂ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠬᠦᠷᠢᠶᠡᠨ ᠳᠠᠬᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠠᠮᠤᠷᠬᠤ | ᠬᠡᠪᠴᠢᠶ᠎ᠡ ᠶᠢ ᠥᠷᠭᠡᠳᠬᠡᠨ᠎ᠡ᠃ ᠳᠡᠰ ᠲᠥᠷᠥᠯ ᠬᠤᠪᠢᠶᠠᠨ ᠨᠡᠶᠢᠭᠡᠮ ᠤᠨ ᠳᠡᠳᠬᠦᠨ ᠲᠤᠰᠠᠯᠠᠬᠤ ᠰᠢᠰᠲ᠋ᠧᠮ ᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠬᠦᠷᠲᠡᠭᠰᠡᠳ᠂ ᠥᠨᠥᠴᠢᠨ ᠬᠡᠦᠬᠡᠳ᠂ ᠵᠡᠮᠳᠡᠭᠴᠣᠳ ᠵᠡᠷᠭᠡ ᠬᠦᠴᠢᠷᠳᠡᠯᠲᠡᠶ ᠬᠥᠮᠦᠰ ᠢ ᠳᠡᠳᠬᠦᠨ ᠲᠤᠰᠠᠯᠠᠬᠤ | ᠪᠠᠲᠤᠯᠠᠭ᠎ᠠ ᠶᠢᠨ ᠪᠠᠷᠢᠮᠵᠢᠶ᠎ᠠ ᠶᠢ ᠬᠥᠳᠡᠯᠦᠩᠭᠦᠶ ᠪᠠᠷ ᠳᠣᠭᠢᠷᠠᠭᠤᠯᠤᠨ᠂ ᠣᠷᠣᠯᠭ᠎ᠠ ᠪᠠᠭᠠᠲᠠᠶ ᠬᠥᠮᠦᠨ ᠠᠮᠠ ᠳᠤ | ᠠᠩᠬᠠᠷᠣᠯ ᠳᠠᠯᠪᠢᠬᠤ ᠪᠠ ᠪᠠᠶᠢᠩᠭᠤ ᠳᠡᠳᠬᠦᠨ ᠲᠤᠰᠠᠯᠠᠵᠤ ᠬᠠᠪᠰᠣᠷᠴᠦ᠂ ᠠᠷᠠᠳ ᠤᠨ ᠠᠮᠢᠳᠤᠷᠠᠯ ᠤᠨ ᠬᠤᠷᠢᠭ᠎ᠠ | ᠱᠤᠭᠤᠮ ᠢ ᠪᠠᠲᠤ ᠰᠠᠬᠢᠨ᠎ᠠ᠃ ᠨᠠᠰᠤᠲᠠᠨ ᠢ ᠠᠰᠠᠷᠠᠬᠤ ᠪᠠ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ | ᠦᠢᠯᠡᠴᠢᠯᠡᠭᠡ ᠶᠢ ᠥᠷᠭᠡᠳᠬᠡᠵᠦ᠂ ᠨᠠᠰᠤᠵᠢᠯ ᠤᠨ ᠠᠰᠠᠷᠠᠮᠵᠢ᠂ ᠬᠥᠩᠭᠡᠵᠢᠯ᠂ ᠠᠰᠠᠷᠠᠨ ᠬᠥᠮᠦᠵᠢᠭᠦᠯᠬᠦ ᠥᠪᠡᠷ ᠤᠨ | ᠥᠷᠲᠡᠭ ᠢ ᠴᠢᠷᠮᠠᠶᠢᠨ ᠪᠠᠭᠤᠷᠠᠭᠤᠯᠤᠨ᠎ᠠ᠃ | ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠎ᠡ᠃ ᠰᠤᠷᠭᠠᠨ ᠬᠥᠮᠦᠵᠢᠯ ᠤᠨ | ᠰᠤᠷᠭᠠᠭᠤᠯᠢ ᠡᠷᠭᠢᠯᠡᠬᠦ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠳᠥᠷᠪᠡᠳᠦᠭᠡᠷ ᠪᠠᠭ᠎ᠠ ᠰᠤᠷᠭᠠᠭᠤᠯᠢ ᠶᠢ | ᠨᠡᠭᠦᠯᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠣᠷᠢᠳᠠᠪᠡᠷ ᠳᠦᠯᠬᠢᠨ ᠠᠬᠢᠭᠤᠯᠵᠦ᠂ ᠭᠤᠷᠪᠠᠳᠤᠭᠠᠷ | ᠳᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠠᠶ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ | ᠪᠠᠶᠢᠷᠢ ᠶᠢ ᠰᠡᠯᠪᠢᠨ ᠵᠠᠰᠠᠬᠤ ᠵᠡᠷᠭᠡ ᠲᠥᠷᠥᠯ ᠵᠦᠢᠯ ᠢ ᠡᠬᠢᠯᠡᠬᠦᠯᠦᠨ᠎ᠡ᠃ ᠪᠦᠯᠦᠭᠵᠢᠭᠦᠯᠦᠨ ᠰᠤᠷᠭᠠᠭᠤᠯᠢ ᠡᠷᠬᠢᠯᠡᠬᠦ᠂ | ︽ᠬᠤᠲᠠ ᠠᠴᠠ ᠬᠠᠮᠢᠶᠠᠷᠴᠤ ᠰᠤᠷᠭᠠᠭᠤᠯᠢ ᠤᠷᠢᠬᠤ︾ ᠵᠡᠷᠭᠡ ᠥᠭᠡᠷᠡᠴᠢᠯᠡᠯᠲᠡ ᠶᠢ ᠰᠦᠪᠡᠭᠴᠢᠯᠡᠨ ᠬᠡᠷᠡᠭᠵᠢᠬᠦᠯᠵᠦ᠂ | ᠰᠣᠷᠭᠠᠨ ᠬᠦᠮᠦᠵᠢᠯ ᠤᠨ ᠶᠠᠰᠦ ᠴᠢᠨᠠᠷ ᠢ ᠪᠦᠬᠦ ᠳᠠᠯ᠎ᠠ ᠪᠠᠷ ᠳᠡᠭᠡᠭᠰᠢᠯᠡᠭᠦᠯᠦᠨ᠎ᠡ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠳᠦᠬᠡᠮᠡᠯᠵᠢᠯᠳᠠ ᠪᠠ ᠬᠠᠷᠠᠭᠠᠯᠵᠠᠯᠳᠠ ᠶᠢᠨ | ᠬᠢᠨᠠᠨ ᠰᠢᠯᠭᠠᠯᠳᠠ ᠶᠢ ᠤᠷᠤᠭᠰᠢᠲᠠᠶ ᠦᠩᠭᠡᠷᠡᠬᠦᠯᠬᠦ ᠶᠢ ᠪᠠᠲᠤᠯᠠᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠡᠷᠡᠰ ᠭᠤᠶᠢᠪᠢᠰᠢ ᠦᠭᠡᠢ | ᠬᠡᠷᠡᠭᠵᠢᠭᠦᠯᠵᠦ᠂ ᠨᠢᠭᠡᠳᠦᠯᠲᠡᠶ ᠨᠠᠶᠢᠷᠠᠭᠤᠯᠤᠭᠰᠠᠨ ᠭᠤᠷᠪᠠᠨ ᠬᠢᠴᠢᠶᠡᠯ ᠲᠥᠷᠥᠯ ︽ᠨᠢᠭᠡ ᠬᠠᠭᠤᠳᠠᠰᠤ︾ ᠪᠣᠯᠬᠤ ᠶᠢ | ᠵᠢᠯ ᠤᠨ ᠳᠣᠳᠣᠷ᠎ᠠ ᠪᠡᠶᠡᠯᠡᠬᠦᠯᠦᠨ᠎ᠡ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠦᠷ᠎ᠡ | ᠪᠦᠲᠦᠭᠡᠯ ᠤᠨ ᠬᠡᠷᠡᠭᠯᠡᠯᠲᠡ ᠶᠢ ᠲᠦᠷᠭᠡᠳᠬᠡᠵᠦ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ︽ | ᠭᠤᠷᠪᠠᠨ ᠡᠮᠴᠢᠯᠡᠭᠡᠨ ᠤ ᠬᠤᠯᠪᠣᠭᠠᠯᠠᠨ ᠬᠥᠳᠡᠯᠦᠯᠴᠡᠬᠦ︾ ᠶᠢ ᠭᠦᠨᠵᠡᠭᠡᠶᠢᠷᠡᠭᠦᠯᠦᠨ᠂ ᠭᠤᠷᠪᠠᠳᠤᠭᠠᠷ ᠳᠡᠰ ᠤᠨ ᠬᠥᠬᠡ | ᠵᠡᠷᠭᠡᠯᠡᠯ ᠤᠨ ᠡᠮᠨᠡᠯᠭᠡ ᠶᠢᠨ ᠬᠤᠷᠢᠶ᠎ᠠ ᠲᠠᠢ ᠬᠤᠯᠪᠣᠭᠠᠯᠠᠨ ᠳᠦᠰᠢᠭᠯᠡᠯᠴᠡᠵᠦ ᠬᠠᠮᠳᠣᠷᠠᠯᠴᠠᠨ᠂ ᠡᠮᠴᠢᠯᠡᠭᠡᠨ ᠤ | ᠴᠢᠳᠠᠪᠤᠷᠢᠲᠠᠨ ᠢ ︽ᠣᠷᠣᠭᠤᠯᠬᠤ᠂ ᠬᠥᠮᠦᠵᠢᠭᠦᠯᠬᠦ᠂ ᠬᠡᠷᠡᠭᠯᠡᠬᠦ᠂ ᠦᠯᠡᠳᠡᠭᠡᠬᠦ︾ ᠬᠠᠮ ᠨᠢᠳᠣᠷᠭ᠎ᠠ ᠶᠢ ᠰᠠᠶᠢᠳᠣᠷ | ᠠᠳᠬᠤᠵᠦ᠂ ᠡᠮᠴᠢᠯᠡᠭᠡᠨ ᠤ ᠠᠪᠤᠷᠠᠨ ᠵᠠᠰᠠᠬᠤ ᠬᠢᠷᠢ ᠬᠡᠮᠵᠢᠶ᠎ᠡ ᠶᠢ ᠣᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠡᠮᠴᠢᠯᠡᠭᠡᠨ ᠤ ᠳᠣᠨᠤᠭ ᠳᠦᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠡᠪᠡᠳᠴᠢᠨ ᠡᠮᠭᠡᠭ ᠢ ᠰᠡᠷᠬᠡᠶᠢᠯᠡᠨ | ᠡᠵᠡᠮᠳᠡᠬᠦ ᠶᠡᠷᠦᠩᠬᠡᠶᠢᠯᠡᠭᠰᠡᠨ ᠠᠰᠠᠷ᠂ ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ | ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ ᠵᠡᠷᠭᠡ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ | ᠬᠢᠲᠠᠳ ᠡᠮᠨᠡᠯᠭᠡ ᠶᠢᠨ ᠬᠤᠷᠢᠶ᠎ᠠ ᠶᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠦᠨᠳᠦ ᠶᠡᠭᠡ ᠬᠢᠵᠢᠭ ᠤᠨ ᠪᠠᠶᠢᠳᠠᠯ ᠪᠠ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ︽ᠳᠥᠷᠪᠡᠨ ᠬᠠᠮᠤᠭ ᠴᠢᠩᠭ᠎ᠠ︾ ᠱᠠᠭᠠᠷᠳᠠᠯᠭ᠎ᠠ ᠶᠢ | ᠪᠠᠷᠢᠮᠲᠠᠯᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠣᠯᠠᠨ | ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃ | ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠢ | ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠨᠠᠢᠮᠠ ᠶᠢ ᠣᠷᠣᠭᠤᠯᠬᠤ︾ | ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠦᠨᠳᠦᠰᠦᠲᠡᠨ ᠨᠦᠭᠦᠳ ᠤᠨ ᠬᠠᠷᠢᠯᠴᠠᠭ᠎ᠠ ᠰᠣᠯᠢᠯᠴᠠᠭ᠎ᠠ | ᠠᠭᠤᠰᠤᠯᠴᠠᠯ ᠤᠨ ︽ᠭᠤᠷᠪᠠᠨ ᠵᠦᠢᠯ ᠤᠨ ᠲᠥᠯᠥᠪᠯᠡᠭᠡ︾ ᠶᠢ ᠰᠢᠨᠡᠴᠢᠯᠡᠨ ᠬᠡᠷᠡᠭᠵᠢᠭᠦᠯᠵᠦ᠂ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠪᠠᠶᠢᠭᠤᠯᠤᠨ᠎ᠠ᠃ ᠰᠢᠨ᠎ᠡ | ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠬᠠᠣᠯᠢᠵᠢᠯᠳᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ︽ | ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ+ ᠰᠠᠶᠢᠨ ᠳᠤᠷ᠎ᠠ ᠶᠢᠨ ᠦᠢᠯᠡᠴᠢᠯᠡᠭᠡ︾ ᠶᠢᠨ ᠰᠢᠨ᠎ᠡ | ᠵᠠᠭᠪᠤᠷ ᠢ ᠰᠦᠪᠡᠭᠴᠢᠯᠡᠵᠦ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ | ᠴᠤᠬᠤᠶᠢᠵᠤ ᠪᠠᠶᠢᠭ᠎ᠠ ᠦᠶ᠎ᠡ ᠳᠤᠨᠢ ᠠᠷᠢᠯᠭᠠᠬᠤ ᠪᠠᠷ ᠴᠢᠷᠮᠠᠶᠢᠨ᠎ᠠ᠃ ᠠᠶᠣᠯ ᠦᠭᠡᠢ ᠦᠢᠯᠡᠳᠪᠣᠷᠢᠯᠡᠯ ᠢ | ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ | ᠠᠬᠢᠭᠤᠯᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠵᠦ᠂ ᠠᠮᠤᠷ ᠲᠦᠪᠰᠢᠨ ᠤ ᠭᠡᠷᠡᠭ | ᠣᠴᠢᠷ ᠡᠬᠦᠰᠬᠦ ᠶᠢ ᠡᠷᠡᠰ ᠰᠡᠷᠬᠡᠶᠢᠯᠡᠨ᠎ᠡ᠃ ᠬᠦᠨᠳᠦ ᠶᠡᠭᠡ ᠠᠶᠤᠯ ᠳᠦᠭᠰᠢᠬᠦᠷᠢ ᠶᠢ ᠦᠷᠭᠦᠯᠵᠢᠯᠡᠨ ᠰᠡᠷᠭᠡᠢᠯᠡᠨ | ᠠᠷᠢᠯᠭᠠᠵᠤ᠂ ᠦᠯᠡᠳᠡᠭᠳᠡᠯ ᠥᠷᠢ ᠥᠭᠴᠡᠭᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠷᠢᠯᠭᠠᠨ᠂ ᠳᠠᠯᠳᠠ | ᠥᠷᠢ ᠥᠭᠴᠡᠭᠡ ᠶᠢᠨ ᠰᠢᠨ᠎ᠡ ᠪᠠᠷ ᠨᠡᠮᠡᠭᠳᠡᠬᠦ ᠶᠢ ᠴᠢᠩᠭ᠎ᠠ ᠰᠡᠷᠭᠡᠢᠯᠡᠵᠦ᠂ ᠬᠦᠳᠡᠭᠡ ᠳᠣᠰᠬᠤᠨ ᠤ ᠬᠤᠷᠰᠢᠨ | ᠡᠵᠡᠩᠨᠡᠭᠰᠡᠨ ᠪᠠᠩᠬᠢ ᠶᠢᠨ ᠥᠭᠡᠷᠡᠴᠢᠯᠡᠯᠲᠡ ᠶᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ᠃ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠤᠨ᠂ ᠪᠥᠬᠦ ᠤᠯᠤᠰ ᠤᠨ ᠬᠤᠶᠠᠷ ᠢ ᠬᠦᠷᠢᠶᠡᠯᠡᠬᠦ | ᠵᠢᠱᠢᠶᠡᠴᠢ ᠬᠤᠲᠠ ᠶᠢᠨ ︽ᠲᠠᠪᠤᠨ ᠵᠢᠯ ᠳᠠᠷᠠᠭᠠᠯᠠᠨ ᠡᠭᠦᠳᠬᠦ︾ ᠶᠢ ᠪᠠᠲᠤᠯᠠᠨ᠎ᠠ᠃ ᠪᠦᠬᠦ ᠤᠯᠤᠰ ᠤᠨ ᠠᠮᠤᠭᠤᠯᠠᠩ | ᠬᠢᠯᠢ ᠶᠢᠨ ᠵᠢᠱᠢᠶᠡᠴᠢ ᠰᠢᠶᠠᠨ ᠬᠤᠲᠠ ᠶᠢ ᠢᠳᠡᠪᠬᠢᠲᠡᠢ ᠴᠣᠭᠴᠠᠯᠠᠨ ᠪᠠᠶᠢᠭᠤᠯᠵᠦ᠂ ᠨᠠᠮ ᠵᠠᠰᠠᠭ ᠴᠡᠷᠢᠭ ᠴᠠᠭᠳᠠᠭ᠎ᠠ | ᠠᠷᠠᠳ ᠤᠨ ︽ᠲᠠᠪᠤ ᠶᠢ ᠨᠢᠭᠡ ᠴᠤᠭᠴᠠᠵᠢᠭᠤᠯᠬᠤ︾ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ | ᠪᠠᠬᠢᠵᠢᠭᠦᠯᠬᠦ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠬᠠᠣᠯᠢ ᠶᠣᠰᠣᠭᠠᠷ ᠴᠣᠬᠢᠯᠲᠠ ᠦᠭᠴᠦ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠪᠥᠬᠦ | ᠬᠦᠴᠦᠨ ᠢᠶᠠᠷ ᠢᠶᠠᠨ ᠬᠠᠮᠠᠭᠠᠯᠠᠨ᠎ᠠ᠃ | ︵ᠵᠢᠷᠭᠤᠭ᠎ᠠ︶ ᠰᠤᠷᠲᠠᠯ ᠴᠡᠭᠴᠡᠯᠡᠬᠦ ᠪᠠᠶᠢᠭᠤᠯᠤᠯᠲᠠ ᠶᠢᠨ ᠰᠢᠪᠳᠣᠯᠣᠯᠳᠠ ᠳᠤ ᠠᠩᠬᠠᠷᠤᠯ ᠢᠶᠠᠨ ᠳᠦᠪᠯᠡᠷᠡᠬᠦᠯᠦᠨ | ᠂ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ | ᠦᠨᠡᠨᠴᠢ ᠰᠢᠳᠤᠷᠭᠤ ᠰᠡᠳᠬᠢᠯ ᠢᠶᠠᠨ ᠡᠭᠦᠷᠢᠳᠡ ᠬᠠᠳᠠᠭᠠᠯᠠᠨ᠎ᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ | ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ | ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ | ᠦᠭᠡᠢ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ | ᠶᠢ ᠪᠡᠶᠡᠯᠡᠬᠦᠯᠦᠨ᠎ᠡ᠃ ︽ᠤᠯᠤᠰ ᠤᠨ ᠠᠰᠢᠭ ᠢ ᠲᠡᠷᠢᠬᠦᠨ ᠳᠤ ᠳᠠᠯᠪᠢᠬᠤ︾ ᠶᠢ ᠢᠮᠠᠭᠲᠠ ᠪᠠᠲᠤ ᠴᠡᠭᠡᠵᠢᠯᠡᠵᠦ᠂ | ᠵᠠᠰᠠᠭ ᠤᠨ ᠣᠷᠳᠣᠨ ᠤ ᠠᠵᠢᠯ ᠢ ᠤᠬᠠᠮᠰᠠᠷ ᠠᠴᠠ ᠪᠠᠨ ᠶᠡᠭᠡ ᠲᠠᠯ᠎ᠠ ᠪᠠ ᠪᠦᠬᠦ ᠲᠠᠯ᠎ᠠ ᠳᠤ ᠲᠠᠯᠪᠢᠵᠤ᠂ ᠳᠡᠭᠡᠳᠦ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠣᠭ ᠶᠣᠰᠣᠭᠠᠷ ᠨᠢ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ | ᠳᠤ ᠦᠨᠡᠨᠴᠢ ᠰᠢᠳᠤᠷᠭᠤ ᠪᠠᠶᠢᠬᠤ ᠪᠠᠨ ᠢᠯᠡᠷᠡᠬᠦᠯᠦᠨ᠎ᠡ᠃ | ᠬᠠᠤᠯᠢ ᠪᠠᠷ ᠵᠠᠰᠠᠬᠤ ᠶᠢ ᠴᠢᠩᠭ᠎ᠠ ᠰᠠᠬᠢᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠤᠨ᠎ᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ᠂ | ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠣᠳᠣᠯᠳᠠ᠂ ᠡᠳ᠋ ᠤᠨ | ᠶᠠᠪᠤᠳᠠᠯ ᠤᠨ ᠬᠢᠨᠠᠯᠲᠠ ᠪᠠ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠴᠢᠨᠠᠷ ᠰᠠᠶᠢᠲᠠᠶ ᠬᠦᠢᠴᠡᠳᠬᠡᠨ᠎ᠡ᠃ | ᠣᠮᠤᠭ ᠲᠡᠭᠦᠯᠳᠡᠷ ᠢᠶᠠᠷ ᠡᠷᠡᠯᠬᠡᠭᠯᠡᠨ ᠤᠷᠤᠭᠰᠢᠯᠠᠬᠤ ᠳᠦᠷᠢ ᠪᠠᠶᠢᠳᠠᠯ ᠢ ᠪᠣᠢ ᠪᠣᠯᠭᠠᠨ᠎ᠠ᠃ ︽ᠥᠨᠥᠳᠥᠷ | ᠬᠡᠳᠦᠢ ᠣᠷᠣᠢ ᠪᠣᠯᠤᠭᠰᠠᠨ ᠴᠤ ᠡᠷᠲᠡ᠂ ᠮᠠᠷᠭᠠᠰᠢ ᠬᠡᠳᠦᠢ ᠡᠷᠲᠡ ᠪᠣᠯᠤᠭᠰᠠᠨ ᠴᠤ ᠣᠷᠣᠢ︾ ᠭᠡᠬᠦ ᠦᠷ᠎ᠡ | ᠪᠦᠲᠦᠮᠵᠢ ᠶᠢᠨ ᠤᠬᠠᠮᠰᠠᠷ ᠢ ᠪᠠᠲᠤ ᠪᠤᠢ ᠪᠣᠯᠭᠠᠵᠤ᠂ ︽ᠳᠠᠷᠦ᠋ᠢᠬᠠᠨ ᠬᠢᠵᠦ᠂ ᠰᠠᠶᠢᠲᠤᠷ ᠰᠢᠢᠳᠪᠦᠷᠢᠯᠡᠬᠦ︾ ᠶᠢ | ᠠᠵᠢᠯ ᠤᠨ ᠬᠡᠪ ᠤᠨ ᠪᠠᠶᠢᠳᠠᠯ ᠪᠣᠯᠭᠠᠵᠤ᠂ ︽ᠥᠨᠳᠥᠷ ᠪᠦᠲᠦᠮᠵᠢᠲᠡᠢ ᠪᠠᠷ ᠵᠥᠪᠳᠡᠯᠴᠡᠨ ᠲᠣᠭᠲᠠᠭᠠᠬᠤ︾᠂ ︽ | ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠪᠦᠲᠦᠭᠡᠬᠦ︾ ᠶᠢ ᠴᠢᠷᠮᠠᠶᠢᠨ ᠪᠡᠶᠡᠯᠡᠭᠦᠯᠦᠨ᠎ᠡ᠃ ᠦᠨᠡᠨ ᠢ ᠪᠠᠷᠢᠮᠲᠠᠯᠠᠨ | ᠪᠣᠳᠠᠲᠠᠢ ᠶᠢ ᠡᠷᠬᠢᠮᠯᠡᠬᠦ ᠰᠤᠷᠲᠠᠯ ᠢ ᠶᠡᠬᠡᠪᠡᠷ ᠪᠠᠳᠠᠷᠠᠭᠤᠯᠵᠤ᠂ ᠪᠣᠳᠠᠲᠤ ᠦᠷ᠎ᠡ ᠪᠦᠲᠦᠮᠵᠢ ᠶᠢᠨ ᠲᠠᠯ᠎ᠠ ᠳᠡᠭᠡᠷ᠎ᠡ | ᠢᠯᠡᠭᠦᠬᠡᠨ ᠬᠦᠴᠦ ᠣᠷᠣᠭᠤᠯᠵᠤ᠂ ᠬᠡᠯᠪᠡᠷᠢ ᠶᠢᠨ ᠲᠠᠯ᠎ᠠ ᠳᠡᠭᠡᠷ᠎ᠡ ᠳᠣᠳᠠᠭᠤ ᠴᠠᠭ ᠨᠦᠭᠴᠢᠭᠡᠨ᠂ ᠬᠠᠳᠠᠭᠠᠰᠤ | ᠬᠠᠳᠠᠬᠤ ᠵᠣᠷᠢᠭ ᠰᠠᠨᠠᠭ᠎ᠠ ᠪᠠᠷ ᠨᠢᠭᠡ ᠨᠢᠭᠡ ᠶᠠᠪᠤᠳᠠᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠢᠭᠡ ᠨᠢᠭᠡ | ᠵᠦᠢᠯ ᠢᠶᠠᠷ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ | ᠠᠷᠢᠭᠤᠨ ᠴᠢᠬᠡᠴᠢ ᠰᠤᠷᠲᠠᠯ ᠢ ᠪᠠᠳᠠᠷᠠᠭᠤᠯᠤᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠡᠶᠡᠴᠢ | ᠴᠣᠭᠴᠠ ᠶᠢᠨ ᠬᠠᠷᠢᠭᠤᠴᠠᠯᠭ᠎ᠠ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠴᠢᠩᠭ᠎ᠠ | ᠨᠠᠶᠢᠳᠠᠪᠣᠷᠢᠵᠢᠭᠤᠯᠵᠦ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ | ᠪᠠᠲᠤ ᠰᠠᠬᠢᠨ᠎ᠠ᠃ ᠳᠤᠲᠤᠨᠤ ᠴᠢᠭᠡᠴᠢ ᠵᠠᠰᠠᠭ ᠪᠠ ᠬᠤᠳᠠᠯᠳᠣᠭᠠᠴᠢᠨ ᠤ ᠬᠠᠷᠢᠴᠠᠭ᠎ᠠ ᠶᠢ ᠪᠠᠶᠢᠭᠤᠯᠵᠦ᠂ ᠦᠨᠡᠨᠴᠢ ᠪᠠᠷ | ᠶᠠᠪᠤᠯᠴᠠᠬᠤ ᠳᠤ ᠲᠤᠭᠲᠠᠭᠠᠯ ᠵᠦᠷᠢᠴᠡᠬᠦ ᠦᠭᠡᠢ᠂ ᠬᠠᠯᠠᠭᠤᠮᠰᠤᠭ ᠢᠶᠠᠷ ᠬᠠᠪᠰᠣᠷᠬᠤ ᠳᠤ ᠠᠰᠢᠭ ᠬᠠᠷᠠᠬᠤ ᠦᠭᠡᠢ | ᠪᠠᠶᠢᠬᠤ ᠶᠢ ᠪᠠᠷᠢᠮᠳᠠᠯᠠᠨ᠎ᠠ᠃ ︽ᠠᠷᠪᠢᠯᠠᠨ ᠭᠠᠮᠨᠠᠬᠤ︾ ᠶᠢ ᠪᠠᠷᠢᠮᠲᠠᠯᠠᠵᠤ᠂ ᠴᠢᠬᠤᠯᠠ ᠪᠣᠰᠦ᠂ ᠭᠤᠣᠯᠳᠠᠯᠭ᠎ᠠ ᠲᠠᠢ | ᠪᠣᠰᠦ᠂ ᠪᠠᠴᠢᠮ ᠪᠣᠰᠦ ᠵᠠᠷᠤᠯᠭ᠎ᠠ ᠶᠢ ᠤᠯᠠᠮ ᠨᠢᠭᠡ ᠠᠯᠬᠤᠮ ᠪᠠᠭᠠᠰᠬᠠᠵᠤ᠂ ︽ᠭᠤᠷᠪᠠ ᠶᠢ ᠪᠠᠲᠤᠯᠠᠬᠤ︾ ᠬᠤᠷᠢᠭ᠎ᠠ | ᠱᠤᠭᠤᠮ ᠢ ᠪᠠᠲᠤ ᠰᠠᠬᠢᠵᠤ᠂ ᠬᠢᠵᠠᠭᠠᠷ ᠲᠠᠢ ᠪᠡᠯᠡ ᠮᠥᠩᠭᠦ ᠶᠢᠨ ᠬᠥᠭᠵᠢᠯᠲᠡ ᠶᠢ ᠠᠬᠢᠭᠤᠯᠬᠤ ᠳᠤ ᠵᠠᠷᠣᠴᠠᠭᠤᠯᠵᠦ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠡᠭᠡᠷ᠎ᠡ ᠬᠡᠷᠡᠭᠯᠡᠨ᠎ᠡ᠃ | ᠪᠣᠭᠤᠮᠲᠠ ᠶᠢᠨ ᠬᠦᠭᠵᠢᠯᠳᠠ ᠳᠠᠪᠰᠢᠯᠳᠠ ᠶᠢᠨ ᠰᠢᠵᠢᠷ ᠠᠯᠳᠠᠨ ᠴᠠᠭ ᠦᠶ᠎ᠡ ᠳᠤ᠂ ᠡᠷᠢᠯᠬᠢᠯᠡᠨ ᠳᠡᠮᠡᠴᠡᠵᠦ | ᠬᠦᠴᠦᠷᠭᠡᠭᠵᠢᠬᠦ ᠪᠠᠷ ᠴᠢᠷᠮᠠᠶᠢᠬᠤ ᠰᠢᠨ᠎ᠡ ᠬᠠᠭᠤᠳᠠᠰᠦ ᠶᠢ ᠨᠡᠭᠡᠭᠡᠨ᠎ᠡ᠃ ᠲᠥᠯᠥᠭᠡᠯᠡᠭᠴᠢᠳ ᠡ᠂ ᠪᠢᠳᠡ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠰᠠᠶᠢᠨ ᠨᠢᠭᠲᠠᠷᠠᠨ | ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠵᠤ᠂ ᠪᠣᠳᠠᠲᠠᠢ ᠪᠠᠷ ᠠᠵᠢᠯᠯᠠᠬᠤ ᠶᠢ ᠴᠢᠬᠤᠯᠠᠴᠢᠯᠠᠨ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠡᠷᠢᠶᠡᠨ ᠬᠤᠳᠠ ᠶᠢᠨ ᠰᠢᠨ᠎ᠡ ᠬᠠᠭᠤᠳᠠᠰᠤ ᠶᠢ ᠲᠠᠰᠤᠷᠠᠯᠲᠠ | ᠦᠭᠡᠢ ᠡᠬᠦᠳᠦᠨ ᠪᠦᠳᠦᠭᠡᠶ᠎ᠡ︕ | | | ᠨᠡᠷᠡᠰ ᠤᠨ ᠲᠠᠶᠢᠯᠪᠤᠷᠢ | 1. ︽ᠭᠤᠷᠪᠠᠨ ᠨᠣᠷᠮ᠎ᠠ︾᠄ ᠬᠠᠷᠢᠭᠤ ᠥᠭᠬᠦ ᠨᠣᠷᠮ᠎ᠠ᠂ ᠰᠢᠢᠳᠪᠦᠷᠢᠯᠡᠬᠦ ᠨᠣᠷᠮ᠎ᠠ᠂ ᠬᠠᠨᠣᠮᠵᠢ ᠶᠢᠨ ᠨᠣᠷᠮ᠎ᠠ᠃ | 2. ︽ᠬᠢᠯᠢ ᠶᠢᠨ ᠪᠠᠶᠢᠴᠠᠭᠠᠯᠲᠠ ᠶᠢᠨ ᠨᠡᠪᠳᠡᠷᠡᠯᠴᠡᠭᠡ︾ ᠳᠠᠩᠰᠠᠯᠠᠭᠤᠯᠬᠤ ᠪᠣᠯᠵᠣᠬᠤ ᠦᠢᠯᠡᠴᠢᠯᠡᠭᠡᠨ ᠤ ᠲᠠᠪᠴᠠᠩ᠄ | ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠠᠴᠠ | ᠵᠢᠷᠤᠭᠯᠠᠨ ᠲᠥᠯᠥᠪᠯᠡᠵᠦ ᠰᠤᠳᠤᠯᠤᠨ ᠨᠡᠭᠡᠭᠡᠭᠰᠡᠨ᠂ ᠸᠢᠴᠠᠲ᠂ ᠮᠥᠩᠬᠡ ᠰᠤᠪᠠᠭ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠦᠯᠵᠢᠶ᠎ᠡ ᠵᠡᠷᠭᠡ ᠵᠠᠭᠤᠴᠢᠯᠠᠭᠤᠷ ᠲᠤ ᠲᠦᠰᠢᠭᠯᠡᠨ᠂ ᠬᠡᠷᠡᠭᠯᠡᠭᠴᠢᠳ ᠲᠤ ᠪᠣᠭᠤᠮᠲᠠ ᠶᠢᠨ | ᠬᠢᠵᠠᠭᠠᠷᠯᠠᠭᠰᠠᠨ ᠣᠷᠣᠨ ᠪᠦᠰᠡ ᠶᠢᠨ ᠣᠷᠣᠵᠤ ᠭᠠᠷᠬᠤ ᠶᠢ ᠮᠡᠳᠡᠭᠦᠯᠬᠦ᠂ ᠬᠢᠯᠢ ᠠᠯᠣᠰᠯᠠᠭᠰᠠᠨ ᠵᠢᠭᠤᠯᠴᠢᠯᠠᠯ ᠤᠨ | ᠲᠤᠬᠠᠶᠢᠯᠠᠭᠰᠠᠨ ᠠᠵᠢᠯ ᠤᠨ ᠵᠦᠪᠰᠢᠶᠡᠷᠡᠯ ᠢ ᠭᠤᠶᠤᠴᠢᠯᠠᠬᠤ᠂ ᠪᠠᠷᠠᠭᠠᠨ ᠤ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ | ᠤᠨ ᠵᠦᠪᠰᠢᠶᠡᠷᠡᠯ ᠢ ᠭᠤᠶᠤᠴᠢᠯᠠᠬᠤ᠂ ᠬᠢᠯᠢ ᠶᠢᠨ ᠪᠠᠶᠢᠴᠠᠭᠠᠯᠲᠠ ᠶᠢᠨ ᠠᠯᠪᠠᠨ ᠵᠠᠷ ᠠᠰᠠᠭᠤᠨ ᠯᠠᠪᠯᠠᠬᠤ ᠵᠡᠷᠭᠡ | ᠰᠦᠯᠵᠢᠶᠡᠨ ᠳᠡᠭᠡᠷᠡᠬᠢ ᠬᠢᠨᠠᠨ ᠬᠠᠷᠭᠤᠭᠤᠯᠬᠤ ᠦᠢᠯᠡᠴᠢᠯᠡᠭᠡ ᠶᠢ ᠬᠠᠩᠭᠠᠵᠤ᠂ ᠳᠥᠭᠦᠮ ᠳᠥᠲᠡ᠂ ᠴᠢᠨᠠᠷ ᠰᠠᠶᠢᠲᠠᠶ | ᠪᠣᠭᠤᠮᠲᠠ ᠪᠠᠷ ᠥᠩᠭᠡᠷᠡᠬᠦ ᠦᠢᠯᠡᠴᠢᠯᠡᠭᠡ ᠶᠢ ᠬᠦᠴᠦᠯᠡᠨ ᠪᠣᠶ ᠪᠣᠯᠭᠠᠨ᠎ᠠ᠃ | 3᠂ ︽ᠰᠢ ᠬᠤᠢ ᠲᠥᠩ︾᠄ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ | ᠰᠢᠯᠢ ᠶᠢᠨ ᠭᠤᠣᠯ ᠠᠶᠢᠮᠠᠭ ᠤᠨ ᠬᠤᠪᠢᠶᠠᠷᠢ ᠲᠣᠪᠴᠢᠶ᠎ᠠ ᠶᠢᠨ ᠡᠭᠦᠳᠦᠭᠰᠡᠨ ᠭᠠᠳᠠᠭᠠᠳᠤ ᠭᠤᠪᠢᠭᠤᠯᠭ᠎ᠠ ᠶᠢᠨ | ᠶᠡᠷᠦᠩᠬᠡᠶᠢᠯᠡᠭᠰᠡᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠴᠢᠭ᠃ | 4. 1 ᠬᠢᠴᠢᠶᠡᠯ᠄ ᠡᠷᠢᠶᠡᠨ ᠬᠤᠲᠠ ᠶᠢᠨ ᠠᠪᠣᠷᠭᠤ ᠬᠦᠷᠪᠡᠯ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ | ᠦᠵᠡᠮᠵᠢ ᠶᠢᠨ ᠣᠷᠣᠨ ᠤ ᠭᠠᠷᠭᠠᠭᠰᠠᠨ ︽ᠪᠢᠳᠡᠨ ᠲᠠᠢ ᠬᠠᠮᠳᠦ ᠴᠠᠷᠳᠠ ᠶᠢᠨ ᠭᠠᠯᠪᠠ ᠶᠢᠨ ᠠᠪᠤᠷᠭᠤ ᠬᠦᠷᠪᠡᠯ ᠤᠨ | ᠶᠢᠷᠲᠢᠨᠴᠦ ᠪᠠᠷ ᠠᠶᠠᠯᠠᠵᠦ᠂ ᠡᠬᠡ ᠪᠠᠶᠢᠭᠠᠯᠢ ᠶᠢᠨ ᠨᠢᠭᠤᠴᠠ ᠶᠢ ᠬᠠᠶᠢᠨ ᠰᠦᠪᠡᠭᠴᠢᠯᠡᠶ᠎ᠠ︾ ᠭᠡᠬᠦ ᠰᠤᠳᠤᠯᠭᠠᠨ ᠤ | ᠵᠢᠭᠤᠯᠴᠢᠯᠠᠯ ᠤᠨ ᠬᠢᠴᠢᠶᠡᠯ᠃ | 5. ︽ᠵᠢᠷᠭᠤᠭᠠᠨ ᠠᠵᠢᠯᠯᠠᠭ᠎ᠠ︾᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ | ᠬᠤᠷᠠᠯ ᠠᠴᠠ᠂ 2025 ᠣᠨ ᠳᠤ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠲᠤᠬᠠᠶᠢᠯᠠᠪᠠᠯ ᠴᠢᠬᠤᠯᠠ ᠶᠡᠭᠡ ᠲᠥᠷᠥᠯ ᠵᠦᠢᠯ ᠢ ᠲᠥᠰᠦᠪᠯᠡᠬᠦ ᠠᠵᠢᠯᠯᠠᠭ᠎ᠠ᠂ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ ᠠᠵᠢᠯᠯᠠᠭ᠎ᠠ᠂ ᠣᠷᠣᠨ | ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ᠂ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠣᠯᠤᠨ᠎ᠠ᠃ | 6.ᠡᠬᠡ ᠮᠥᠩᠭᠦ ᠪᠠᠨ ᠪᠣᠴᠠᠭᠠᠳᠣᠢ ᠴᠦ ᠦᠷᠬᠦᠯᠵᠢᠯᠡᠨ ᠵᠢᠭᠡᠯᠡᠯᠭᠡ ᠦᠭᠬᠦ᠄ ᠵᠢᠭᠡᠯᠡᠯᠭᠡ ᠶᠢᠨ ᠬᠤᠭᠤᠴᠠᠭ᠎ᠠ ᠨᠢ | ᠳᠣᠯᠣᠭᠰᠠᠨ ᠴᠦ ᠡᠬᠡ ᠮᠥᠩᠭᠦ ᠪᠠᠨ ᠪᠤᠴᠠᠭᠠᠬᠤ ᠴᠢᠬᠤᠯᠠ ᠦᠭᠡᠢ ᠦᠷᠭᠦᠯᠵᠢᠯᠡᠨ ᠪᠡᠯᠡ ᠲᠣᠬᠢᠷᠠᠭᠤᠯᠭ᠎ᠠ ᠬᠢᠵᠦ | ᠪᠣᠯᠬᠤ ᠶᠢ ᠵᠢᠭᠠᠵᠤ ᠪᠠᠶᠢᠨ᠎ᠠ᠂ ᠲᠤᠬᠠᠶᠢᠯᠠᠪᠠᠯ ᠨᠥᠬᠦᠴᠡᠯ ᠳᠤ ᠨᠡᠶᠢᠴᠡᠬᠦ ᠵᠢᠵᠢᠭ ᠪᠢᠴᠢᠯ ᠠᠵᠤ ᠠᠬᠤᠶᠢᠯᠠᠯ ᠨᠢ | ᠵᠢᠭᠡᠯᠡᠯᠭᠡ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ᠂ ᠬᠡᠷᠪᠡ ᠪᠡᠯᠡ ᠲᠣᠬᠢᠷᠠᠭᠤᠯᠬᠤ ᠬᠡᠷᠡᠭᠴᠡᠭᠡ | ᠱᠠᠭᠠᠷᠳᠠᠯᠭ᠎ᠠ ᠲᠠᠢ ᠮᠥᠷᠲᠡᠭᠡᠨ ᠲᠦᠷ ᠴᠠᠭ ᠤᠨ ᠪᠡᠯᠡ ᠮᠥᠩᠭᠦ ᠶᠢᠨ ᠬᠦᠴᠢᠷᠳᠡᠯ ᠣᠷᠣᠰᠢᠵᠤ ᠪᠠᠶᠢᠪᠠᠯ᠂ ᠡᠬᠡ | ᠮᠥᠩᠭᠦ ᠪᠠᠨ ᠪᠤᠴᠠᠭᠠᠬᠤ ᠴᠢᠬᠤᠯᠠ ᠦᠭᠡᠢ᠂ ᠬᠠᠷᠢᠨ ᠰᠢᠨ᠎ᠡ ᠪᠠᠷ ᠠᠪᠣᠭᠰᠠᠨ ᠵᠢᠭᠡᠯᠡᠯᠭᠡ ᠪᠠᠷ ᠢᠶᠠᠨ ᠨᠢᠭᠡᠨᠲᠡ ᠪᠠᠶᠢᠭ᠎ᠠ | ᠵᠢᠭᠡᠯᠡᠯᠭᠡ ᠪᠠᠨ ᠲᠠᠰᠤᠯᠤᠨ ᠪᠣᠳᠣᠬᠤ ᠬᠡᠯᠪᠡᠷᠢ ᠪᠠᠷ ᠳᠠᠮᠵᠢᠭᠤᠯᠤᠨ᠂ ᠵᠢᠭᠡᠯᠡᠯᠭᠡ ᠶᠢᠨ ᠪᠡᠯᠡ ᠮᠥᠩᠭᠦ ᠶᠢ ᠦᠷᠭᠦᠯᠵᠢᠯᠡᠨ | ᠬᠡᠷᠡᠭᠯᠡᠵᠦ ᠪᠣᠯᠣᠨ᠎ᠠ᠃ | 7. ᠬᠡᠰᠡᠭᠴᠢᠯᠡᠭᠰᠡᠨ ᠣᠯᠠᠨ ᠴᠢᠷᠦᠬᠦᠯᠳᠦ ᠮᠠᠰᠢᠨ ᠤ ᠬᠢᠯᠢ ᠠᠯᠤᠰᠯᠠᠭᠰᠠᠨ ᠲᠡᠭᠡᠭᠡᠪᠦᠷᠢ᠄ ᠬᠡᠰᠡᠭᠴᠢᠯᠡᠭᠰᠡᠨ | ᠲᠡᠭᠡᠭᠡᠪᠦᠷᠢ ᠶᠢᠨ ᠣᠶᠢᠯᠠᠭᠠᠭᠳᠠᠬᠤᠨ ᠳᠤ ᠰᠠᠭᠤᠷᠢᠯᠠᠭᠰᠠᠨ ᠨᠢᠭᠡ ᠵᠦᠢᠯ ᠤᠨ ᠬᠢᠯᠢ ᠠᠯᠤᠰᠯᠠᠭᠰᠠᠨ ᠵᠠᠰᠠᠮᠠᠯ ᠵᠠᠮ ᠤᠨ | ᠲᠡᠭᠡᠭᠡᠪᠦᠷᠢ ᠶᠢᠨ ᠬᠡᠯᠪᠡᠷᠢ᠃ ᠬᠡᠰᠡᠭᠴᠢᠯᠡᠭᠰᠡᠨ ᠣᠯᠠᠨ ᠴᠢᠷᠦᠬᠦᠯᠳᠦ ᠮᠠᠰᠢᠨ ᠲᠡᠷᠭᠡ ᠨᠢ ᠣᠯᠠᠨ ᠪᠠᠷᠢᠮᠵᠢᠶᠠᠵᠢᠭᠰᠠᠨ | ᠲᠡᠭᠡᠭᠡᠪᠦᠷᠢ ᠶᠢᠨ ᠨᠢᠭᠡᠴᠢ ︵ᠵᠢᠱᠢᠶᠡᠯᠡᠪᠡᠯ ᠴᠢᠷᠦᠭᠦᠯ ᠲᠡᠷᠭᠡ᠂ ᠴᠢᠷᠦᠭᠦᠯ ᠣᠩᠭᠤᠴᠠ ᠵᠡᠷᠭᠡ︶ ᠪᠠᠷ ᠪᠦᠷᠢᠯᠳᠦᠵᠦ᠂ | ᠲᠡᠭᠡᠭᠡᠪᠦᠷᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠠᠮᠢᠳᠤᠯᠢᠭ ᠢᠶᠠᠷ ᠨᠡᠶᠢᠯᠡᠭᠦᠯᠦᠨ ᠰᠠᠯᠭᠠᠵᠦ ᠪᠣᠯᠣᠨ᠎ᠠ᠃ | 8. ︽ ᠣᠯᠠᠭᠠᠨᠬᠠᠳᠠ ᠲᠦᠩᠯᠢᠶᠣᠣ ᠰᠢᠯᠢᠩᠬᠤᠳᠠ︾᠄ ᠣᠯᠠᠭᠠᠨᠬᠠᠳᠠ᠂ ᠲᠦᠩᠯᠢᠶᠣᠣ᠂ ᠰᠢᠯᠢ ᠶᠢᠨ ᠭᠤᠣᠯ | ᠠᠶᠢᠮᠠᠭ᠃ | 9. ︽ ᠪᠣᠬᠢᠷᠳᠦᠯ ᠦᠭᠡᠢ ᠦᠢᠯᠡᠳᠪᠣᠷᠢ︾᠄ ᠭᠠᠵᠠᠷ ᠬᠡᠷᠡᠭᠯᠡᠬᠦ ᠶᠢ ᠡᠷᠴᠢᠮᠵᠢᠭᠦᠯᠬᠦ᠂ ᠦᠢᠯᠡᠳᠪᠣᠷᠢᠯᠡᠯ ᠤᠨ | ᠠᠷᠢᠭᠤᠨ ᠴᠡᠪᠡᠷ᠂ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ᠂ ᠡᠨᠧᠷᠭᠢ ᠶᠢᠨ ᠳᠣᠣᠷ᠎ᠠ | ᠨᠡᠭᠦᠷᠡᠰᠦᠲᠥ᠋ᠷᠦᠭᠴᠢᠲᠦ ᠦᠢᠯᠡᠳᠪᠦᠷᠢ | 10. ︽ᠨᠢᠭᠡ ᠬᠤᠲᠠ ᠬᠤᠶᠠᠷ ᠬᠤᠰᠢᠭᠤ︾᠄ ᠡᠷᠢᠶᠡᠨ ᠬᠤᠲᠠ᠂ ᠰᠥᠨᠢᠳ ᠪᠠᠷᠠᠭᠤᠨ ᠬᠤᠰᠢᠭᠤ᠂ ᠰᠥᠨᠢᠳ | ᠵᠡᠭᠦᠨ ᠬᠤᠰᠢᠭᠤ᠃ | 11. ︽ ᠳᠦᠷᠪᠡᠨ ᠬᠠᠮᠤᠭ ᠴᠢᠩᠭ᠎ᠠ︾᠄ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠦᠷᠢᠶᠡᠨ ᠳᠠᠬᠢ | ᠬᠢᠨᠠᠯᠲᠠ ᠬᠠᠮᠢᠶᠠᠷᠤᠯᠲᠠ ᠶᠢᠨ ᠠᠷᠭ᠎ᠠ ᠪᠣᠳᠣᠯᠭ᠎ᠠ᠂ ᠳᠠᠷᠤᠢ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ | ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠢᠳᠭᠡᠯ᠂ ᠬᠠᠮᠤᠭ ᠤᠨ ᠲᠥᠪ ᠴᠢᠩᠭ᠎ᠠ ᠬᠠᠷᠢᠭᠤᠴᠠᠯᠭ᠎ᠠ | ᠨᠡᠬᠡᠮᠵᠢᠯᠡᠬᠦ ᠶᠢ ᠵᠢᠭᠠᠵᠤ ᠪᠠᠶᠢᠨ᠎ᠠ ᠃ | 12. ︽ᠨᠠᠢᠮᠠ ᠶᠢ ᠣᠷᠣᠭᠤᠯᠬᠤ︾ ᠠᠵᠢᠯᠯᠠᠭ᠎ᠠ᠄ ᠪᠠᠶᠢᠭᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠰᠤᠮᠤ | ᠰᠢᠶᠠᠩ ᠪᠠᠯᠭᠠᠰᠤ᠂ ᠰᠤᠷᠭᠠᠭᠤᠯᠢ᠂ ᠴᠡᠷᠢᠭ ᠠᠩᠭᠢ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ᠂ ᠲᠣᠤᠷ | ᠰᠦᠯᠵᠢᠶ᠎ᠡ ᠳᠤ ᠣᠷᠣᠭᠤᠯᠬᠤ᠃ | 13. ︽ᠭᠤᠷᠪᠠᠨ ᠵᠦᠢᠯ ᠤᠨ ᠲᠥᠯᠥᠪᠯᠡᠭᠡ︾᠄ ᠡᠯ᠎ᠡ ᠦᠨᠳᠣᠰᠣᠳᠡᠨ ᠤ ᠵᠠᠯᠠᠭᠤᠴᠤᠳ ᠪᠠᠭᠠᠴᠤᠳ ᠤᠨ ᠰᠣᠶᠣᠯ ᠤ | ᠰᠣᠯᠢᠯᠴᠠᠭᠠᠨ ᠤ ᠲᠥᠯᠥᠪᠯᠡᠭᠡ᠂ ᠡᠯ᠎ᠡ ᠦᠨᠳᠣᠰᠣᠳᠡᠨ ᠤ ᠣᠯᠠᠨ ᠳᠦᠮᠡᠨ ᠤ ᠬᠠᠷᠢᠯᠴᠠᠨ ᠨᠡᠪᠴᠢᠬᠦ ᠮᠠᠶ᠋ᠢᠭ ᠤᠨ | ᠬᠥᠭᠵᠢᠯᠲᠡ ᠶᠢᠨ ᠲᠥᠯᠥᠪᠯᠡᠭᠡ᠂ ᠵᠢᠭᠤᠯᠴᠢᠯᠠᠯ ᠢᠶᠠᠷ ᠡᠯ᠎ᠡ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠬᠤ᠃ |