ᠳᠠᠭᠠᠳᠬᠠᠯ︕ 2024 ᠣᠨ ᠳᠤ ᠮᠠᠨ ᠤ ᠬᠤᠲᠠ ᠶᠢᠨ 105 ᠡᠷᠦᠬᠡ ᠮᠠᠯᠴᠢᠳ ᠳᠠᠭᠠᠳᠬᠠᠯ ᠤᠨ ᠮᠥᠩᠭᠦ ᠶᠢᠨ ᠨᠥᠬᠦᠪᠥᠷᠢ 39.13 ᠲᠦᠮᠡᠨ ᠲᠥᠭᠦᠷᠢᠭ ᠭᠥᠷᠳᠡᠪᠡ
ᠨᠡᠶᠢᠲᠡᠯᠡᠭᠰᠡᠨ ᠴᠠᠭ᠄
2025/2/14
  ᠬᠠᠪᠤᠷ ᠤᠨ ᠡᠬᠢᠨ ᠤ ᠤᠯᠠᠷᠢᠯ ᠳᠤ᠂ ᠨᠠᠮ ᠰᠡᠯᠡᠭᠦᠨ ᠲᠠᠯ᠎ᠠ ᠨᠤᠲᠤᠭ ᠰᠢᠨ᠎ᠡ ᠠᠮᠢ ᠨᠠᠰᠤ ᠪᠠ ᠬᠦᠰᠡᠯ ᠡᠷᠡᠮᠡᠯᠵᠡᠯ ᠢᠶᠠᠨ ᠤᠭᠲᠤᠨ ᠠᠪᠴᠢᠷᠠᠯ᠎ᠠ᠃ ᠥᠷᠭᠡᠨ ᠣᠯᠠᠨ ᠮᠠᠯᠴᠢᠳ ᠪᠠᠶᠠᠷ ᠬᠥᠷ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠤᠨ ᠳᠤᠮᠳᠠ ᠶᠠᠭᠠᠷᠠᠯᠲᠠᠶ ᠤᠯᠠᠷᠢᠯ ᠡᠬᠢᠯᠡᠪᠡ᠂ ᠮᠠᠨ ᠤ ᠬᠤᠲᠠ ᠶᠢᠨ ᠲᠣᠯᠢ ᠭᠠᠴᠠᠭᠠᠨ ᠤ ᠮᠠᠯᠴᠢᠨ ᠰᠡᠴᠡᠩᠭᠤᠸ᠎ᠠ ᠶᠢᠨ ᠨᠢᠭᠡ ᠭᠡᠷ ᠤᠨ ᠬᠢᠨ ᠨᠢ ᠲᠦᠷᠯ ᠲᠤᠰᠬᠤ ᠠᠵᠢᠯ ᠬᠢᠵᠦ ᠪᠠᠶᠢᠨ᠎ᠠ᠃   ᠣᠶᠢᠷ᠎ᠠ ᠶᠢᠨ ᠡᠳᠦᠷ ᠤᠳ ᠲᠤ᠂ ᠮᠠᠨ ᠤ ᠬᠤᠲᠠ ᠶᠢᠨ ᠠᠭᠠᠷ ᠤᠨ ᠳᠤᠯᠠᠭᠠᠨ ᠦᠷᠭᠦᠯᠵᠢᠯᠡᠨ ᠳᠣᠷᠣᠭᠰᠢᠯᠠᠭᠰᠠᠨ ᠪᠣᠯᠪᠠᠴᠤ ᠦᠷᠭᠦᠯᠵᠢ ᠭᠠᠳᠠᠨ᠎ᠠ ᠠᠵᠢᠯᠯᠠᠵᠤ ᠪᠠᠶᠢᠭ᠎ᠠ ᠮᠠᠯᠴᠢᠳ ᠲᠤ ᠠᠪᠴᠤ ᠬᠡᠯᠡᠪᠡᠯ ᠠᠯᠢ ᠡᠷᠲᠡ ᠳᠠᠳᠮᠠᠭᠠᠢ ᠪᠣᠯᠵᠤ ᠪᠠᠶᠢᠨ᠎ᠠ᠃ ᠡᠳᠦᠷ ᠪᠦᠷᠢ ᠶᠢᠨ ᠥᠷᠯᠥᠭᠡ ᠡᠷᠲᠡ᠂ ᠰᠡᠴᠡᠩᠭᠤᠸ᠎ᠠ ᠡᠷ᠎ᠡ ᠨᠥᠬᠦᠷ ᠲᠠᠢ ᠪᠠᠨ ᠬᠤᠶᠠᠭᠤᠯᠠ ᠬᠠᠰᠢᠶ᠎ᠠ ᠰᠠᠷᠠᠪᠴᠢ ᠶᠢ ᠴᠡᠪᠡᠷᠯᠡᠵᠦ᠂ ᠦᠬᠡᠷ ᠬᠤᠨᠢᠨ ᠳᠤ ᠡᠪᠡᠰᠦ ᠪᠣᠷᠳᠤᠭ᠎ᠠ ᠥᠭᠳᠡᠭ᠃ ᠡᠷ᠎ᠡ ᠡᠮ᠎ᠡ ᠬᠤᠶᠠᠭᠤᠯᠠ ᠶᠢ ᠨᠠᠷᠢᠨ ᠨᠢᠮᠪᠠᠶ ᠬᠠᠷᠠᠭᠠᠯᠵᠠᠵᠤ ᠪᠠᠶᠢᠭ᠎ᠠ ᠪᠠᠶᠢᠳᠠᠯ ᠳᠣᠤᠷ᠎ᠠ᠂ ᠲᠡᠳᠡᠨ ᠤ ᠬᠡᠷ ᠤᠨ 150 ᠭᠠᠷᠤᠶ ᠬᠤᠨᠢ ᠪᠠ 28 ᠦᠬᠡᠷ ᠤᠨ ᠲᠠᠷᠭᠤ ᠬᠦᠴᠦ ᠰᠠᠶᠢᠲᠠᠢ ᠪᠠᠶᠢᠯ᠎ᠠ᠃
  ᠮᠠᠯ ᠲᠡᠵᠢᠭᠡᠨ ᠦᠷᠡᠵᠢᠭᠦᠯᠬᠦ ᠪᠣᠯ ᠥᠷᠭᠡᠨ ᠣᠯᠠᠨ ᠮᠠᠯᠴᠢᠨ ᠡᠷᠦᠬᠡ ᠶᠢᠨ ᠠᠵᠤ ᠠᠬᠤᠶ ᠶᠢᠨ ᠭᠤᠤᠯ ᠢᠷᠡᠯᠲᠡ ᠪᠣᠯᠤᠨ᠎ᠠ ᠃ ᠰᠡᠴᠡᠩᠭᠤᠸ᠎ᠠ ᠦᠬᠡᠷ ᠬᠤᠨᠢᠨ ᠤ ᠰᠠᠨᠠᠭᠠᠨ ᠳᠤ ᠦᠭᠡᠢ ᠬᠡᠷᠡᠭ ᠭᠠᠷᠬᠤ ᠠᠴᠠ ᠬᠠᠮᠤᠭ ᠠᠶᠤᠳᠠᠭ᠃ ᠨᠢᠳᠤᠨᠤᠨ᠂ ᠲᠡᠷᠡ ᠥᠪᠡᠷ ᠤᠨ 150 ᠬᠤᠨᠢ ᠳᠠᠭᠠᠨ ᠮᠢᠬᠠᠨ ᠤ ᠬᠤᠨᠢᠨ ᠤ ᠴᠠᠭ ᠠᠭᠤᠷ ᠤᠨ ᠵᠢᠭᠠᠯᠲᠠ ᠲᠤᠭ᠎ᠠ ᠶᠢᠨ ᠳᠠᠭᠠᠳᠬᠠᠯ ᠬᠤᠳᠠᠯᠳᠤᠨ ᠠᠪᠴᠤ ᠥᠭᠪᠡ᠃ ᠬᠤᠨᠢ ᠶᠢ ᠳᠠᠭᠠᠳᠬᠠᠯ ᠳᠤ ᠣᠷᠣᠭᠤᠯᠤᠭᠰᠠᠨ ᠤ ᠳᠠᠷᠠᠭ᠎ᠠ ᠤᠳᠠᠭᠰᠠᠨ ᠦᠭᠡᠢ᠂ ᠴᠠᠭ ᠠᠭᠤᠷ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠦᠨᠡᠯᠡᠨ ᠵᠢᠱᠢᠭᠰᠡᠨ ᠮᠡᠳᠡᠭᠦᠯᠦᠯᠲᠡ ᠶᠢ ᠦᠨᠳᠦᠰᠦᠯᠡᠪᠡᠯ᠂ ᠲᠡᠭᠦᠨ ᠤ ᠪᠠᠶᠢᠭ᠎ᠠ ᠣᠷᠣᠨ ᠪᠦᠰᠡ ᠨᠢ 2024 ᠣᠨ ᠤ 6 ᠰᠠᠷ᠎ᠠ ᠶᠢᠨ 1 ᠤ ᠡᠳᠦᠷ ᠠᠴᠠ 8 ᠰᠠᠷ᠎ᠠ ᠶᠢᠨ 14 ᠤ ᠡᠳᠦᠷ ᠪᠣᠯᠲᠠᠯ᠎ᠠ᠂ ᠵᠠᠯᠭᠠᠭ᠎ᠠ ᠪᠠᠷ 28 ᠡᠳᠦᠷ ᠬᠦᠨᠳᠦ ᠭᠠᠩ ᠬᠠᠭᠰᠠᠷᠠᠭᠠᠨ ᠳᠤ ᠬᠦᠷᠴᠦ᠂ 7 ᠡᠳᠦᠷ ᠣᠨᠴᠠ ᠶᠡᠭᠡ ᠭᠠᠩ ᠬᠠᠭᠰᠠᠷᠠᠭᠠᠨ ᠤ ᠳᠡᠰ ᠲᠤ ᠬᠦᠷᠪᠡ᠃ ᠲᠦᠯᠦᠪᠤᠷᠢ ᠦᠭᠬᠦ ᠪᠠᠷᠢᠮᠵᠢᠶ᠎ᠠ ᠪᠠᠷ ᠰᠡᠴᠡᠩᠭᠤᠸ᠎ᠠ 2800 ᠲᠦᠬᠦᠷᠢᠭ ᠤᠨ ᠨᠦᠬᠦᠪᠦᠷᠢ ᠤᠯᠪᠠ᠃ ᠲᠦᠷᠦᠭᠦᠬᠡᠨ ᠲᠡᠷᠡ ᠥᠪᠡᠷ ᠤᠨ 28 ᠰᠠᠭᠠᠯᠢ ᠶᠢᠨ ᠦᠨᠢᠶᠡᠨ ᠳᠤ ᠪᠠᠨ  ᠳᠠᠭᠠᠳᠬᠠᠯ ᠤᠨ ᠪᠠᠲᠤᠯᠠᠭ᠎ᠠ ᠲᠠᠢ ᠪᠣᠯᠵᠤ᠂ ᠰᠡᠴᠡᠩᠭᠤᠸ᠎ᠠ ᠡᠨᠡ ᠵᠢᠯ ᠮᠠᠯ ᠲᠡᠵᠢᠭᠡᠬᠦ ᠳᠤ ᠢᠲᠡᠭᠡᠯ ᠳᠦᠭᠦᠷᠡᠩ ᠪᠠᠶᠢᠪᠠ᠃
   ᠰᠡᠴᠡᠩᠭᠤᠸ᠎ᠠ᠄ ︽ᠳᠠᠭᠠᠳᠬᠠᠯ ᠳᠤ ᠣᠷᠣᠪᠠᠯ ᠠᠰᠢᠭᠲᠠᠢ᠂ ᠭᠠᠩ ᠵᠤᠳ ᠲᠠᠢ ᠵᠢᠯ ᠪᠣᠯᠪᠠᠯ ᠵᠣᠬᠢᠬᠤ ᠲᠥᠯᠥᠪᠦᠷᠢ ᠬᠦᠷᠳᠡᠨ᠎ᠡ᠃ ᠨᠢᠳᠤᠨᠤᠨ ᠪᠢᠳᠡ ᠬᠤᠨᠢᠨ ᠳᠠᠭᠠᠨ ᠳᠠᠭᠠᠳᠬᠠᠯ ᠠᠪᠴᠦ᠂ ᠡᠨᠡ ᠵᠢᠯ ᠪᠠᠰᠠ ᠦᠬᠡᠷ ᠲᠤ ᠳᠠᠭᠠᠳᠬᠠᠯ ᠠᠪᠴᠠᠢ︾ ᠭᠡᠪᠡ᠃    ᠣᠶᠢᠷ᠎ᠠ ᠶᠢᠨ ᠬᠡᠳᠦᠨ ᠵᠢᠯ ᠳᠤ᠂ ᠮᠠᠨ ᠤ ᠬᠤᠲᠠ ᠶᠢᠨ ᠥᠨᠳᠥᠷ ᠳᠤᠯᠠᠭᠠᠨ ᠭᠠᠩ ᠬᠠᠭᠤᠷᠠᠶ ᠵᠡᠷᠭᠡ ᠴᠠᠭ ᠠᠭᠤᠷ ᠪᠠᠶᠢᠨ ᠳᠠᠬᠢᠨ ᠡᠭᠦᠰᠴᠦ᠂ ᠠᠭᠤᠷ ᠠᠮᠢᠰᠬᠤᠯ ᠤᠨ ᠬᠦᠴᠦᠨ ᠵᠦᠢᠯ ᠨᠢ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠮᠠᠰᠢ ᠶᠡᠭᠡ ᠨᠥᠯᠥᠭᠡ ᠦᠵᠡᠭᠦᠯᠦᠭᠰᠡᠨ ᠪᠥᠭᠡᠳ ᠦᠬᠡᠷ ᠬᠤᠨᠢᠨ ᠤ ᠦᠨ᠎ᠡ ᠬᠠᠩᠰᠢ ᠮᠠᠭᠤᠵᠢᠷᠠᠭᠰᠠᠨ᠂ ᠡᠪᠡᠰᠦ ᠪᠣᠷᠳᠤᠭ᠎ᠠ ᠨᠡᠮᠡᠭᠳᠡᠭᠰᠡᠨ ᠵᠡᠷᠭᠡ ᠲᠠᠯ᠎ᠠ ᠪᠠᠷ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠬᠦᠴᠢᠷᠲᠡᠶ ᠭᠡᠵᠦ ᠬᠡᠯᠡᠵᠦ ᠪᠣᠯᠤᠨ᠎ᠠ᠃
  2024 ᠣᠨ ᠳᠤ ᠮᠠᠨ ᠤ ᠬᠤᠲᠠ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠠᠰᠤᠷᠠᠯᠲᠠ ᠥᠬᠡᠶ ᠨᠠᠶᠢᠳᠠᠪᠤᠷᠢᠵᠢᠭᠤᠯᠵᠤ᠂ ︽ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠪᠡᠶ᠎ᠡ ᠪᠠᠨ ᠳᠠᠭᠠᠭᠠᠵᠤ ᠰᠠᠶᠢᠨ ᠳᠤᠷ᠎ᠠ ᠠᠴᠠ ᠪᠠᠨ ᠪᠠᠶᠢᠬᠤ᠂ ᠬᠠᠮᠵᠢᠯᠴᠠᠨ ᠠᠬᠢᠭᠤᠯᠬᠤ︾ ᠵᠠᠷᠴᠢᠮ ᠢᠶᠠᠷ ᠮᠢᠬᠠᠨ ᠤ ᠬᠤᠨᠢᠨ ᠤ ᠴᠠᠭ ᠠᠭᠤᠷ ᠤᠨ ᠵᠢᠭᠠᠯᠲᠠ ᠲᠤᠭ᠎ᠠ ᠶᠢᠨ ᠳᠠᠭᠠᠳᠬᠠᠯ ᠤᠨ ᠠᠵᠢᠯ ᠢ ᠢᠳᠡᠪᠬᠢᠲᠡᠶ ᠬᠡᠷᠡᠭᠵᠢᠭᠦᠯᠵᠦ᠂ 4 ᠭᠠᠴᠠᠭ᠎ᠠ ᠶᠢᠨ 105 ᠡᠷᠦᠬᠡ 2 ᠲᠦᠮᠡ ᠭᠠᠷᠤᠶ ᠬᠤᠨᠢᠨ ᠳᠤ ᠠᠶᠤᠯ ᠲᠦᠭᠰᠢᠭᠦᠷᠢ ᠶᠢᠨ ᠪᠠᠲᠤᠯᠠᠭ᠎ᠠ ᠬᠠᠩᠭᠠᠵᠤ᠂ ᠪᠠᠶᠢᠭᠠᠯᠢ ᠶᠢᠨ ᠭᠠᠮᠰᠢᠭ ᠠᠴᠠ ᠪᠣᠯᠵᠣ ᠮᠠᠯᠴᠢᠳ ᠲᠤ ᠠᠵᠤ ᠠᠬᠤᠶ ᠶᠢᠨ ᠬᠤᠬᠢᠷᠠᠯ ᠤᠴᠠᠷᠠᠭᠤᠯᠤᠭᠰᠠᠨ ᠪᠠᠶᠢᠳᠠᠯ ᠢ ᠪᠠᠭᠠᠰᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠲᠡᠳᠡᠨ ᠤ ᠦᠢᠯᠡᠳᠪᠦᠷᠢᠯᠡᠯ ᠠᠮᠢᠳᠤᠷᠠᠯ ᠳᠤ ᠠᠮᠤᠷ ᠲᠦᠪᠰᠢᠨ ᠤ ︽ᠬᠠᠯᠬᠠᠪᠴᠢ︾ ᠶᠢ ᠪᠣᠶ ᠪᠣᠯᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号