| 2 ᠰᠠᠷ᠎ᠠ ᠶᠢᠨ 11 ᠤ ᠡᠳᠦᠷ᠂ ᠪᠥᠬᠦ ᠬᠤᠲᠠ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ 2024 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠪᠠᠶᠢᠳᠠᠯ ᠢ ᠵᠠᠷᠯᠠᠨ ᠮᠡᠳᠡᠭᠳᠡᠵᠦ᠂ 2025 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠭᠦᠷᠭᠡ ᠶᠢ | ᠳᠣᠭᠢᠷᠠᠭᠤᠯᠤᠨ ᠪᠠᠶᠢᠷᠢᠯᠠᠭᠤᠯᠪᠠ᠃ | | | | | ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠮᠠ ᠬᠠᠶ ᠲᠤᠤ ᠬᠤᠷᠠᠯ ᠡᠷᠭᠢᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠶᠠᠨ ᠬᠤᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ | ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠬᠠᠮᠢᠶᠠᠷᠤᠯᠲᠠ ᠶᠢᠨ | ᠵᠥᠪᠯᠡᠯ ᠪᠣᠯᠤᠨ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ | ᠬᠠᠷᠢᠭᠤᠴᠠᠯᠭᠠᠲᠠᠨ ᠨᠥᠬᠦᠳ ᠶᠠᠷᠢᠶ᠎ᠠ ᠲᠠᠯᠪᠢᠵᠠᠢ᠃ | | | | | ᠸᠠᠩ ᠰᠠᠨ ᠱᠢ᠂ ︽ᠲᠩᠷᠢ ᠶᠢᠨ ᠣᠳᠬ᠎ᠠ᠂ ᠭᠠᠵᠠᠷ ᠤᠨ ᠵᠦᠢ᠂ ᠬᠥᠮᠦᠨ ᠤ ᠬᠠᠷᠢᠯᠴᠠᠭ᠎ᠠ︾ ᠶᠢᠨ ᠳᠠᠪᠠᠭᠤᠯᠢᠭ ᠲᠤ | ᠰᠠᠭᠤᠷᠢᠯᠠᠵᠤ᠂ ᠢᠲᠡᠭᠡᠯ ᠵᠣᠷᠢᠭ ᠢᠶᠠᠨ ᠴᠢᠨᠠᠭᠰᠢᠳᠠ ᠪᠠᠲᠤᠳᠬᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ | ᠨᠢᠭᠡᠳᠬᠡᠵᠦ᠂ ︽ᠲᠠᠪᠤᠨ ᠶᠡᠭᠡ ᠡᠭᠦᠷᠭᠡ︾ ᠲᠠᠢ ᠨᠢᠭᠲᠠ ᠤᠶᠠᠯᠳᠤᠭᠤᠯᠤᠨ᠂ ︽ᠵᠢᠷᠭᠤᠭᠠᠨ ᠢᠨᠵᠧᠨᠧᠷᠢᠩ︾ ᠢ | ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠭᠵᠢᠯᠲᠡ ᠶᠢᠨ | ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠣᠭᠤᠮᠲᠠ ᠶᠢᠨ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠸᠠᠩ ᠰᠠᠨ ᠱᠢ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠭᠦᠢᠴᠡᠳ | ᠬᠡᠮᠵᠢᠶᠡᠨ ᠤ ᠲᠦᠷᠦᠯ ᠵᠦᠢᠯ ᠢ ᠪᠦᠬᠦ ᠲᠠᠯ᠎ᠠ ᠪᠠᠷ ᠨᠥᠭᠡᠴᠡᠯᠡᠵᠦ᠂ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ ᠶᠢ | ᠦᠷᠭᠦᠯᠵᠢᠯᠡᠨ ᠥᠷᠨᠢᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠷᠣᠨ | ᠪᠦᠰᠡ ᠶᠢᠨ ᠬᠠᠮᠲᠤᠷᠠᠯᠴᠠᠭ᠎ᠠ ᠪᠣᠯᠤᠨ ᠭᠠᠳᠠᠭᠠᠳᠤ ᠨᠡᠭᠡᠭᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠤᠨ | ᠰᠤᠷᠲᠠᠯ ᠢᠶᠠᠨ ᠬᠤᠪᠢᠷᠠᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠪᠦᠬᠦ ᠬᠤᠳᠠ ᠶᠢᠨ | ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ ᠡᠯ᠎ᠡ ᠱᠠᠲᠤᠨ ᠤ ᠺᠠᠳ᠋ᠷᠴᠤᠳ ︽ᠲᠠᠶᠢᠯᠬᠤ ᠰᠡᠳᠬᠢᠬᠦᠶ︾ ᠲᠠᠢ ᠪᠠᠶᠢᠵᠤ᠂ ᠶᠡᠭᠡ ᠲᠠᠯ᠎ᠠ ᠶᠢᠨ | ᠲᠣᠭᠤᠷᠢᠨ ᠳᠤ ᠬᠦᠴᠢᠷ ᠠᠰᠠᠭᠤᠳᠠᠯ ᠳᠤ ᠰᠢᠭᠤᠳ ᠬᠠᠨᠳᠤᠵᠤ᠂ ᠲᠦᠭᠵᠢᠷᠡᠯ ᠢ ᠨᠡᠪᠲᠡᠷᠡᠭᠦᠯᠵᠦ᠂ ᠬᠦᠴᠢᠷ ᠪᠡᠷᠬᠡᠰᠢᠶᠡᠯ ᠳᠤ | ᠰᠢᠯᠲᠠᠭᠠᠨ ᠡᠷᠢᠬᠦ ᠥᠬᠡᠶ ᠪᠠᠶᠢᠵᠤ᠂ ᠠᠮᠵᠢᠯᠳᠠ ᠲᠠᠢ ᠪᠠᠷ ᠠᠷᠭ᠎ᠠ ᠪᠤᠳᠤᠵᠤ᠂ ᠠᠵᠢᠯ ᠤᠨ ᠦᠷ᠎ᠡ ᠪᠦᠲᠦᠮᠵᠢ ᠪᠠᠨ ᠦᠨᠡᠨ ᠬᠦ | ᠠᠵᠢᠯ ᠬᠢᠵᠦ ᠳᠡᠶᠢᠯᠬᠦ᠂ ᠠᠵᠢᠯ ᠶᠠᠪᠤᠳᠠᠯ ᠪᠦᠲᠦᠭᠡᠬᠦ ᠳᠡᠭᠡᠷ᠎ᠡ ᠢᠯᠡᠷᠡᠭᠦᠯᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ | ᠦᠨᠡᠨ ᠬᠦ ᠠᠳᠬᠤᠨ ᠪᠣᠳᠠᠲᠠᠶ ᠠᠵᠢᠯᠯᠠᠬᠤ ᠰᠤᠷᠲᠠᠯ ᠢᠶᠠᠷ ᠪᠣᠭᠤᠮᠲᠠ ᠶᠢᠨ ᠡᠯ᠎ᠡ ᠵᠦᠢᠯ ᠤᠨ ᠠᠵᠢᠯ ᠦᠢᠯᠡᠰ ᠤᠨ | ᠬᠥᠭᠵᠢᠯᠲᠡ ᠶᠢ ᠠᠬᠢᠭᠤᠯᠬᠤ ᠰᠦᠷ ᠳᠠᠯᠠᠶᠢᠴᠠᠲᠠᠶ ᠬᠦᠴᠦᠨ ᠢ ᠨᠢᠭᠲᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | | | | | ᠮᠠ ᠬᠠᠢ ᠲᠤᠤ᠂ ᠪᠦᠬᠦ ᠬᠤᠳᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠢᠨ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠣᠶᠢᠯᠠᠭᠠᠵᠤ᠂ ᠪᠦᠬᠦ ᠵᠢᠯ ᠤᠨ ᠠᠵᠤ ᠠᠬᠤᠢ ᠶᠢᠨ ᠠᠵᠢᠯ ᠤᠨ ᠡᠭᠦᠷᠭᠡ ᠶᠢ ᠲᠠᠬᠢᠨ ᠲᠣᠳᠣᠷᠬᠠᠶᠢᠯᠠᠵᠤ | ᠂ ᠦᠵᠡᠯ ᠰᠠᠨᠠᠭ᠎ᠠ ᠪᠠᠨ ᠲᠠᠬᠢᠨ ᠨᠢᠭᠡᠳᠬᠡᠵᠦ᠂ ᠬᠠᠷᠠᠯᠲᠠ ᠪᠠᠨ ᠲᠠᠬᠢᠨ ᠳᠠᠭᠠᠵᠤ᠂ ᠬᠠᠷᠢᠭᠤᠴᠠᠯᠭ᠎ᠠ ᠪᠠᠨ ᠲᠠᠬᠢᠨ | ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠢ᠃ ᠢᠲᠡᠭᠡᠯ ᠵᠣᠷᠢᠭ ᠢᠶᠠᠨ ᠬᠥᠪᠴᠢᠯᠡᠵᠦ᠂ ᠴᠤᠭ ᠪᠠᠳᠠᠷᠠᠩᠭᠤᠢ ᠡᠷᠴᠢ ᠵᠣᠷᠢᠭ ᠢᠶᠠᠨ ᠬᠥᠪᠴᠢᠯᠡᠵᠦ᠂ | ᠪᠦᠬᠦ ᠵᠢᠯ ᠢᠶᠠᠨ ᠪᠣᠳᠣᠯᠬᠢᠯᠠᠵᠤ᠂ ᠡᠬᠢᠯᠡᠯᠲᠡ ᠶᠢ ᠬᠦᠴᠦᠯᠡᠨ ᠪᠠᠲᠤᠯᠠᠵᠤ᠂ ᠰᠠᠶᠢᠨ ᠡᠬᠢᠯᠡᠯᠲᠡ ᠲᠠᠢ ᠪᠣᠯᠬᠤ ᠶᠢ ᠪᠡᠶᠡᠯᠡᠭᠦᠯᠵᠦ᠂ | ᠡᠯ᠎ᠡ ᠵᠦᠢᠯ ᠤᠨ ᠠᠵᠢᠯ ᠤᠨ ᠬᠥᠭᠡᠭᠡᠵᠦ ᠭᠦᠢᠴᠡᠨ ᠳᠠᠪᠠᠵᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ | ᠲᠡᠷᠢᠭᠦᠨ ᠤ ᠡᠩᠨᠡᠭᠡᠨ ᠳᠤ ᠣᠷᠣᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠡᠷᠢᠶᠡᠨ | ᠬᠤᠳᠠ ᠶᠢᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠡᠢ᠃ |