| ᠣᠶᠢᠷ᠎ᠠ ᠶᠢᠨ ᠵᠢᠯ ᠳᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ | ᠰᠠᠨᠠᠭᠠᠴᠢᠯᠠᠭ᠎ᠠ ᠳᠣᠤᠷ᠎ᠠ᠂ ᠡᠷᠢᠶᠡᠨ ᠲᠡᠮᠦᠷ ᠵᠠᠮ ᠤᠨ ᠪᠣᠭᠤᠮᠲᠠ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ | ᠭᠠᠯᠲᠤ ᠲᠡᠷᠭᠡ ᠶᠢᠨ ᠨᠡᠪᠲᠡᠷᠡᠬᠦ ᠲᠤᠭ᠎ᠠ ᠬᠡᠮᠵᠢᠶ᠎ᠡ᠂ ᠤᠳᠠᠭ᠎ᠠ ᠳᠠᠷᠠᠭᠠᠯᠠᠨ ᠦᠷᠭᠦᠯᠵᠢᠯᠡᠨ ᠨᠡᠮᠡᠭᠳᠡᠬᠦ ᠪᠠᠶᠢᠳᠠᠯ | ᠢᠯᠡᠷᠡᠪᠡ᠃ 2013 ᠣᠨ ᠳᠤ ᠠᠩᠬ᠎ᠠ ᠤᠳᠠᠭ᠎ᠠ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢ | ᠲᠤᠰᠴᠤ ᠲᠡᠭᠡᠭᠡᠪᠦᠷᠢᠯᠡᠭᠰᠡᠨ ᠠᠴᠠ ᠨᠠᠰᠢ᠂ ᠣᠲᠣ ᠪᠣᠯᠲᠠᠯ᠎ᠠ ᠨᠢᠭᠡᠨᠲᠡ 18000 ᠶᠢ ᠳᠠᠪᠠᠵᠤ᠂ 18124 | ᠴᠤᠪᠤᠭ᠎ᠠ ᠲᠡᠭᠡᠭᠡᠪᠦᠷᠢᠯᠡᠭᠰᠡᠨ ᠪᠠᠶᠢᠨ᠎ᠠ᠃ | ᠣᠳᠣᠬᠠᠨ ᠳᠤ᠂ ᠡᠷᠢᠶᠡᠨ ᠲᠡᠮᠦᠷ ᠵᠠᠮ ᠤᠨ ᠪᠣᠭᠤᠮᠲᠠ ᠪᠠᠷ ᠬᠢᠯᠢ ᠠᠴᠠ ᠭᠠᠷᠬᠤ ᠵᠢᠰᠢᠶᠠᠨ ᠤ ᠭᠠᠯᠲᠤ | ᠲᠡᠷᠭᠡ ᠨᠢ ᠭᠧᠷᠮᠠᠨ᠂ ᠫᠤᠯᠠᠨᠳ᠋᠂ ᠣᠷᠣᠰ᠂ ᠪᠧᠯᠤᠷᠦ᠋ᠰᠢᠶ᠎ᠠ ᠶᠢᠨ 10 ᠭᠠᠷᠤᠢ ᠤᠯᠤᠰ ᠤᠨ 60 ᠭᠠᠷᠤᠢ ᠭᠠᠵᠠᠷ | ᠣᠷᠣᠨ ᠳᠤ ᠨᠡᠪᠲᠡᠷᠡᠵᠦ᠂ ᠤᠯᠤᠰ ᠤᠨ ᠳᠣᠲᠣᠭᠠᠳᠤ ᠳᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ | ᠲᠡᠷᠭᠡ ᠶᠢᠨ ᠠᠩᠬ᠎ᠠ ᠲᠠᠷᠬᠠᠭᠠᠬᠤ ᠶᠡᠬᠡᠩᠬᠢ ᠬᠤᠳᠠ ᠳᠤ ᠬᠤᠯᠪᠣᠭᠳᠠᠵᠤ᠂ ᠲᠢᠶᠠᠨᠵᠢᠨ᠂ ᠠᠨᠾᠦ᠋ᠢ᠂ ᠬᠤᠨᠠᠨ᠂ | ᠰᠧᠴᠤᠸᠠᠨ ᠵᠡᠷᠭᠡ 10 ᠭᠠᠷᠤᠢ ᠮᠤᠵᠢ ᠬᠤᠲᠠ ᠣᠷᠣᠨ ᠤ ᠪᠠᠷᠠᠭᠠᠨ ᠤ ᠢᠷᠡᠯᠲᠡ ᠶᠢ ᠬᠤᠷᠠᠮᠳᠤᠭᠤᠯᠪᠠ᠃ ᠵᠠᠮ | ᠨᠡᠪᠲᠡᠷᠡᠯᠭᠡ ᠶᠢᠨ ᠱᠤᠭᠤᠮ ᠨᠡᠪᠲᠡᠷᠡᠵᠦ ᠪᠠᠶᠢᠭ᠎ᠠ ᠡᠬᠢᠨ ᠤ ᠬᠤᠭᠤᠴᠠᠭᠠᠨ ᠤ 2 ᠵᠤᠷᠪᠤᠰ ᠠᠴᠠ ᠨᠡᠮᠡᠭᠳᠡᠭᠡᠳ 71 | ᠪᠣᠯᠵᠤ᠂ ᠪᠠᠷᠠᠭ᠎ᠠ ᠵᠥᠭᠡᠭᠡᠪᠦᠷᠢᠯᠡᠬᠦ ᠪᠠᠷᠠᠭ᠎ᠠ ᠨᠢ ᠬᠠᠮᠤᠭ ᠠᠩᠬᠠᠨ ᠤ ᠲᠡᠮᠦᠷᠯᠢᠭ᠂ ᠬᠢᠮᠢ ᠶᠢᠨ ᠠᠵᠤ ᠦᠢᠯᠡᠳᠪᠦᠷᠢ᠂ | ᠬᠤᠪᠴᠠᠰᠤ ᠬᠤᠨᠠᠷ ᠱᠠᠬᠠᠶ ᠭᠤᠲᠤᠯ ᠭᠤᠣᠯᠯᠠᠵᠤ ᠪᠠᠶᠢᠭᠰᠠᠨ ᠠᠴᠠ ᠪᠠᠨ ᠣᠳᠣ ᠤᠯᠤᠰ ᠲᠠᠭᠠᠨ ᠦᠢᠯᠡᠳᠪᠦᠷᠢᠯᠡᠭᠰᠡᠨ | ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠢᠶᠠᠷ ᠭᠤᠣᠯ ᠪᠣᠯᠭᠠᠵᠤ᠂ ᠥᠨᠳᠥᠷ ᠨᠡᠮᠡᠯᠲᠡ ᠥᠷᠲᠡᠭ᠂ ᠳᠡᠭᠡᠳᠦ | ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠳᠬᠦᠨ ᠤ ᠨᠡᠮᠡᠭᠳᠡᠯ ᠤᠨ ᠪᠠᠶᠢᠳᠠᠯ ᠮᠡᠳᠡᠭᠳᠡᠮ᠎ᠡ ᠪᠣᠯᠵᠤ ᠬᠤᠪᠢᠷᠠᠪᠠ᠃ | ᠣᠶᠢᠷ᠎ᠠ ᠶᠢᠨ ᠵᠢᠯ ᠠᠴᠠ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠤᠨ | ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠡᠷᠢᠶᠡᠨ ᠲᠡᠮᠦᠷ ᠵᠠᠮ ᠤᠨ ᠪᠣᠭᠤᠮᠲᠠ ᠶᠢᠨ ᠬᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠥᠷᠲᠡᠭᠡ ᠲᠠᠯᠠᠪᠤᠷ ᠤᠨ ᠴᠢᠳᠠᠪᠤᠷᠢ ᠪᠠᠨ | ᠥᠷᠭᠡᠳᠬᠡᠨ ᠥᠭᠡᠷᠡᠴᠢᠯᠡᠬᠦ ᠶᠢ ᠲᠦᠷᠭᠡᠳᠬᠡᠨ ᠠᠬᠢᠭᠤᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ | ᠲᠡᠷᠭᠡ ᠶᠢᠨ ᠠᠶᠠᠯᠠᠯ ᠤᠨ ᠶᠠᠰᠤ ᠴᠢᠨᠠᠷ ᠪᠣᠯᠣᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠲᠣᠭᠠᠴᠢᠯᠠᠭᠰᠠᠨ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠡᠮᠦᠷ ᠵᠠᠮ ᠤᠨ | ᠪᠠᠷᠠᠭ᠎ᠠ ᠲᠡᠭᠡᠭᠡᠪᠦᠷᠢ ᠶᠢᠨ 95306 ᠲᠣᠭᠠᠴᠢᠯᠠᠭᠰᠠᠨ ᠪᠣᠭᠤᠮᠲᠠ ᠶᠢᠨ ᠰᠢᠰᠲ᠋ᠧᠮ ᠢ ᠰᠠᠶᠢᠲᠤᠷ ᠬᠡᠷᠡᠭᠯᠡᠵᠦ᠂ ᠮᠡᠳᠡᠭᠡ | ᠵᠠᠩᠭᠢ ᠶᠢᠨ ᠲᠤᠭ᠎ᠠ ᠪᠠᠷᠢᠮᠲᠠ ᠶᠢ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠭᠥᠷᠳᠡᠬᠦ᠂ ᠳᠡᠭᠡᠳᠦ ᠬᠡᠮᠵᠢᠶ᠎ᠡ ᠪᠠᠷ | ᠬᠠᠮᠵᠢᠯᠴᠠᠬᠤ ᠶᠢ ᠪᠡᠶᠡᠯᠡᠭᠦᠯᠵᠦ᠂ ᠪᠣᠭᠤᠮᠲᠠ ᠪᠠᠷ ᠥᠩᠭᠡᠷᠡᠬᠦ ᠴᠠᠭ ᠢ 5% ᠠᠴᠠ ᠳᠡᠭᠡᠭᠰᠢ ᠪᠠᠭᠠᠰᠬᠠᠪᠠ᠃ | ᠬᠠᠷᠢᠯᠴᠠᠨ ᠵᠥᠪᠳᠡᠯᠴᠡᠵᠦ ᠪᠠᠶᠢᠭᠠᠳ ᠪᠠᠶᠢᠴᠠᠭᠠᠨ ᠰᠢᠯᠭᠠᠬᠤ ᠲᠥᠰᠦᠯ ᠢᠶᠠᠨ ᠰᠢᠯᠢᠳᠡᠭᠵᠢᠭᠦᠯᠵᠦ᠂ ᠳᠤᠮᠳᠠᠳᠤ | ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ︽ᠰᠠᠭᠠᠳ ᠥᠬᠡᠶ ᠨᠡᠪᠲᠡᠷᠡᠬᠦ ᠵᠠᠮ︾ ᠢ ᠨᠡᠭᠡᠭᠡᠵᠦ᠂ ᠲᠡᠷᠭᠡᠨ ᠤ | ᠴᠤᠪᠤᠷᠠᠯ ᠢ ᠪᠠᠶᠢᠴᠠᠭᠠᠨ ᠰᠢᠯᠭᠠᠬᠤ ᠲᠠᠰ ᠳᠠᠷᠠᠭᠠᠯᠠᠯ ᠢ ᠲᠣᠳᠣᠷᠬᠠᠶᠢᠯᠠᠨ᠂ ᠬᠢᠯᠢ ᠶᠢᠨ ᠪᠠᠶᠢᠴᠠᠭᠠᠯᠲᠠ ᠶᠢᠨ ᠳᠤᠮᠳᠠᠴᠢ | ᠠᠵᠢᠯᠯᠠᠬᠤ ᠴᠠᠭ ᠢ 30 ᠮᠢᠨᠦ᠋ᠲ ᠤᠨ ᠳᠣᠲᠣᠷ᠎ᠠ ᠪᠣᠯᠭᠠᠨ ᠪᠠᠭᠠᠰᠬᠠᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ | ᠭᠠᠯᠲᠤ ᠲᠡᠷᠭᠡ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃ | ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ | ᠺᠣᠮᠫᠠᠨᠢ ᠶᠢᠨ ᠡᠷᠢᠶᠡᠨ ᠲᠡᠷᠭᠡᠨ ᠥᠷᠲᠡᠭᠡᠨ ᠤ ᠲᠣᠬᠢᠷᠠᠭᠤᠯᠬᠤ ᠦᠢᠯᠡᠳᠪᠦᠷᠢ ᠶᠢᠨ ᠲᠠᠰᠤᠭ ᠤᠨ ᠡᠷᠬᠢᠯᠡᠭᠴᠢ ᠶᠦᠨ | ᡁᠢ ᠵᠢᠶᠦ᠋ᠨ ᠬᠡᠯᠡᠭᠰᠡᠨ ᠨᠢ᠄ ︽2013 ᠣᠨ ᠠᠴᠠ ᠪᠢᠳᠡ ᠠᠩᠬᠠᠳᠠᠭᠴᠢ ᠴᠤᠪᠤᠭ᠎ᠠ ᠳᠤᠮᠳᠠᠳᠤ ᠧᠦ᠋ᠷᠣᠫᠠ ᠶᠢᠨ | ᠡᠭᠡᠯᠵᠢ ᠶᠢᠨ ᠭᠠᠯᠲᠤ ᠲᠡᠷᠭᠡ ᠶᠢ ᠵᠠᠯᠭᠠᠨ ᠲᠡᠭᠡᠭᠡᠪᠦᠷᠢᠯᠡᠵᠦ᠂ 2018 ᠤᠨ ᠪᠣᠯᠬᠤ ᠳᠤ ᠨᠡᠶᠢᠲᠡ 1000 ᠴᠤᠪᠤᠭ᠎ᠠ | ᠠᠶᠠᠯᠠᠯ ᠢ ᠵᠠᠯᠭᠠᠨ ᠠᠪᠴᠤ᠂ 2020 ᠤᠨ ᠪᠣᠯᠲᠠᠯ᠎ᠠ 5000 ᠴᠤᠪᠤᠭ᠎ᠠ ᠲᠡᠷᠭᠡ ᠬᠦᠷᠴᠦ᠂ 2022 ᠣᠨ | ᠪᠣᠯᠲᠠᠯ᠎ᠠ ᠲᠦᠮᠡᠨ ᠴᠤᠪᠤᠭ᠎ᠠ ᠶᠡᠭᠡ ᠪᠣᠭᠤᠮᠲᠠ ᠶᠢ ᠰᠢᠪᠲᠤᠯᠵᠤ᠂ ᠳᠠᠬᠢᠭᠠᠳ ᠣᠲᠣ ᠪᠣᠯᠲᠠᠯ᠎ᠠ 18000 ᠴᠤᠪᠤᠭ᠎ᠠ | ᠰᠢᠨ᠎ᠡ ᠣᠷᠭᠢᠯ ᠳᠤ ᠬᠦᠷᠪᠡ᠃ ᠲᠠᠰᠤᠷᠠᠯᠲᠠ ᠥᠬᠡᠶ ᠳᠡᠭᠡᠭᠰᠢᠯᠡᠵᠦ ᠪᠠᠶᠢᠭ᠎ᠠ ᠲᠤᠭ᠎ᠠ ᠪᠠᠷᠢᠮᠲᠠ ᠨᠢ ᠪᠢᠳᠡᠨ ᠤ ᠣᠯᠠᠨ | ᠤᠯᠤᠰ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠥᠬᠡᠶ | ᠨᠡᠪᠲᠡᠷᠡᠬᠦ ᠶᠢ ᠪᠠᠲᠤᠯᠠᠬᠤ ᠳᠤ ᠦᠵᠡᠭᠦᠯᠦᠭᠰᠡᠨ ᠢᠳᠡᠪᠬᠢᠲᠡᠶ ᠬᠤᠪᠢ ᠨᠡᠮᠡᠷᠢ ᠶᠢ ᠢᠯᠡᠷᠡᠭᠦᠯᠦᠭᠰᠡᠨ ᠪᠥᠭᠡᠳ ᠳᠤᠮᠳᠠᠳᠤ | ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠪᠣᠯᠤᠨ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠴᠢᠨᠠᠷ | ᠰᠠᠶᠢᠲᠠᠶ ᠬᠥᠭᠵᠢᠯᠲᠡ ᠶᠢᠨ ᠶᠠᠪᠤᠴᠠ ᠶᠢ ᠭᠡᠷᠡᠴᠢᠯᠡᠵᠡᠶ᠃ |