| ᠮᠠ ᠬᠠᠢ ᠲᠤᠤ ᠪᠠᠶᠠᠷ ᠤᠨ ᠦᠭᠡ ᠬᠡᠯᠡᠬᠦ ᠳᠡᠭᠡᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠡᠮᠦᠨ᠎ᠡ ᠠᠴᠠ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠪᠠᠶᠠᠷ ᠤᠨ ᠡᠳᠦᠷ ᠤᠨ ᠮᠡᠨᠳᠦᠴᠢᠯᠡᠯ | ᠪᠠ ᠰᠠᠶᠢᠨ ᠰᠠᠶᠢᠬᠠᠨ ᠵᠥᠩᠨᠡᠯ ᠳᠡᠪᠰᠢᠭᠦᠯᠪᠡ︕ ᠲᠡᠷᠡ᠂ ᠥᠩᠭᠡᠷᠡᠭᠰᠡᠨ ᠨᠢᠭᠡ ᠵᠢᠯ ᠳᠤ᠂ ᠡᠷᠢᠶᠡᠨ ᠬᠤᠳᠠ ᠨᠢ | ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ | ᠲᠤᠯᠬᠤ ᠴᠡᠭ ᠤᠨ ᠡᠭᠦᠷᠭᠡ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠪᠠᠲᠤ ᠡᠭᠦᠷᠭᠡᠯᠡᠵᠦ᠂ ︽ᠬᠤᠶᠠᠷ ᠶᠡᠭᠡ ᠶᠠᠪᠤᠳᠠᠯ | ︾ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠠᠵᠤ ᠠᠬᠤᠶ ᠶᠢᠨ | ᠲᠤᠭ᠎ᠠ ᠬᠡᠮᠵᠢᠶ᠎ᠡ ᠶᠠᠰᠤ ᠴᠢᠨᠠᠷ ᠵᠡᠷᠭᠡ ᠪᠠᠷ ᠨᠡᠮᠡᠭᠳᠡᠬᠦ᠂ ᠨᠡᠭᠡᠭᠡᠯᠲᠡ ᠬᠢᠬᠦ ᠴᠢᠳᠠᠪᠤᠷᠢ ᠶᠢᠨ ᠲᠠᠰ ᠳᠡᠪᠰᠢᠬᠦ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠪᠡ᠃ ᠰᠢᠨ᠎ᠡ ᠨᠢᠭᠡ ᠵᠢᠯ ᠳᠤ᠂ ᠪᠦᠬᠦ | ᠬᠤᠳᠠ ᠪᠠᠷ ᠢᠶᠠᠨ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠪᠠᠨ ᠪᠠᠬᠢᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ | ᠲᠦᠷᠭᠡᠳᠬᠡᠨ ᠠᠬᠢᠭᠤᠯᠵᠤ᠂ ᠤᠮᠠᠷᠠᠲᠤ ᠶᠢᠨ ᠪᠣᠭᠤᠮᠲᠠ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ | ᠢᠷᠠᠭᠤ ᠰᠠᠶᠢᠬᠠᠨ ᠬᠠᠭᠤᠳᠠᠰᠤ ᠶᠢ ᠬᠠᠮᠲᠤᠪᠠᠷ ᠪᠢᠴᠢᠭᠯᠡᠪᠡ︕ | ᠡᠬᠢᠯᠡᠯᠲᠡ ᠶᠢᠨ ᠶᠣᠰᠣᠯᠠᠯ ᠳᠤ ᠳ᠋ᠧᠩ ᠤᠨ ᠭᠡᠷᠡᠯ ᠴᠠᠬᠢᠯᠭᠠᠨ ᠤ ᠮᠡᠷᠭᠡᠵᠢᠯ ᠢ ᠬᠡᠷᠡᠭᠯᠡᠵᠦ᠂ ᠲᠤᠬᠠᠶ ᠶᠢᠨ ᠲᠠᠯᠠᠪᠠᠢ ᠶᠢᠨ | ᠦᠵᠡᠭᠴᠢᠳ ᠲᠤ ᠵᠡᠭᠦᠳᠦ ᠵᠡᠷᠭᠡᠯᠭᠡᠨ ᠰᠢᠭ ᠬᠠᠷᠠᠭᠠᠨ ᠰᠡᠷᠡᠯ ᠤᠨ ᠦᠷ᠎ᠡ ᠪᠦᠲᠦᠮᠵᠢ ᠶᠢ ᠪᠣᠶ ᠪᠣᠯᠭᠠᠵᠤ᠂ ᠬᠥᠮᠦᠰ ᠤᠨ | ᠪᠠᠭ᠋ᠠᠷᠬᠠᠯ ᠢ ᠲᠠᠲᠠᠨ᠎ᠠ᠃ | ᠬᠤᠸᠠᠷ ᠫᠤᠤᠵᠢᠩ ᠤᠨ ᠦᠳᠡᠰᠢᠯᠡᠭᠡ ᠶᠢ ᠭᠤᠷᠪᠠᠨ ᠪᠦᠯᠦᠭ ᠬᠤᠪᠢᠶᠠᠵᠤ᠂ ᠲᠣᠰ ᠲᠣᠰ ︽ᠥᠪᠥᠷ ᠮᠣᠩᠭᠤᠯ ᠢᠶᠠᠷ | ᠳᠠᠭᠤᠯᠠᠨ ᠠᠶᠠᠯᠠᠵᠦ᠂ ᠵᠣᠯ ᠵᠢᠷᠭᠠᠯ ᠤᠨ ᠵᠦᠭ ᠤᠮᠠᠷᠠᠲᠤ ᠣᠷᠣᠨ︾᠂ ︽ᠠᠪᠤᠷᠭᠤ ᠭᠦᠷᠪᠡᠯ ᠤᠨ ᠨᠤᠲᠤᠭ ᠡᠷᠢᠶᠡᠨ | ᠬᠤᠲᠠ︾᠂ ︽ᠡᠷᠢᠶᠡᠨ ᠬᠤᠲᠠ ᠳᠤ ᠪᠣᠯᠵᠣᠵᠤ᠂ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠢ | ᠬᠠᠮᠲᠤ ᠪᠠᠷ ᠪᠡᠯᠭᠡᠯᠡᠶ᠎ᠡ︾ ᠭᠡᠬᠦ ᠭᠤᠷᠪᠠᠨ ᠪᠦᠯᠦᠭ ᠬᠤᠪᠢᠶᠠᠵᠤ᠂ ᠠᠳᠠᠯᠢ ᠪᠤᠰᠤ ᠳᠦᠷᠰᠦ ᠪᠠᠶᠢᠳᠠᠯ ᠪᠠ ᠥᠩᠭᠡ | ᠭᠢᠯᠪᠠᠭ᠎ᠠ ᠶᠢ ᠰᠠᠴᠤᠷᠠᠭᠤᠯᠤᠨ᠎ᠠ᠃ | 19 ᠴᠠᠭ 05 ᠮᠢᠨᠦ᠋ᠲ ᠲᠤ᠂ ᠬᠤᠸᠠᠷ ᠫᠤᠤᠵᠢᠩ ᠳᠡᠭᠦᠯᠢᠨ ᠳᠡᠯᠭᠡᠷᠡᠵᠦ᠂ ᠡᠯ᠎ᠡ ᠵᠦᠢᠯ ᠤᠨ ᠬᠤᠸᠠᠷ ᠫᠤᠤᠵᠢᠩ | ᠥᠷᠭᠡᠨ ᠠᠭᠤᠳᠠᠮ ᠰᠥᠨᠢ ᠶᠢᠨ ᠣᠭᠲᠠᠷᠭᠤᠢ ᠳᠤ ᠭᠤᠶᠢᠳᠠ ᠰᠠᠶᠢᠬᠠᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠬᠤᠸᠠᠷ | ᠫᠤᠤᠵᠢᠩ ᠤᠨ ᠦᠳᠡᠰᠢᠯᠡᠭᠡ ᠦᠷᠭᠦᠯᠵᠢᠯᠡᠨ 20 ᠮᠢᠨᠦ᠋ᠲ ᠶᠠᠪᠤᠭᠳᠠᠵᠤ᠂ ᠥᠨᠳᠥᠷ ᠣᠭᠲᠠᠷᠭᠤᠢ ᠳᠤ ᠬᠤᠸᠠᠷ | ᠫᠤᠤᠵᠢᠩ ᠢᠶᠠᠷ ᠭᠤᠣᠯ ᠪᠣᠯᠭᠠᠵᠤ᠂ ᠲᠡᠷᠢᠭᠦᠨ ᠤ ᠲᠣᠭᠠᠴᠢᠯᠠᠭᠰᠠᠨ ᠡᠵᠡᠮᠰᠢᠯ ᠤᠨ ᠮᠡᠷᠭᠡᠵᠢᠯ ᠢᠶᠠᠷ ᠨᠠᠶᠢᠷᠠᠭᠤᠯᠤᠨ ᠵᠢᠭᠰᠠᠭᠠᠵᠤ | ᠂ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠪᠣᠯᠤᠨ ᠳᠠᠭᠤᠤ ᠬᠥᠭᠵᠢᠮ ᠤᠨ ᠡᠯᠧᠮᠧᠨ᠋ᠲ ᠢ ᠠᠭᠤᠰᠤᠯᠴᠠᠭᠤᠯᠵᠤ᠂ | ᠥᠰᠥᠭ ᠤᠨ ᠳᠡᠯᠭᠡᠴᠡ᠂ ᠬᠦᠷᠬᠢᠷ᠎ᠡ ᠶᠢᠨ ᠬᠤᠸᠠᠷ ᠫᠤᠤᠵᠢᠩ᠂ ᠬᠥᠮᠦᠰ ᠤᠨ ᠳᠤᠮᠳᠠ ᠪᠠᠶᠢᠨ ᠪᠠᠶᠢᠨ ᠱᠠᠭᠰᠢᠵᠤ ᠪᠠᠶᠢᠯ᠎ᠠ᠃ | ᠠᠳᠠᠯᠢ ᠪᠤᠰᠤ ᠬᠠᠭᠤᠳᠠᠰᠤ᠂ ᠠᠳᠠᠯᠢ ᠪᠤᠰᠤ ᠬᠤᠸᠠᠷ ᠫᠤᠤᠵᠢᠩ᠂ ᠵᠢᠱᠢᠶᠡᠯᠡᠪᠡᠯ ᠰᠣᠷᠭᠤᠭ ᠴᠡᠴᠡᠭ ᠪᠠᠳᠠᠷᠠᠨ | ᠳᠡᠯᠭᠡᠷᠡᠵᠦ᠂ ᠪᠣᠭᠤᠮᠲᠠ ᠶᠢᠨ ᠰᠥᠨᠢ ᠶᠢᠨ ᠣᠭᠲᠠᠷᠭᠤᠢ ᠶᠢ ᠭᠡᠷᠡᠯᠳᠦᠬᠦᠯᠵᠦ᠂ ᠭᠠᠯ ᠮᠣᠳᠣ ᠮᠥᠩᠭᠦᠨ ᠴᠡᠴᠡᠭ ᠰᠥᠨᠢ ᠦᠯᠦ | ᠥᠩᠭᠡᠷᠡᠬᠦ ᠭᠠᠶᠢᠬᠠᠮᠰᠢᠭᠳᠦ ᠦᠵᠡᠮᠵᠢ ᠶᠢ ᠪᠣᠢ ᠪᠣᠯᠭᠠᠵᠤ᠂ ᠬᠤᠲᠠ ᠶᠢᠨ ᠰᠥᠨᠢ ᠶᠢᠨ ᠦᠵᠡᠮᠵᠢ ᠲᠠᠢ ᠵᠡᠭᠦᠳᠦ ᠵᠡᠷᠭᠡᠯᠭᠡᠨ | ᠮᠡᠲᠦ ᠬᠠᠮᠲᠤᠷᠠᠨ ᠬᠥᠳᠡᠯᠦᠯᠴᠡᠵᠦ᠂ ᠬᠠᠯᠠᠭᠤᠨ ᠠᠭᠤᠷ ᠠᠮᠢᠰᠬᠤᠯ ᠪᠢᠯᠬᠠᠭᠰᠠᠨ ᠰᠢᠨ᠎ᠡ ᠵᠢᠯ ᠤᠨ ᠬᠦᠰᠡᠯ ᠡᠷᠡᠮᠡᠯᠵᠡᠯ ᠢ | ᠨᠡᠭᠡᠭᠡᠭᠰᠡᠨ ᠪᠠᠶᠢᠨ᠎ᠠ᠃ | ᠬᠤᠲᠠ ᠶᠢᠨ ᠠᠷᠠᠳ ᠵᠣᠣ ᠶᠠ ᠯᠢ ᠬᠡᠯᠡᠭᠰᠡᠨ ᠨᠢ᠄ ︽ᠬᠡᠷ ᠤᠨ ᠬᠥᠮᠦᠰ ᠲᠠᠢ ᠪᠠᠨ ᠬᠠᠮᠲᠤ ᠲᠤᠬᠠᠶ ᠶᠢᠨ ᠲᠠᠯᠠᠪᠠᠶ ᠳᠤ | ᠬᠤᠸᠠᠷ ᠫᠤᠤᠵᠢᠩ ᠤᠨ ᠲᠣᠭᠯᠠᠯᠲᠠ ᠶᠢ ᠰᠣᠨᠢᠷᠬᠠᠵᠤ᠂ ᠠᠭᠤᠷ ᠠᠮᠢᠰᠬᠤᠯ ᠮᠠᠰᠢ ᠰᠠᠶᠢᠨ᠂ ᠴᠠᠭᠠᠨ ᠰᠠᠷ᠎ᠠ ᠶᠢᠨ ᠦᠨᠦᠷ | ᠠᠮᠲᠠ ᠲᠠᠢ᠂ ᠭᠤᠷᠪᠠᠨ ᠪᠦᠯᠦᠭ ᠬᠤᠪᠢᠶᠠᠭᠰᠠᠨ ᠬᠤᠸᠠᠷ ᠫᠤᠤᠵᠢᠩ ᠤᠨ ᠲᠣᠭᠯᠠᠯᠲᠠ ᠨᠢ ᠰᠢᠨ᠎ᠡ ᠰᠣᠷᠭᠤᠭ ᠮᠥᠷᠲᠡᠭᠡᠨ | ᠰᠦᠷᠯᠢᠭ ᠰᠠᠶᠢᠬᠠᠨ ᠪᠠᠶᠢᠵᠤ᠂ ᠭᠤᠶᠣ ᠰᠠᠶᠢᠬᠠᠨ ᠬᠤᠸᠠᠷ ᠫᠤᠤᠵᠢᠩ ᠤᠨ ᠰᠥᠨᠢ ᠶᠢᠨ ᠣᠭᠲᠠᠷᠭᠤᠶ ᠳᠤ ᠰᠢᠨ᠎ᠡ ᠵᠢᠯ ᠤᠨ | ᠠᠭᠤᠷ ᠠᠮᠢᠰᠬᠤᠯ ᠢ ᠪᠣᠶ ᠪᠣᠯᠭᠠᠨ᠎ᠠ︾ ᠭᠡᠵᠡᠶ᠃ | ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠪᠤᠰᠤᠳ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ | ᠬᠤᠷᠢᠶ᠎ᠠ᠂ ᠬᠤᠲᠠ ᠳᠤ ᠰᠠᠭᠤᠭ᠎ᠠ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠠᠵᠤ ᠠᠬᠤᠶᠢᠯᠠᠯ ᠤᠨ | ᠬᠤᠳᠠᠯᠳᠤᠭᠠᠴᠢᠳ ᠤᠨ ᠡᠪᠯᠡᠯ ᠤᠨ ᠲᠥᠯᠥᠭᠡᠯᠡᠭᠴᠢ᠂ ᠰᠤᠮᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ | ᠲᠥᠯᠥᠭᠡᠯᠡᠭᠴᠢ ᠪᠣᠯᠤᠨ ᠮᠣᠩᠭᠤᠯ ᠤᠯᠤᠰ ᠤᠨ ᠡᠷᠢᠶᠡᠨ ᠬᠤᠲᠠ ᠳᠤ ᠰᠠᠭᠤᠭ᠎ᠠ ᠺᠤᠨᠰᠦ᠋ᠯ ᠤᠨ ᠭᠠᠵᠠᠷ ᠤᠨ ᠺᠤᠨᠰᠦ᠋ᠯ | ᠬᠠᠮᠲᠤ ᠪᠠᠷ ᠲᠤᠬᠠᠶ ᠶᠢᠨ ᠲᠠᠯᠠᠪᠤᠷ ᠲᠤ ᠲᠣᠭᠤᠷᠢᠨ ᠦᠵᠡᠪᠡ᠃ |