【 ᠴᠠᠭᠠᠨ ᠰᠠᠷ᠎ᠠ ᠦᠨᠳᠦᠰᠦᠨ ᠱᠠᠲᠤᠨ ᠳᠤ ᠭᠦᠨᠵᠡᠭᠡᠶᠢᠷᠡᠬᠦ 】 ᠭᠡᠷᠡᠯᠳᠦᠠᠣᠳᠦ  ᠰᠣᠮᠣᠨ ᠤ ᠲᠣᠯᠢ ᠭᠠᠴᠠᠭ᠎ᠠ ᠡᠪᠦᠯ ᠤᠨ ᠨᠠᠭᠠᠳᠤᠮ ᠡᠷᠬᠢᠯᠡᠪᠡ
ᠨᠡᠶᠢᠲᠡᠯᠡᠭᠰᠡᠨ ᠴᠠᠭ᠄
2025/2/14
  ᠮᠠᠯᠴᠢᠨ ᠲᠦᠮᠡᠨ ᠤ ᠰᠣᠶᠣᠯ ᠤᠨ ᠠᠮᠢᠳᠤᠷᠠᠯ ᠢ ᠤᠯᠠᠮ ᠪᠠᠶᠠᠯᠢᠭᠵᠢᠭᠤᠯᠵᠤ᠂ ᠦᠨᠳᠦᠰᠦᠲᠡᠨ ᠤ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠪᠠ ᠨᠠᠭᠠᠳᠤᠮ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠮᠠᠯᠴᠢᠨ ᠲᠦᠮᠡᠨ ᠤ ᠡᠷᠡᠰ ᠭᠤᠶᠢᠪᠢᠰᠢ ᠥᠬᠡᠶ ᠨᠠᠮ ᠢᠶᠠᠨ ᠳᠠᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠮᠢᠳᠤᠷᠠᠯ ᠤᠨ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠬᠤ ᠶᠢᠨ ᠳᠣᠯᠠᠳᠠ᠂ 1 ᠰᠠᠷ᠎ᠠ ᠶᠢᠨ 31 ᠤ ᠡᠳᠦᠷ᠂ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠰᠢᠨ᠎ᠡ ᠶᠢᠨ ᠭᠤᠷᠪᠠᠨ ᠳᠤ᠂ ᠬᠤᠲᠠ ᠶᠢᠨ ᠭᠡᠷᠡᠯᠳᠦᠠᠣᠳᠦ ᠰᠣᠮᠣᠨ ᠤ ᠲᠣᠯᠢ ᠭᠠᠴᠠᠭ᠎ᠠ ᠳᠤ ︽ᠲᠠᠩᠰᠤᠭ ᠰᠠᠶᠢᠬᠠᠨ ᠦᠨᠳᠦᠰᠦᠲᠡᠨ ᠤ ᠰᠤᠷᠲᠠᠯ᠂ ᠠᠮᠢᠵᠢᠷᠠᠯ ᠤᠨ ᠬᠦᠴᠦᠨ ᠤ ᠨᠠᠭᠠᠳᠤᠮ᠂ ᠦᠨᠳᠦᠰᠦᠲᠡᠨ ᠨᠦᠭᠦᠳ ᠤᠨ ᠭᠠᠷ ᠬᠤᠯᠪᠣᠯᠴᠠᠬᠤ︾ ᠴᠠᠭᠠᠨ ᠰᠠᠷ᠎ᠠ ᠶᠢᠨ ᠬᠠᠮᠲᠤ ᠶᠢᠨ ᠨᠠᠭᠠᠳᠤᠮ ᠤᠨ ᠠᠵᠢᠯᠯᠠᠭ᠎ᠠ ᠥᠷᠨᠢᠭᠦᠯᠪᠡ᠃
  ᠴᠠᠭᠠᠨ ᠰᠠᠷ᠎ᠠ ᠶᠢᠨ ᠪᠠᠶᠠᠷ ᠤᠨ ᠠᠭᠤᠷ ᠠᠮᠢᠰᠬᠤᠯ ᠲᠠᠯ᠎ᠠ ᠨᠤᠲᠤᠭ ᠢᠶᠠᠷ ᠳᠦᠭᠦᠷᠴᠦ᠂ ᠨᠠᠭᠠᠳᠤᠮ ᠤᠨ ᠬᠤᠷᠠᠯ ᠣᠯᠠᠨ ᠤ ᠬᠦᠰᠡᠯ ᠡᠷᠡᠮᠡᠯᠵᠡᠯ ᠤᠨ ᠳᠤᠮᠳᠠ ᠬᠥᠰᠢᠭᠡ ᠪᠠᠨ ᠰᠡᠬᠦᠪᠡ᠃ ᠤᠷᠤᠯᠳᠤᠭᠠᠨ ᠤ ᠲᠠᠯᠠᠪᠠᠶ ᠶᠢᠨ ᠡᠷᠭᠢᠨ ᠲᠣᠭᠤᠷᠢᠨ ᠳᠤ ᠤᠯᠠᠮᠵᠢᠯᠠᠯᠲᠤ ᠬᠤᠪᠴᠠᠰᠤ ᠵᠠᠰᠠᠯ ᠲᠠᠢ ᠮᠠᠯᠴᠢᠳ ᠳᠥᠷᠪᠡᠨ ᠲᠠᠯ᠎ᠠ ᠠᠴᠠ ᠬᠦᠷᠦᠯᠴᠡᠨ ᠢᠷᠡᠵᠦ ᠪᠠᠶᠠᠷ ᠬᠥᠷ ᠢᠶᠠᠷ ᠪᠢᠯᠬᠠᠵᠤ ᠪᠠᠶᠢᠯ᠎ᠠ᠃ ᠨᠠᠭᠠᠳᠤᠮ ᠤᠨ ᠲᠤᠬᠠᠢ ᠶᠢᠨ ᠲᠠᠯᠠᠪᠠᠢ ᠳᠤ ᠴᠠᠭᠠᠨ ᠰᠠᠷ᠎ᠠ ᠶᠢᠨ ᠪᠠᠶᠠᠷ ᠪᠠᠭ᠋ᠠᠳᠤᠯ ᠢᠶᠠᠷ ᠪᠢᠯᠬᠠᠵᠤ᠂ ᠬᠤᠷᠳᠤᠨ ᠮᠤᠷᠢᠨ ᠤ ᠤᠷᠤᠯᠳᠤᠭᠠᠨ᠂ ᠲᠡᠰᠪᠤᠷᠢ ᠮᠤᠷᠢᠨ ᠤ ᠤᠷᠤᠯᠳᠤᠭᠠᠨ᠂ ᠲᠡᠮᠡᠭᠡ ᠤᠷᠤᠯᠳᠤᠬᠤ᠂ ᠪᠦᠬᠡ ᠶᠢᠨ ᠤᠷᠤᠯᠳᠤᠭᠠᠨ᠂ ᠰᠤᠷ ᠬᠠᠷᠪᠤᠯᠳᠠ ᠶᠢᠨ ᠤᠷᠤᠯᠳᠤᠭᠠᠨ ᠵᠡᠷᠭᠡ ᠪᠠᠭᠳᠠᠨ᠎ᠠ᠃
  ᠴᠠᠭᠠᠨ ᠰᠠᠷ᠎ᠠ ᠶᠢᠨ ᠨᠠᠶᠢᠷ ᠪᠣᠯ ᠨᠢᠭᠡ ᠤᠳᠠᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠪᠣᠯᠬᠤ ᠪᠠᠷ ᠪᠠᠷᠠᠬᠤ ᠥᠬᠡᠶ᠂ ᠨᠠᠩ ᠴᠤ ᠲᠠᠯ᠎ᠠ ᠨᠤᠲᠤᠭ ᠤᠨ ᠰᠣᠶᠣᠯ ᠤᠨ ᠤᠯᠠᠮᠵᠢᠯᠠᠯ ᠪᠠ ᠰᠣᠯᠢᠯᠴᠠᠭ᠎ᠠ ᠪᠣᠯᠤᠨ᠎ᠠ᠂ ᠬᠥᠮᠦᠰ ᠡᠨᠡ ᠬᠦ ᠪᠠᠶᠠᠷ ᠬᠥᠷ ᠲᠠᠢ ᠪᠠᠶᠠᠷ ᠤᠨ ᠡᠳᠦᠷ ᠲᠤ᠂ ᠬᠠᠮᠲᠤ ᠪᠠᠷ ᠰᠢᠨ᠎ᠡ ᠵᠢᠯ ᠢ ᠤᠭᠲᠤᠵᠤ᠂ ᠰᠠᠶᠢᠨ ᠰᠠᠶᠢᠬᠠᠨ ᠢᠷᠡᠭᠡᠳᠦᠶ ᠶᠢ ᠬᠦᠰᠡᠨ ᠡᠷᠡᠮᠡᠯᠵᠡᠯᠡᠵᠦ ᠪᠠᠶᠢᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号