ᠮᠣᠩᠭᠤᠯ ᠤᠯᠤᠰ ᠤᠨ ᠠᠶᠠᠨᠴᠢᠳ ᠬᠢᠯᠢ ᠠᠯᠤᠰᠯᠠᠨ ᠪᠠᠷᠠᠭ᠎ᠠ  ᠠᠪᠴᠦ ᠪᠣᠭᠤᠮᠲᠠ ᠶᠢᠨ ᠠᠷᠠᠯᠵᠢᠶ᠎ᠠ ᠬᠤᠳᠠᠯᠳᠤᠭᠠᠨ ᠤ ᠵᠠᠬ᠎ᠠ ᠳᠡᠯᠭᠡᠭᠦᠷ ᠬᠥᠭᠵᠢᠶᠡᠨᠲᠡᠶ ᠪᠣᠯᠪᠠ
ᠨᠡᠶᠢᠲᠡᠯᠡᠭᠰᠡᠨ ᠴᠠᠭ᠄
2025/2/17
          ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠮᠠᠨ ᠤ ᠬᠤᠲᠠ ᠶᠢ ᠳᠠᠬᠢᠨᠲᠠ ᠲᠤᠭᠤᠯᠵᠤ ᠮᠣᠩᠭᠤᠯ ᠤᠯᠤᠰ ᠤᠨ ᠬᠤᠳᠠᠯᠳᠤᠭᠠᠴᠢᠨ ᠪᠠᠷᠠᠭ᠎ᠠ ᠬᠤᠳᠠᠯᠳᠤᠨ ᠠᠪᠬᠤ ᠬᠠᠯᠠᠭᠤᠨ ᠥᠷᠨᠢᠯᠲᠡ ᠭᠠᠷᠪᠠ᠃ ᠳᠤᠮᠳᠠᠳᠤ ᠮᠣᠩᠭᠤᠯ ᠤᠨ ᠬᠠᠮᠤᠭ ᠤᠨ ᠶᠡᠭᠡ ᠬᠠᠭᠤᠷᠠᠶ ᠵᠠᠮ ᠤᠨ ᠪᠣᠭᠤᠮᠲᠠ ᠪᠣᠯᠤᠭᠰᠠᠨ ᠤ ᠬᠤᠪᠢ ᠳᠤ᠂ ᠮᠠᠨ ᠤ ᠬᠤᠲᠠ ᠪᠣᠭᠤᠮᠲᠠ ᠪᠠᠷ ᠥᠩᠭᠡᠷᠡᠬᠦ ᠲᠥᠬᠦᠮ ᠲᠥᠷᠥ ᠶᠢᠨ ᠪᠣᠳᠣᠯᠭ᠎ᠠ᠂ ᠡᠯᠪᠡᠭ ᠪᠠᠶᠠᠯᠢᠭ ᠲᠠᠸᠠᠷ ᠤᠨ ᠲᠥᠷᠥᠯ ᠵᠦᠢᠯ ᠢᠶᠠᠷ ᠢᠶᠠᠨ ᠮᠣᠩᠭᠤᠯ ᠤᠯᠤᠰ ᠤᠨ ᠠᠷᠠᠳ ᠣᠯᠠᠨ ᠤ ᠬᠢᠯᠢ ᠠᠯᠤᠰᠯᠠᠨ ᠬᠤᠳᠠᠯᠳᠤᠨ ᠠᠪᠬᠤ ᠶᠢ ᠦᠷᠭᠦᠯᠵᠢᠯᠡᠨ ᠲᠡᠳᠡᠨ ᠠᠪᠴᠢᠷᠠᠵᠤ᠂ ᠬᠤᠶᠠᠷ ᠤᠯᠤᠰ ᠤᠨ ᠬᠢᠯᠢ ᠶᠢᠨ ᠠᠷᠠᠯᠵᠢᠶᠠᠨ ᠤ ᠬᠠᠮᠲᠤᠷᠠᠯᠴᠠᠭᠠᠨ ᠤ ᠴᠢᠬᠤᠯᠠ ᠬᠤᠯᠪᠣᠭᠠᠰᠤ ᠪᠣᠯᠤᠭᠰᠠᠨ ᠪᠠᠶᠢᠨ᠎ᠠ᠃
    ᠲᠦᠷᠢᠶᠡᠰᠦᠨ ᠮᠠᠰᠢᠨ ᠤ ᠵᠢᠯᠣᠭᠤᠴᠢ ᠳ᠋ᠧᠩ ᠪᠠᠭᠰᠢ ᠢ ᠦ ᠬᠤᠳᠠᠯᠳᠤᠭᠠᠨ ᠤ ᠬᠤᠲᠠ ᠶᠢᠨ ᠡᠭᠦᠳᠡᠨ ᠳᠡᠭᠡᠷ᠎ᠡ ᠮᠣᠩᠭᠤᠯ ᠬᠤᠳᠠᠯᠳᠤᠭᠠᠴᠢᠳ ᠢ ᠲᠠᠰᠤᠷᠠᠯᠲᠠ ᠦᠭᠡᠢ ᠲᠠᠲᠠᠵᠤ ᠪᠠᠶᠢᠨ᠎ᠠ᠃ ᠡᠨᠡ ᠬᠡᠳᠦᠨ ᠡᠳᠦᠷ᠂ ᠳ᠋ᠧᠩ ᠪᠠᠭᠰᠢ᠂ ᠮᠣᠩᠭᠤᠯ ᠤᠯᠤᠰ ᠤᠨ ᠬᠤᠳᠠᠯᠳᠤᠭᠠᠴᠢᠨ ᠤᠯᠠᠮ ᠢᠶᠠᠷ ᠣᠯᠠᠰᠢᠷᠠᠵᠤ ᠪᠠᠶᠢᠭ᠎ᠠ ᠶᠢ ᠦᠵᠡᠭᠡᠳ᠂ ᠴᠠᠭ ᠲᠣᠬᠢᠶᠠᠯ ᠢ ᠠᠮᠵᠢᠨ ᠲᠡᠷᠭᠡ ᠪᠠᠨ ᠠᠷᠠᠯᠵᠢᠶ᠎ᠠ ᠬᠤᠳᠠᠯᠳᠤᠭᠠᠨ ᠤ ᠬᠤᠲᠠ ᠶᠢᠨ ᠬᠠᠪᠢ ᠳᠤ ᠵᠣᠭᠰᠣᠩᠭᠢᠷᠠᠵᠤ᠂ ᠠᠶᠠᠨᠴᠢᠳ ᠢ ᠲᠠᠲᠠᠨ᠂ ᠠᠩᠬᠠᠨ ᠤ ᠰᠠᠷ᠎ᠠ ᠶᠢᠨ ᠰᠠᠶᠢᠨ ᠡᠬᠢᠯᠡᠯᠲᠡ ᠲᠠᠢ ᠪᠣᠯᠵᠠᠶ᠃
   ᠲᠦᠷᠢᠶᠡᠰᠦᠨ ᠮᠠᠰᠢᠨ ᠤ ᠵᠢᠯᠣᠭᠤᠴᠢ ᠳ᠋ᠧᠩ ᠪᠠᠭᠰᠢ᠄ ︽ᠬᠠᠶᠢᠷ᠎ᠠ ᠶᠢᠨ ᠪᠠᠶᠠᠷ ᠤᠨ ᠡᠳᠦᠷ ᠠᠴᠠ ᠡᠬᠢᠯᠡᠵᠦ᠂ ᠡᠷᠢᠶᠡᠨ ᠳᠤ ᠢᠷᠡᠭᠰᠡᠨ ᠮᠣᠩᠭᠤᠯ ᠬᠥᠮᠦᠨ ᠣᠯᠠᠰᠢᠷᠠᠵᠤ ᠪᠠᠶᠢᠨ᠎ᠠ᠂ ᠪᠢ ᠡᠳᠦᠷ ᠪᠦᠷᠢ ᠭᠤᠴᠢᠭᠠᠳ ᠤᠳᠠᠭ᠎ᠠ ᠵᠠᠯᠠᠳᠠᠭ ᠶᠤᠮ︾ ᠭᠡᠵᠦ ᠬᠡᠯᠡᠪᠡ᠃     ᠳ᠋ᠧᠩ ᠠᠪᠤᠭᠠᠶ ᠲᠠᠢ ᠠᠳᠠᠯᠢ ᠪᠠᠷ ᠲᠡᠭᠡᠭᠡᠪᠦᠷᠢ ᠳᠤ ᠲᠦᠰᠢᠭᠯᠡᠨ ᠵᠣᠭᠤᠰ ᠣᠯᠬᠤ ᠬᠢᠯᠢ ᠠᠯᠤᠰᠯᠠᠭᠰᠠᠨ ᠵᠢᠯᠣᠭᠤᠴᠢ ᠴᠤ ᠲᠠᠰᠤᠷᠠᠯᠲᠠ ᠦᠭᠡᠶ ᠶᠠᠭᠠᠷᠠᠨ ᠶᠠᠭᠠᠷᠠᠯᠳᠤᠵᠤ ᠪᠠᠶᠢᠨ᠎ᠠ᠃ ᠬᠤᠳᠠᠯᠳᠤᠭᠠᠨ ᠤ ᠲᠠᠯᠠᠪᠤᠷ ᠤᠨ ᠡᠭᠦᠳᠡᠨ ᠳᠤ᠂ ᠲᠡᠳᠡᠨ ᠤ ᠠᠶᠠᠨᠴᠢᠳ ᠲᠠᠲᠠᠬᠤ ᠳᠠᠭᠤᠨ ᠪᠣᠭᠤᠮᠲᠠ ᠶᠢᠨ ᠠᠷᠠᠯᠵᠢᠶ᠎ᠠ ᠬᠤᠳᠠᠯᠳᠤᠭᠠᠨ ᠤ ᠵᠠᠬ᠎ᠠ ᠳᠡᠯᠭᠡᠭᠦᠷ ᠢ ᠨᠠᠩ ᠬᠦᠷ ᠬᠥᠭᠵᠢᠶᠡᠨ ᠲᠠᠢ ᠪᠣᠯᠭᠠᠪᠠ᠃
    ᠮᠣᠩᠭᠤᠯ ᠤᠯᠤᠰ ᠲᠥᠪᠡᠳ ᠤᠨ ᠤᠯᠠᠷᠢᠯ ᠤᠨ ᠰᠢᠨ᠎ᠡ ᠵᠢᠯ ᠤᠨ ᠪᠠᠶᠠᠷ ᠨᠢ ᠬᠢᠲᠠᠳ ᠤᠨ ᠴᠠᠭᠠᠨ ᠰᠠᠷ᠎ᠠ ᠲᠠᠢ ᠲᠡᠩᠴᠡᠵᠦ ᠮᠣᠩᠭᠤᠯ ᠤᠯᠤᠰ ᠤᠨ ᠬᠠᠮᠤᠭ ᠤᠨ ᠴᠢᠬᠤᠯᠠ ᠤᠯᠠᠮᠵᠢᠯᠠᠯᠲᠤ ᠪᠠᠶᠠᠷ ᠤᠨ ᠨᠢᠭᠡ ᠪᠥᠭᠡᠳ ᠳᠠᠬᠢᠭᠠᠳ ᠬᠠᠭᠠᠰ ᠰᠠᠷ᠎ᠠ ᠭᠠᠷᠤᠢ ᠶᠢᠨ ᠳᠠᠷᠠᠭ᠎ᠠ ᠲᠡᠳᠡ ᠰᠢᠨ᠎ᠡ ᠵᠢᠯ ᠢᠶᠠᠨ ᠤᠭᠲᠤᠬᠤ ᠪᠣᠯᠤᠨ᠎ᠠ᠃ ᠡᠶᠢᠮᠦ ᠠᠴᠠ᠂ ᠮᠣᠩᠭᠤᠯ ᠤᠯᠤᠰ ᠤᠨ ᠦᠯᠡᠮᠵᠢ ᠣᠯᠠᠨ ᠵᠣᠴᠢᠳ ᠡᠷᠢᠶᠡᠨ ᠪᠣᠭᠤᠮᠲᠠ ᠪᠠᠷ ᠳᠠᠮᠵᠢᠨ ᠬᠢᠲᠠᠳ ᠤᠯᠤᠰ ᠲᠤ ᠬᠦᠷᠴᠦ ︽ᠰᠢᠨ᠎ᠡ ᠶᠢᠨ ᠪᠠᠷᠠᠭ᠎ᠠ︾ ᠪᠡᠯᠡᠳᠬᠡᠪᠡ᠃ ᠮᠠᠨ ᠤ ᠬᠤᠲᠠ ᠶᠢᠨ ᠡᠯ᠎ᠡ ᠲᠣᠮᠣ ᠬᠤᠳᠠᠯᠳᠤᠭᠠᠨ ᠤ ᠳᠡᠯᠭᠡᠭᠦᠷ᠂ ᠴᠢᠯᠦᠭᠡᠳᠦ ᠳᠡᠯᠭᠡᠭᠦᠷ᠂ ᠲᠣᠮᠣ ᠪᠠᠭᠯᠠᠭ᠎ᠠ ᠪᠣᠭᠤᠳᠠᠯᠲᠠᠢ ᠮᠣᠩᠭᠤᠯ ᠤᠯᠤᠰ ᠤᠨ ᠬᠤᠳᠠᠯᠳᠤᠭᠠᠴᠢᠳ ᠵᠠᠬ᠎ᠠ ᠳᠡᠯᠭᠡᠭᠦᠷ ᠲᠤ ᠵᠣᠭᠰᠣᠵᠤ᠂ ᠰᠡᠳᠭᠢᠯ ᠳᠤ  ᠨᠠᠶᠢᠴᠡᠭᠰᠡᠨ ᠡᠯ᠎ᠡ ᠲᠥᠷᠥᠯ ᠤᠨ ᠴᠠᠭᠠᠨ ᠰᠠᠷ᠎ᠠ ᠶᠢᠨ ᠪᠠᠷᠠᠭ᠎ᠠ ᠡᠷᠢᠵᠦ᠂ ᠪᠣᠭᠤᠮᠲᠠ ᠶᠢ ᠬᠥᠷ ᠬᠥᠭᠵᠢᠶᠡᠨ ᠲᠠᠢ ᠪᠣᠯᠭᠠᠵᠠᠢ᠃      ᠮᠣᠩᠭᠤᠯ ᠤᠯᠤᠰ ᠤᠨ ᠬᠤᠳᠠᠯᠳᠤᠭᠠᠴᠢᠨ ᠪᠦᠷᠢᠨᠰᠦᠷ᠄ ︽3 ᠰᠠᠷ᠎ᠠ ᠪᠣᠯ ᠮᠣᠩᠭᠤᠯ ᠤᠯᠤᠰ ᠤᠨ ᠰᠢᠨ᠎ᠡ ᠵᠢᠯ ᠪᠣᠯᠤᠨ᠎ᠠ᠂ ᠡᠷᠢᠶᠡᠨ ᠬᠤᠲᠠ ᠳᠤ ᠢᠷᠡᠵᠦ ᠰᠢᠨ᠎ᠡ ᠵᠢᠯ ᠤᠨ ᠰᠢᠨ᠎ᠡ ᠶᠢᠨ ᠪᠠᠷᠠᠭ᠎ᠠ ᠪᠠᠨ ᠠᠪᠣᠯ᠎ᠠ᠂ ᠮᠠᠰᠢ ᠣᠯᠠᠨ ᠭᠤᠶᠤ ᠱᠠ᠂ ᠬᠤᠪᠴᠠᠰᠤ ᠬᠤᠳᠠᠯᠳᠤᠨ ᠠᠪᠤᠭᠠᠳ ᠬᠤᠶᠠᠷ ᠮᠢᠩᠭ᠎ᠠ ᠭᠠᠷᠤᠶ ᠲᠥᠭᠦᠷᠢᠭ ᠤᠨ ᠪᠠᠷᠠᠭ᠎ᠠ ᠬᠤᠳᠠᠯᠳᠤᠨ ᠠᠪᠣᠪᠠ︾ ᠭᠡᠵᠦ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号