| | ᠮᠠᠯᠴᠢᠨ ᠲᠦᠮᠡᠨ ᠤ ᠰᠣᠶᠣᠯ ᠤᠨ ᠠᠮᠢᠳᠤᠷᠠᠯ ᠢ ᠤᠯᠠᠮ ᠪᠠᠶᠠᠯᠢᠭᠵᠢᠭᠤᠯᠵᠤ᠂ ᠦᠨᠳᠦᠰᠦᠲᠡᠨ ᠤ ᠤᠯᠠᠮᠵᠢᠯᠠᠯᠲᠤ | ᠰᠣᠶᠣᠯ ᠢ ᠪᠠᠳᠠᠷᠠᠭᠤᠯᠬᠤ ᠪᠠ ᠨᠠᠭᠠᠳᠤᠮ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠮᠠᠯᠴᠢᠨ ᠲᠦᠮᠡᠨ ᠤ ᠡᠷᠡᠰ | ᠭᠤᠶᠢᠪᠢᠰᠢ ᠥᠬᠡᠶ ᠨᠠᠮ ᠢᠶᠠᠨ ᠳᠠᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠮᠢᠳᠤᠷᠠᠯ ᠤᠨ | ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠬᠤ ᠶᠢᠨ ᠳᠣᠯᠠᠳᠠ᠂ 1 ᠰᠠᠷ᠎ᠠ ᠶᠢᠨ 31 ᠤ ᠡᠳᠦᠷ᠂ | ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠰᠢᠨ᠎ᠡ ᠶᠢᠨ ᠭᠤᠷᠪᠠᠨ ᠳᠤ᠂ ᠬᠤᠲᠠ ᠶᠢᠨ ᠭᠡᠷᠡᠯᠳᠦᠠᠣᠳᠦ ᠰᠤᠮᠤ ᠶᠢᠨ | ᠲᠣᠯᠢ ᠭᠠᠴᠠᠭ᠎ᠠ ᠳᠤ ︽ᠲᠠᠩᠰᠤᠭ ᠰᠠᠶᠢᠬᠠᠨ ᠦᠨᠳᠦᠰᠦᠲᠡᠨ ᠤ ᠰᠤᠷᠲᠠᠯ᠂ ᠠᠮᠢᠵᠢᠷᠠᠯ ᠤᠨ ᠬᠦᠴᠦᠨ ᠤ ᠨᠠᠭᠠᠳᠤᠮ᠂ | ᠡᠯ᠎ᠡ ᠦᠨᠳᠦᠰᠦᠲᠡᠨ ᠨᠦᠭᠦᠳ ᠭᠠᠷ ᠭᠠᠷ ᠢᠶᠠᠨ ᠬᠤᠯᠪᠣᠯᠴᠠᠬᠤ︾ ᠴᠠᠭᠠᠨ ᠰᠠᠷ᠎ᠠ ᠶᠢᠨ ᠬᠠᠮᠲᠤ ᠶᠢᠨ ᠨᠠᠭᠠᠳᠤᠮ ᠤᠨ | ᠠᠵᠢᠯᠯᠠᠭ᠎ᠠ ᠥᠷᠨᠢᠭᠦᠯᠪᠡ᠃ | | | | | | ᠴᠠᠭᠠᠨ ᠰᠠᠷ᠎ᠠ ᠶᠢᠨ ᠪᠠᠶᠠᠷ ᠤᠨ ᠠᠭᠤᠷ ᠠᠮᠢᠰᠬᠤᠯ ᠲᠠᠯ᠎ᠠ ᠨᠤᠲᠤᠭ ᠤᠨ ᠥᠨᠴᠥᠭ ᠪᠤᠯᠤᠩ ᠢᠶᠠᠷ ᠳᠦᠭᠦᠷᠴᠦ᠂ | ᠨᠠᠭᠠᠳᠤᠮ ᠤᠨ ᠬᠤᠷᠠᠯ ᠣᠯᠠᠨ ᠤ ᠬᠦᠰᠡᠯ ᠡᠷᠡᠮᠡᠯᠵᠡᠯ ᠤᠨ ᠳᠤᠮᠳᠠ ᠬᠥᠰᠢᠭᠡ ᠪᠠᠨ ᠰᠡᠬᠦᠪᠡ᠃ ᠤᠷᠤᠯᠳᠤᠭᠠᠨ ᠤ | ᠲᠠᠯᠠᠪᠠᠶ ᠶᠢᠨ ᠡᠷᠭᠢᠨ ᠲᠣᠭᠤᠷᠢᠨ ᠳᠤ ᠤᠯᠠᠮᠵᠢᠯᠠᠯᠲᠤ ᠬᠤᠪᠴᠠᠰᠤ ᠵᠠᠰᠠᠯ ᠲᠠᠢ ᠮᠠᠯᠴᠢᠳ ᠳᠥᠷᠪᠡᠨ ᠵᠦᠭ ᠨᠠᠢᠮᠠᠨ | ᠵᠣᠪᠬᠢᠰ ᠠᠴᠠ ᠬᠦᠷᠦᠯᠴᠡᠨ ᠢᠷᠡᠵᠦ ᠪᠠᠶᠠᠷ ᠬᠥᠷ ᠢᠶᠠᠷ ᠪᠢᠯᠬᠠᠵᠤ ᠪᠠᠶᠢᠯ᠎ᠠ᠃ ᠨᠠᠭᠠᠳᠤᠮ ᠤᠨ ᠲᠤᠬᠠᠢ ᠶᠢᠨ | ᠲᠠᠯᠠᠪᠠᠢ ᠳᠤ ᠴᠠᠭᠠᠨ ᠰᠠᠷ᠎ᠠ ᠶᠢᠨ ᠪᠠᠶᠠᠷ ᠪᠠᠭ᠋ᠠᠳᠤᠯ ᠢᠶᠠᠷ ᠪᠢᠯᠬᠠᠵᠤ᠂ ᠬᠤᠷᠳᠤᠨ ᠮᠤᠷᠢᠨ ᠤ ᠤᠷᠤᠯᠳᠤᠭᠠᠨ᠂ ᠲᠡᠰᠪᠤᠷᠢ | ᠮᠤᠷᠢᠨ ᠤ ᠤᠷᠤᠯᠳᠤᠭᠠᠨ᠂ ᠲᠡᠮᠡᠭᠡ ᠤᠷᠤᠯᠳᠤᠬᠤ᠂ ᠪᠦᠬᠡ ᠶᠢᠨ ᠤᠷᠤᠯᠳᠤᠭᠠᠨ᠂ ᠰᠤᠷ ᠬᠠᠷᠪᠤᠯᠳᠠ ᠶᠢᠨ | ᠤᠷᠤᠯᠳᠤᠭᠠᠨ ᠵᠡᠷᠭᠡ ᠪᠠᠭᠳᠠᠨ᠎ᠠ᠃ | ᠲᠡᠮᠡᠭᠡ ᠤᠷᠤᠯᠳᠤᠬᠤ ᠪᠣᠯ ᠨᠠᠭᠠᠳᠤᠮ ᠤᠨ ᠴᠢᠬᠤᠯᠠ ᠨᠢᠭᠡ ᠲᠦᠷᠦᠯ ᠪᠣᠯᠣᠯ᠎ᠠ᠃ ᠦᠵᠡᠭᠴᠢᠳ ᠤᠨ ᠤᠷᠠᠢ | ᠬᠠᠰᠬᠢᠷᠬᠤ ᠳᠠᠭᠤᠨ ᠲᠠᠰᠤᠷᠠᠯᠲᠠ ᠦᠭᠡᠢ ᠴᠤᠤᠷᠢᠶᠠᠲᠤᠨ᠂ ᠲᠠᠮᠢᠷᠴᠢᠳ ᠲᠤ ᠪᠠᠨ ᠬᠦᠴᠦ ᠨᠡᠮᠡᠵᠦ᠂ ᠬᠠᠯᠠᠭᠤᠨ | ᠴᠢᠰᠤ ᠪᠠᠷ ᠢᠶᠠᠨ ᠲᠠᠯ᠎ᠠ ᠨᠤᠲᠤᠭ ᠤᠨ ᠬᠥᠪᠡᠭᠦᠳ ᠥᠬᠢᠳ ᠤᠨ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭ᠎ᠠ ᠶᠢ | ᠬᠥᠮᠦᠰ ᠲᠤ ᠮᠡᠳᠡᠷᠡᠭᠦᠯᠪᠡ᠃ | ᠰᠤᠷ ᠬᠠᠷᠪᠤᠬᠤ ᠤᠷᠤᠯᠳᠤᠭᠠᠨ ᠳᠤ ᠣᠷᠤᠯᠴᠠᠭᠴᠢᠳ ᠨᠣᠮᠣ ᠲᠡᠯᠪᠢᠵᠤ᠂ ᠪᠠᠮᠪᠠᠷ ᠰᠢᠠᠵᠢᠯᠠᠵᠤ᠂ ᠣᠨᠢᠯᠠᠨᠠ᠃ | ᠰᠤᠮᠤ ᠬᠦᠪᠴᠢ ᠠᠴᠠ ᠰᠠᠯᠬᠤ ᠭᠱᠠᠨ ᠳᠤ᠂ ᠴᠠᠭᠠᠨ ᠰᠠᠷ᠎ᠠ ᠶᠢᠨ ᠬᠦᠰᠡᠯ ᠡᠷᠡᠮᠡᠯᠵᠡᠯ ᠪᠠ ᠵᠥᠩᠨᠡᠯ ᠢ ᠡᠪᠦᠷᠯᠡᠨ᠂ | ᠬᠠᠷᠠᠯᠲᠠ ᠳᠠᠭᠠᠨ ᠨᠢᠰᠴᠦ ᠪᠠᠶᠢᠯ᠎ᠠ᠃ ᠣᠨᠤᠪᠴᠢᠲᠠᠢ ᠰᠤᠮᠤᠨ ᠮᠡᠷᠭᠡᠵᠢᠯ ᠨᠢ ᠣᠯᠠᠨ ᠲᠦᠮᠡᠨ ᠤ ᠪᠠᠭ᠋ᠠᠷᠬᠠᠯ ᠢ ᠲᠠᠲᠠᠵᠤ | ᠂ ᠲᠠᠯ᠎ᠠ ᠨᠤᠲᠤᠭ ᠤᠨ ᠠᠷᠠᠳ ᠲᠦᠮᠡᠨ ᠤ ᠦᠨᠳᠦᠷ ᠤᠷ᠎ᠠ ᠮᠡᠷᠭᠡᠵᠢᠯ ᠢ ᠢᠯᠡᠷᠡᠭᠦᠯᠦᠭᠰᠡᠨ ᠪᠠᠶᠢᠨ᠎ᠠ᠃ | ᠴᠠᠭᠠᠨ ᠰᠠᠷ᠎ᠠ ᠶᠢᠨ ᠨᠠᠶᠢᠷ ᠪᠣᠯ ᠨᠢᠭᠡ ᠤᠳᠠᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠪᠣᠯᠬᠤ ᠪᠠᠷ ᠪᠠᠷᠠᠬᠤ | ᠥᠬᠡᠶ᠂ ᠨᠠᠩ ᠴᠤ ᠲᠠᠯ᠎ᠠ ᠨᠤᠲᠤᠭ ᠤᠨ ᠰᠣᠶᠣᠯ ᠤᠨ ᠤᠯᠠᠮᠵᠢᠯᠠᠯ ᠪᠠ ᠰᠣᠯᠢᠯᠴᠠᠭ᠎ᠠ ᠪᠣᠯᠤᠨ᠎ᠠ᠂ ᠬᠥᠮᠦᠰ ᠡᠨᠡ ᠬᠦ | ᠪᠠᠶᠠᠷ ᠬᠥᠷ ᠲᠠᠢ ᠪᠠᠶᠠᠷ ᠤᠨ ᠡᠳᠦᠷ ᠲᠤ᠂ ᠬᠠᠮᠲᠤ ᠪᠠᠷ ᠰᠢᠨ᠎ᠡ ᠵᠢᠯ ᠢ ᠤᠭᠲᠤᠵᠤ᠂ ᠰᠠᠶᠢᠨ ᠰᠠᠶᠢᠬᠠᠨ ᠢᠷᠡᠭᠡᠳᠦᠶ ᠶᠢ | ᠬᠦᠰᠡᠨ ᠡᠷᠡᠮᠡᠯᠵᠡᠯᠡᠵᠦ ᠪᠠᠶᠢᠨ᠎ᠠ᠃ | |