ᠮᠠᠯᠴᠢᠨ ᠲᠦᠮᠡᠨ ᠤ ᠰᠣᠶᠣᠯ ᠤᠨ ᠠᠮᠢᠳᠤᠷᠠᠯ ᠢ ᠤᠯᠠᠮ ᠪᠠᠶᠠᠯᠢᠭᠵᠢᠭᠤᠯᠵᠤ᠂ ᠦᠨᠳᠦᠰᠦᠲᠡᠨ ᠤ | ᠤᠯᠠᠮᠵᠢᠯᠠᠯᠲᠤ ᠰᠣᠶᠣᠯ ᠢ ᠪᠠᠳᠠᠷᠠᠭᠤᠯᠬᠤ ᠪᠠ ᠨᠠᠭᠠᠳᠤᠮ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠮᠠᠯᠴᠢᠨ | ᠲᠦᠮᠡᠨ ᠤ ᠡᠷᠡᠰ ᠭᠤᠶᠢᠪᠢᠰᠢ ᠥᠬᠡᠶ ᠨᠠᠮ ᠢᠶᠠᠨ ᠳᠠᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ | ᠠᠮᠢᠳᠤᠷᠠᠯ ᠤᠨ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠬᠤ ᠶᠢᠨ ᠳᠣᠯᠠᠳᠠ᠂ 1 ᠰᠠᠷ᠎ᠠ ᠶᠢᠨ 31 ᠤ | ᠡᠳᠦᠷ᠂ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠰᠢᠨ᠎ᠡ ᠶᠢᠨ ᠭᠤᠷᠪᠠᠨ ᠳᠤ᠂ ᠬᠤᠲᠠ ᠶᠢᠨ ᠭᠡᠷᠡᠯᠳᠦᠠᠣᠳᠦ | ᠰᠣᠮᠣᠨ ᠤ ᠲᠣᠯᠢ ᠭᠠᠴᠠᠭ᠎ᠠ ᠳᠤ ︽ᠲᠠᠩᠰᠤᠭ ᠰᠠᠶᠢᠬᠠᠨ ᠦᠨᠳᠦᠰᠦᠲᠡᠨ ᠤ ᠰᠤᠷᠲᠠᠯ᠂ ᠠᠮᠢᠵᠢᠷᠠᠯ ᠤᠨ ᠬᠦᠴᠦᠨ ᠤ | ᠨᠠᠭᠠᠳᠤᠮ᠂ ᠦᠨᠳᠦᠰᠦᠲᠡᠨ ᠨᠦᠭᠦᠳ ᠤᠨ ᠭᠠᠷ ᠬᠤᠯᠪᠣᠯᠴᠠᠬᠤ︾ ᠴᠠᠭᠠᠨ ᠰᠠᠷ᠎ᠠ ᠶᠢᠨ ᠬᠠᠮᠲᠤ ᠶᠢᠨ ᠨᠠᠭᠠᠳᠤᠮ ᠤᠨ | ᠠᠵᠢᠯᠯᠠᠭ᠎ᠠ ᠥᠷᠨᠢᠭᠦᠯᠪᠡ᠃ | | | ᠴᠠᠭᠠᠨ ᠰᠠᠷ᠎ᠠ ᠶᠢᠨ ᠪᠠᠶᠠᠷ ᠤᠨ ᠠᠭᠤᠷ ᠠᠮᠢᠰᠬᠤᠯ ᠲᠠᠯ᠎ᠠ ᠨᠤᠲᠤᠭ ᠢᠶᠠᠷ ᠳᠦᠭᠦᠷᠴᠦ᠂ ᠨᠠᠭᠠᠳᠤᠮ ᠤᠨ | ᠬᠤᠷᠠᠯ ᠣᠯᠠᠨ ᠤ ᠬᠦᠰᠡᠯ ᠡᠷᠡᠮᠡᠯᠵᠡᠯ ᠤᠨ ᠳᠤᠮᠳᠠ ᠬᠥᠰᠢᠭᠡ ᠪᠠᠨ ᠰᠡᠬᠦᠪᠡ᠃ ᠤᠷᠤᠯᠳᠤᠭᠠᠨ ᠤ ᠲᠠᠯᠠᠪᠠᠶ ᠶᠢᠨ | ᠡᠷᠭᠢᠨ ᠲᠣᠭᠤᠷᠢᠨ ᠳᠤ ᠤᠯᠠᠮᠵᠢᠯᠠᠯᠲᠤ ᠬᠤᠪᠴᠠᠰᠤ ᠵᠠᠰᠠᠯ ᠲᠠᠢ ᠮᠠᠯᠴᠢᠳ ᠳᠥᠷᠪᠡᠨ ᠲᠠᠯ᠎ᠠ ᠠᠴᠠ ᠬᠦᠷᠦᠯᠴᠡᠨ | ᠢᠷᠡᠵᠦ ᠪᠠᠶᠠᠷ ᠬᠥᠷ ᠢᠶᠠᠷ ᠪᠢᠯᠬᠠᠵᠤ ᠪᠠᠶᠢᠯ᠎ᠠ᠃ ᠨᠠᠭᠠᠳᠤᠮ ᠤᠨ ᠲᠤᠬᠠᠢ ᠶᠢᠨ ᠲᠠᠯᠠᠪᠠᠢ ᠳᠤ ᠴᠠᠭᠠᠨ ᠰᠠᠷ᠎ᠠ ᠶᠢᠨ ᠪᠠᠶᠠᠷ | ᠪᠠᠭ᠋ᠠᠳᠤᠯ ᠢᠶᠠᠷ ᠪᠢᠯᠬᠠᠵᠤ᠂ ᠬᠤᠷᠳᠤᠨ ᠮᠤᠷᠢᠨ ᠤ ᠤᠷᠤᠯᠳᠤᠭᠠᠨ᠂ ᠲᠡᠰᠪᠤᠷᠢ ᠮᠤᠷᠢᠨ ᠤ ᠤᠷᠤᠯᠳᠤᠭᠠᠨ᠂ ᠲᠡᠮᠡᠭᠡ | ᠤᠷᠤᠯᠳᠤᠬᠤ᠂ ᠪᠦᠬᠡ ᠶᠢᠨ ᠤᠷᠤᠯᠳᠤᠭᠠᠨ᠂ ᠰᠤᠷ ᠬᠠᠷᠪᠤᠯᠳᠠ ᠶᠢᠨ ᠤᠷᠤᠯᠳᠤᠭᠠᠨ ᠵᠡᠷᠭᠡ ᠪᠠᠭᠳᠠᠨ᠎ᠠ᠃ | | | ᠴᠠᠭᠠᠨ ᠰᠠᠷ᠎ᠠ ᠶᠢᠨ ᠨᠠᠶᠢᠷ ᠪᠣᠯ ᠨᠢᠭᠡ ᠤᠳᠠᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠪᠣᠯᠬᠤ ᠪᠠᠷ | ᠪᠠᠷᠠᠬᠤ ᠥᠬᠡᠶ᠂ ᠨᠠᠩ ᠴᠤ ᠲᠠᠯ᠎ᠠ ᠨᠤᠲᠤᠭ ᠤᠨ ᠰᠣᠶᠣᠯ ᠤᠨ ᠤᠯᠠᠮᠵᠢᠯᠠᠯ ᠪᠠ ᠰᠣᠯᠢᠯᠴᠠᠭ᠎ᠠ ᠪᠣᠯᠤᠨ᠎ᠠ᠂ ᠬᠥᠮᠦᠰ | ᠡᠨᠡ ᠬᠦ ᠪᠠᠶᠠᠷ ᠬᠥᠷ ᠲᠠᠢ ᠪᠠᠶᠠᠷ ᠤᠨ ᠡᠳᠦᠷ ᠲᠤ᠂ ᠬᠠᠮᠲᠤ ᠪᠠᠷ ᠰᠢᠨ᠎ᠡ ᠵᠢᠯ ᠢ ᠤᠭᠲᠤᠵᠤ᠂ ᠰᠠᠶᠢᠨ ᠰᠠᠶᠢᠬᠠᠨ | ᠢᠷᠡᠭᠡᠳᠦᠶ ᠶᠢ ᠬᠦᠰᠡᠨ ᠡᠷᠡᠮᠡᠯᠵᠡᠯᠡᠵᠦ ᠪᠠᠶᠢᠨ᠎ᠠ᠃ |