| ᠣᠶᠢᠷ᠎ᠠ ᠶᠢᠨ ᠵᠢᠯ ᠳᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠰᠠᠨᠠᠭᠠᠴᠢᠯᠠᠭ᠎ᠠ | ᠳᠣᠤᠷ᠎ᠠ᠂ ᠡᠷᠢᠶᠡᠨ ᠲᠡᠮᠦᠷ ᠵᠠᠮ ᠤᠨ ᠪᠣᠭᠤᠮᠲᠠ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ | ᠨᠡᠪᠲᠡᠷᠡᠬᠦ ᠲᠤᠭ᠎ᠠ ᠬᠡᠮᠵᠢᠶ᠎ᠡ᠂ ᠤᠳᠠᠭ᠎ᠠ ᠳᠠᠷᠠᠭᠠᠯᠠᠨ ᠦᠷᠭᠦᠯᠵᠢᠯᠡᠨ ᠨᠡᠮᠡᠭᠳᠡᠬᠦ ᠪᠠᠶᠢᠳᠠᠯ ᠢᠯᠡᠷᠡᠪᠡ᠃ 2013 ᠣᠨ ᠳᠤ | ᠠᠩᠬ᠎ᠠ ᠤᠳᠠᠭ᠎ᠠ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢ ᠲᠤᠰᠴᠤ ᠲᠡᠭᠡᠭᠡᠪᠦᠷᠢᠯᠡᠭᠰᠡᠨ ᠠᠴᠠ ᠨᠠᠰᠢ᠂ | ᠣᠲᠣ ᠪᠣᠯᠲᠠᠯ᠎ᠠ ᠨᠢᠭᠡᠨᠲᠡ 18000 ᠶᠢ ᠳᠠᠪᠠᠵᠤ᠂ 18124 ᠴᠤᠪᠤᠭ᠎ᠠ ᠲᠡᠭᠡᠭᠡᠪᠦᠷᠢᠯᠡᠭᠰᠡᠨ ᠪᠠᠶᠢᠨ᠎ᠠ᠃ | ᠣᠳᠣᠬᠠᠨ ᠳᠤ᠂ ᠡᠷᠢᠶᠡᠨ ᠲᠡᠮᠦᠷ ᠵᠠᠮ ᠤᠨ ᠪᠣᠭᠤᠮᠲᠠ ᠪᠠᠷ ᠬᠢᠯᠢ ᠠᠴᠠ ᠭᠠᠷᠬᠤ ᠵᠢᠰᠢᠶᠠᠨ ᠤ ᠭᠠᠯᠲᠤ ᠲᠡᠷᠭᠡ ᠨᠢ | ᠭᠧᠷᠮᠠᠨ᠂ ᠫᠤᠯᠠᠨᠳ᠋᠂ ᠣᠷᠣᠰ᠂ ᠪᠧᠯᠤᠷᠦ᠋ᠰᠢᠶ᠎ᠠ ᠶᠢᠨ 10 ᠭᠠᠷᠤᠢ ᠤᠯᠤᠰ ᠤᠨ 60 ᠭᠠᠷᠤᠢ ᠭᠠᠵᠠᠷ ᠣᠷᠣᠨ ᠳᠤ | ᠨᠡᠪᠲᠡᠷᠡᠵᠦ᠂ ᠤᠯᠤᠰ ᠤᠨ ᠳᠣᠲᠣᠭᠠᠳᠤ ᠳᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠩᠬ᠎ᠠ | ᠲᠠᠷᠬᠠᠭᠠᠬᠤ ᠶᠡᠬᠡᠩᠬᠢ ᠬᠤᠳᠠ ᠳᠤ ᠬᠤᠯᠪᠣᠭᠳᠠᠵᠤ᠂ ᠲᠢᠶᠠᠨᠵᠢᠨ᠂ ᠠᠨᠾᠦ᠋ᠢ᠂ ᠬᠤᠨᠠᠨ᠂ ᠰᠧᠴᠤᠸᠠᠨ ᠵᠡᠷᠭᠡ 10 ᠭᠠᠷᠤᠢ | ᠮᠤᠵᠢ ᠬᠤᠲᠠ ᠣᠷᠣᠨ ᠤ ᠪᠠᠷᠠᠭᠠᠨ ᠤ ᠢᠷᠡᠯᠲᠡ ᠶᠢ ᠬᠤᠷᠠᠮᠳᠤᠭᠤᠯᠪᠠ᠃ ᠵᠠᠮ ᠨᠡᠪᠲᠡᠷᠡᠯᠭᠡ ᠶᠢᠨ ᠱᠤᠭᠤᠮ ᠨᠡᠪᠲᠡᠷᠡᠵᠦ | ᠪᠠᠶᠢᠭ᠎ᠠ ᠡᠬᠢᠨ ᠤ ᠬᠤᠭᠤᠴᠠᠭᠠᠨ ᠤ 2 ᠵᠤᠷᠪᠤᠰ ᠠᠴᠠ ᠨᠡᠮᠡᠭᠳᠡᠭᠡᠳ 71 ᠪᠣᠯᠵᠤ᠂ ᠪᠠᠷᠠᠭ᠎ᠠ ᠵᠥᠭᠡᠭᠡᠪᠦᠷᠢᠯᠡᠬᠦ ᠪᠠᠷᠠᠭ᠎ᠠ ᠨᠢ | ᠬᠠᠮᠤᠭ ᠠᠩᠬᠠᠨ ᠤ ᠲᠡᠮᠦᠷᠯᠢᠭ᠂ ᠬᠢᠮᠢ ᠶᠢᠨ ᠠᠵᠤ ᠦᠢᠯᠡᠳᠪᠦᠷᠢ᠂ ᠬᠤᠪᠴᠠᠰᠤ ᠬᠤᠨᠠᠷ ᠱᠠᠬᠠᠶ ᠭᠤᠲᠤᠯ ᠭᠤᠣᠯᠯᠠᠵᠤ | ᠪᠠᠶᠢᠭᠰᠠᠨ ᠠᠴᠠ ᠪᠠᠨ ᠣᠳᠣ ᠤᠯᠤᠰ ᠲᠠᠭᠠᠨ ᠦᠢᠯᠡᠳᠪᠦᠷᠢᠯᠡᠭᠰᠡᠨ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠢᠶᠠᠷ | ᠭᠤᠣᠯ ᠪᠣᠯᠭᠠᠵᠤ᠂ ᠥᠨᠳᠥᠷ ᠨᠡᠮᠡᠯᠲᠡ ᠥᠷᠲᠡᠭ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠳᠬᠦᠨ ᠤ | ᠨᠡᠮᠡᠭᠳᠡᠯ ᠤᠨ ᠪᠠᠶᠢᠳᠠᠯ ᠮᠡᠳᠡᠭᠳᠡᠮ᠎ᠡ ᠪᠣᠯᠵᠤ ᠬᠤᠪᠢᠷᠠᠪᠠ᠃ | ᠣᠶᠢᠷ᠎ᠠ ᠶᠢᠨ ᠵᠢᠯ ᠠᠴᠠ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠤᠨ | ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠡᠷᠢᠶᠡᠨ ᠲᠡᠮᠦᠷ ᠵᠠᠮ ᠤᠨ ᠪᠣᠭᠤᠮᠲᠠ ᠶᠢᠨ ᠬᠢᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠥᠷᠲᠡᠭᠡ ᠲᠠᠯᠠᠪᠤᠷ ᠤᠨ ᠴᠢᠳᠠᠪᠤᠷᠢ ᠪᠠᠨ ᠥᠷᠭᠡᠳᠬᠡᠨ ᠥᠭᠡᠷᠡᠴᠢᠯᠡᠬᠦ ᠶᠢ | ᠲᠦᠷᠭᠡᠳᠬᠡᠨ ᠠᠬᠢᠭᠤᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠤᠨ ᠶᠠᠰᠤ ᠴᠢᠨᠠᠷ | ᠪᠣᠯᠣᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠲᠣᠭᠠᠴᠢᠯᠠᠭᠰᠠᠨ ᠪᠣᠭᠤᠮᠲᠠ ᠶᠢᠨ ᠪᠥᠲᠥᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠡᠮᠦᠷ ᠵᠠᠮ ᠤᠨ ᠪᠠᠷᠠᠭ᠎ᠠ ᠲᠡᠭᠡᠭᠡᠪᠦᠷᠢ ᠶᠢᠨ 95306 ᠲᠣᠭᠠᠴᠢᠯᠠᠭᠰᠠᠨ | ᠪᠣᠭᠤᠮᠲᠠ ᠶᠢᠨ ᠰᠢᠰᠲ᠋ᠧᠮ ᠢ ᠰᠠᠶᠢᠲᠤᠷ ᠬᠡᠷᠡᠭᠯᠡᠵᠦ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠠᠷᠢᠯᠴᠠᠨ ᠨᠡᠪᠲᠡᠷᠡᠯᠴᠡᠵᠦ | ᠬᠠᠮᠲᠤ ᠪᠠᠷ ᠭᠥᠷᠳᠡᠬᠦ᠂ ᠳᠡᠭᠡᠳᠦ ᠬᠡᠮᠵᠢᠶ᠎ᠡ ᠪᠠᠷ ᠬᠠᠮᠵᠢᠯᠴᠠᠬᠤ ᠶᠢ ᠪᠡᠶᠡᠯᠡᠭᠦᠯᠵᠦ᠂ ᠪᠣᠭᠤᠮᠲᠠ ᠪᠠᠷ ᠥᠩᠭᠡᠷᠡᠬᠦ ᠴᠠᠭ ᠢ | 5% ᠠᠴᠠ ᠳᠡᠭᠡᠭᠰᠢ ᠪᠠᠭᠠᠰᠬᠠᠪᠠ᠃ ᠬᠠᠷᠢᠯᠴᠠᠨ ᠵᠥᠪᠳᠡᠯᠴᠡᠵᠦ ᠪᠠᠶᠢᠭᠠᠳ ᠪᠠᠶᠢᠴᠠᠭᠠᠨ ᠰᠢᠯᠭᠠᠬᠤ ᠲᠥᠰᠦᠯ ᠢᠶᠠᠨ | ᠰᠢᠯᠢᠳᠡᠭᠵᠢᠭᠦᠯᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ︽ᠰᠠᠭᠠᠳ ᠥᠬᠡᠶ ᠨᠡᠪᠲᠡᠷᠡᠬᠦ ᠵᠠᠮ︾ ᠢ | ᠨᠡᠭᠡᠭᠡᠵᠦ᠂ ᠲᠡᠷᠭᠡᠨ ᠤ ᠴᠤᠪᠤᠷᠠᠯ ᠢ ᠪᠠᠶᠢᠴᠠᠭᠠᠨ ᠰᠢᠯᠭᠠᠬᠤ ᠲᠠᠰ ᠳᠠᠷᠠᠭᠠᠯᠠᠯ ᠢ ᠲᠣᠳᠣᠷᠬᠠᠶᠢᠯᠠᠨ᠂ ᠬᠢᠯᠢ ᠶᠢᠨ | ᠪᠠᠶᠢᠴᠠᠭᠠᠯᠲᠠ ᠶᠢᠨ ᠳᠤᠮᠳᠠᠴᠢ ᠠᠵᠢᠯᠯᠠᠬᠤ ᠴᠠᠭ ᠢ 30 ᠮᠢᠨᠦ᠋ᠲ ᠤᠨ ᠳᠣᠲᠣᠷ᠎ᠠ ᠪᠣᠯᠭᠠᠨ ᠪᠠᠭᠠᠰᠬᠠᠵᠤ᠂ ᠳᠤᠮᠳᠠᠳᠤ | ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠢᠯᠡᠳᠲᠡ | ᠳᠡᠭᠡᠭᠰᠢᠯᠡᠭᠦᠯᠪᠡ᠃ | ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ | ᠺᠣᠮᠫᠠᠨᠢ ᠶᠢᠨ ᠡᠷᠢᠶᠡᠨ ᠲᠡᠷᠭᠡᠨ ᠥᠷᠲᠡᠭᠡᠨ ᠤ ᠲᠣᠬᠢᠷᠠᠭᠤᠯᠬᠤ ᠦᠢᠯᠡᠳᠪᠦᠷᠢ ᠶᠢᠨ ᠲᠠᠰᠤᠭ ᠤᠨ ᠡᠷᠬᠢᠯᠡᠭᠴᠢ ᠶᠦᠨ ᡁᠢ | ᠵᠢᠶᠦ᠋ᠨ ᠬᠡᠯᠡᠭᠰᠡᠨ ᠨᠢ᠄ ︽2013 ᠣᠨ ᠠᠴᠠ ᠪᠢᠳᠡ ᠠᠩᠬᠠᠳᠠᠭᠴᠢ ᠴᠤᠪᠤᠭ᠎ᠠ ᠳᠤᠮᠳᠠᠳᠤ ᠧᠦ᠋ᠷᠣᠫᠠ ᠶᠢᠨ ᠡᠭᠡᠯᠵᠢ ᠶᠢᠨ | ᠭᠠᠯᠲᠤ ᠲᠡᠷᠭᠡ ᠶᠢ ᠵᠠᠯᠭᠠᠨ ᠲᠡᠭᠡᠭᠡᠪᠦᠷᠢᠯᠡᠵᠦ᠂ 2018 ᠤᠨ ᠪᠣᠯᠬᠤ ᠳᠤ ᠨᠡᠶᠢᠲᠡ 1000 ᠴᠤᠪᠤᠭ᠎ᠠ ᠠᠶᠠᠯᠠᠯ ᠢ ᠵᠠᠯᠭᠠᠨ | ᠠᠪᠴᠤ᠂ 2020 ᠤᠨ ᠪᠣᠯᠲᠠᠯ᠎ᠠ 5000 ᠴᠤᠪᠤᠭ᠎ᠠ ᠲᠡᠷᠭᠡ ᠬᠦᠷᠴᠦ᠂ 2022 ᠣᠨ ᠪᠣᠯᠲᠠᠯ᠎ᠠ ᠲᠦᠮᠡᠨ ᠴᠤᠪᠤᠭ᠎ᠠ | ᠶᠡᠭᠡ ᠪᠣᠭᠤᠮᠲᠠ ᠶᠢ ᠰᠢᠪᠲᠤᠯᠵᠤ᠂ ᠳᠠᠬᠢᠭᠠᠳ ᠣᠲᠣ ᠪᠣᠯᠲᠠᠯ᠎ᠠ 18000 ᠴᠤᠪᠤᠭ᠎ᠠ ᠰᠢᠨ᠎ᠡ ᠣᠷᠭᠢᠯ ᠳᠤ ᠬᠦᠷᠪᠡ᠃ | ᠲᠠᠰᠤᠷᠠᠯᠲᠠ ᠥᠬᠡᠶ ᠳᠡᠭᠡᠭᠰᠢᠯᠡᠵᠦ ᠪᠠᠶᠢᠭ᠎ᠠ ᠲᠤᠭ᠎ᠠ ᠪᠠᠷᠢᠮᠲᠠ ᠨᠢ ᠪᠢᠳᠡᠨ ᠤ ᠣᠯᠠᠨ ᠤᠯᠤᠰ ᠤᠨ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠳᠤ | ᠦᠵᠡᠭᠦᠯᠦᠭᠰᠡᠨ ᠢᠳᠡᠪᠬᠢᠲᠡᠶ ᠬᠤᠪᠢ ᠨᠡᠮᠡᠷᠢ ᠶᠢ ᠢᠯᠡᠷᠡᠭᠦᠯᠦᠭᠰᠡᠨ ᠪᠥᠭᠡᠳ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ | ᠲᠡᠷᠭᠡ ᠪᠣᠯᠤᠨ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠶᠠᠪᠤᠴᠠ ᠶᠢ | ᠭᠡᠷᠡᠴᠢᠯᠡᠵᠡᠶ᠃ |