| | 2 ᠰᠠᠷ᠎ᠠ ᠶᠢᠨ 13 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ | ᠳᠤᠭᠤᠶᠢᠯᠠᠩ 2025 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ | ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ | ᠶᠠᠷᠢᠯᠴᠠᠵᠤ ᠰᠠᠨᠠᠯ ᠢᠶᠠᠨ ᠰᠣᠯᠢᠯᠴᠠᠵᠤ᠂ ︽ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠮᠥᠷᠥᠨ ᠳᠡᠭᠡᠷ᠎ᠡ ᠪᠠᠨ | ᠪᠠᠶᠢᠨ᠎ᠠ︾ ᠭᠡᠬᠦ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠪᠡ᠃ ᠠᠶᠢᠮᠠᠭ ᠤᠨ ᠨᠠᠮ ᠤᠨ | ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ᠂ ᠬᠤᠳᠠ ᠶᠢᠨ ᠤᠳᠤᠷᠢᠳᠤᠯᠭ᠎ᠠ ᠮᠠ ᠬᠠᠢ ᠲᠤᠤ᠂ ᠶᠠᠩ ᠶᠢᠨ ᠷᠦᠢ᠂ ᠵᠠᠩ ᠶᠦᠩ ᡁᠢ | ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠭᠤᠣᠯ ᠳᠤᠭᠤᠶᠢᠯᠠᠩ ᠤᠨ ᠪᠤᠰᠤᠳ ᠪᠦᠷᠢᠯᠳᠦᠬᠦᠨ ᠪᠢᠴᠢᠭ ᠤᠨ | ᠬᠡᠯᠪᠡᠷᠢ ᠪᠠᠷ ᠰᠤᠳᠤᠯᠤᠨ ᠶᠠᠷᠢᠯᠴᠠᠬᠤ ᠮᠠᠲ᠋ᠧᠷᠢᠶᠠᠯ ᠢᠶᠠᠨ ᠳᠡᠪᠰᠢᠭᠦᠯᠪᠡ᠃ | ᠬᠤᠷᠠᠯ ᠠᠴᠠ᠂ ᠠᠳᠡᠯ ᠤᠨ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ | ᠦᠢᠯᠡᠳᠪᠦᠷᠢᠯᠡᠯ ᠤᠨ ᠠᠵᠢᠯ ᠢ ᠴᠢᠩᠭ᠎ᠠ ᠠᠳᠬᠤᠵᠤ᠂ ᠪᠠᠶᠢᠩᠭᠤ ᠰᠡᠳᠬᠢᠯ ᠲᠠᠯᠪᠢᠵᠤ᠂ ᠠᠶᠤᠯᠭᠦᠢ | ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ | ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠦᠬᠦ | ᠬᠦᠴᠦᠨ ᠢᠶᠠᠷ ᠢᠶᠠᠨ ᠴᠢᠩᠭ᠎ᠠ ᠠᠳᠬᠤᠨ ᠪᠣᠳᠠᠲᠠᠢ ᠠᠳᠬᠤᠬᠤ ᠬᠡᠷᠡᠭᠲᠡᠢ᠃ ᠠᠵᠢᠯ ᠤᠨ ᠭᠤᠤᠯᠳᠠᠯᠭ᠎ᠠ ᠪᠠᠨ | ᠳᠣᠪᠤᠶᠢᠯᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠠᠷᠠᠯᠵᠢᠶ᠎ᠠ | ᠬᠤᠳᠠᠯᠳᠤᠭ᠎ᠠ᠂ ᠰᠢᠲᠠᠮᠠᠬᠠᠶ ᠬᠡᠶ᠂ ᠭᠠᠯ ᠤᠨᠲᠠᠷᠠᠭᠠᠬᠤ ᠵᠡᠷᠭᠡ ᠬᠦᠷᠢᠶᠡᠨ ᠳᠠᠬᠢ ᠠᠶᠤᠯ ᠥᠬᠡᠶ ᠦᠢᠯᠡᠳᠪᠦᠷᠢᠯᠡᠯ ᠳᠤ | ᠲᠤᠯᠭᠠᠷᠠᠵᠤ ᠪᠠᠶᠢᠭ᠎ᠠ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠭᠦᠢᠴᠡᠳ ᠲᠠᠨᠢᠵᠤ᠂ ᠠᠶᠤᠯ ᠥᠬᠡᠶ | ᠦᠢᠯᠡᠳᠪᠦᠷᠢᠯᠡᠯ ᠤᠨ ᠠᠳᠡᠯ ᠬᠢᠯᠪᠠᠷᠬᠠᠨ ᠭᠠᠷᠬᠤ ᠭᠤᠤᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠨᠠᠩ | ᠯᠠᠪᠳᠠᠭᠤᠨ ᠪᠠᠲᠤᠲᠠᠶ ᠪᠦᠲᠦᠮᠵᠢᠲᠡᠶ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠠᠮᠤᠷ ᠲᠦᠪᠰᠢᠨ ᠢ ᠦᠨᠡᠨᠬᠦ | ᠪᠠᠲᠤᠯᠠᠬᠤ ᠬᠡᠷᠡᠭᠲᠡᠶ᠃ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ | ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ | ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠨᠠᠷᠢᠨ ᠠᠳᠬᠤᠵᠤ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠠᠳᠬᠤᠵᠤ᠂ ᠲᠦᠷᠢᠮ ᠤᠨ ᠰᠡᠷᠭᠡᠶᠢᠯᠡᠯᠲᠡ ᠶᠢᠨ ᠱᠤᠭᠤᠮ ᠢ ᠪᠠᠲᠤ | ᠠᠳᠬᠤᠵᠤ᠂ ᠬᠢᠨᠠᠯᠲᠠ ᠬᠠᠮᠢᠶᠠᠷᠤᠯᠲᠠ ᠶᠢᠨ ᠪᠠᠯᠠᠢ ᠣᠷᠣᠨ ᠢ ᠡᠷᠡᠰ ᠠᠷᠢᠯᠭᠠᠵᠤ᠂ ᠬᠠᠤᠯᠢ ᠬᠡᠷᠡᠭᠵᠢᠭᠦᠯᠬᠦ | ᠳᠤᠲᠠᠭᠳᠠᠯ ᠢ ᠬᠤᠷᠢᠭᠯᠠᠵᠤ᠂ ᠠᠶᠤᠯᠭᠦᠢ ᠦᠢᠯᠡᠳᠪᠦᠷᠢᠯᠡᠯ ᠤᠨ ᠪᠦᠬᠦᠯᠢ ᠴᠣᠭᠴᠠ ᠶᠢᠨ ᠲᠦᠪᠰᠢᠨ ᠢ ᠦᠷᠭᠦᠯᠵᠢᠯᠡᠨ | ᠳᠡᠭᠡᠭᠰᠢᠯᠡᠭᠦᠯᠬᠦ ᠬᠡᠷᠡᠭᠲᠡᠢ᠃ |