【 ᠭᠤᠣᠯᠳᠠᠯᠭ᠎ᠠ ᠲᠠᠢ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ᠎ᠡ 】 ᠰᠢᠨ᠎ᠡ ᠵᠢᠯ ᠤᠨ ︽ᠨᠢᠭᠡᠳᠦᠭᠡᠷ  ᠰᠢᠳᠠᠮ︾ ᠢᠶᠠᠨ ᠰᠠᠶᠢᠳᠣᠷ ᠭᠦᠶᠦᠨ᠎ᠡ︕ ᠮᠧᠩ ᠨᠧᠩ 150 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠶ ᠲᠣᠤᠷ ᠲᠤ ᠨᠡᠶᠢᠯᠡᠭᠦᠯᠦᠭᠰᠡᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠪᠡ
ᠨᠡᠶᠢᠲᠡᠯᠡᠭᠰᠡᠨ ᠴᠠᠭ᠄
2025/2/24
  ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠨᠡᠮᠡᠭᠳᠡᠯ ᠢ ᠲᠣᠭᠲᠠᠪᠤᠷᠢᠵᠢᠭᠤᠯᠬᠤ ᠶᠢᠨ ︽ᠰᠠᠭᠤᠷᠢ ᠴᠢᠯᠠᠭᠤ︾ ᠪᠣᠯᠬᠤ ᠪᠠᠷ ᠪᠠᠷᠠᠬᠤ ᠦᠭᠡᠢ᠂ ᠪᠠᠰᠠ ᠴᠤ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠵᠠᠩᠭᠢᠯᠠᠭ᠎ᠠ ᠶᠢᠨ ᠲᠤᠯᠭᠠᠭᠤᠷᠢᠯᠠᠯ ᠪᠣᠯᠤᠨ᠎ᠠ᠃ ᠴᠠᠭᠠᠨ ᠰᠠᠷ᠎ᠠ ᠰᠠᠶ᠋ᠢᠬᠠᠨ ᠥᠩᠭᠡᠷᠡᠵᠦ᠂ ᠮᠧᠩ ᠨᠧᠩ 150 ᠲᠦᠮᠡᠨ ᠺᠢᠯᠣᠸᠠᠲ ᠤᠨ ᠪᠠᠲᠤᠯᠠᠭ᠎ᠠ ᠶᠢᠨ ᠴᠢᠨᠠᠷᠲᠠᠶ ᠲᠣᠤᠷ ᠲᠤ ᠨᠡᠶᠢᠯᠡᠭᠦᠯᠦᠭᠰᠡᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠳᠠᠷᠤᠢ ᠡᠬᠢᠯᠡᠨ ᠪᠦᠲᠦᠭᠡᠨ ᠪᠠᠶᠢᠭᠤᠯᠵᠤ᠂ ︽ᠡᠬᠢᠯᠡᠯᠲᠡ ᠪᠣᠯ ᠰᠢᠢᠳᠪᠦᠷᠢᠲᠦ ᠳᠠᠶᠢᠯᠠᠯᠳᠤᠭᠠᠨ ᠮᠥᠨ᠂ ᠡᠬᠢᠯᠡᠯᠲᠡ ᠪᠣᠯ ᠰᠢᠪᠲᠤᠯᠤᠯᠲᠠ ᠮᠥᠨ︾ ᠭᠡᠬᠦ ᠣᠪᠣᠷ ᠢᠶᠠᠷ ᠪᠥᠬᠦ ᠵᠢᠯ ᠤᠨ ᠬᠠᠷᠠᠯᠲᠠ ᠪᠠᠨ ᠪᠦᠬᠦ ᠬᠦᠴᠦᠨ ᠢᠶᠠᠷ ᠢᠶᠠᠨ ᠰᠢᠪᠲᠤᠯᠵᠤ᠂ ᠲᠥᠷᠥᠯ ᠵᠦᠢᠯ ᠢ ᠵᠢᠯ ᠤᠨ ᠳᠣᠲᠣᠷ᠎ᠠ ᠪᠦᠬᠦᠨ ᠢ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃    ᠣᠶᠢᠷ᠎ᠠ ᠳᠤ᠂ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠤᠷ ᠤᠨ ᠰᠤᠷᠪᠤᠯᠵᠢᠯᠠᠭᠴᠢ ᠶᠢᠨ ᠣᠯᠵᠤ ᠦᠵᠡᠭᠰᠡᠨ ᠢᠶᠠᠷ᠂ ᠠᠵᠢᠯᠴᠢᠳ ᠠᠮᠤᠷ ᠲᠦᠪᠰᠢᠨ ᠤ ᠳᠡᠭᠡᠰᠦ ᠶᠢ ᠰᠠᠯᠬᠢᠨ ᠤ ᠮᠠᠰᠢᠨ ᠤ ᠰᠤᠪᠤᠷᠭᠠᠨ ᠲᠦᠩᠰᠡ ᠵᠢᠴᠢ ᠨᠠᠪᠴᠢᠨ ᠳᠡᠭᠡᠷ᠎ᠡ ᠤᠶᠠᠵᠤ᠂ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠭᠰᠡᠨ ᠤ ᠳᠠᠷᠠᠭ᠎ᠠ᠂ ᠡᠷᠭᠦᠭᠦᠷ ᠮᠠᠰᠢᠨ ᠤ ᠡᠯᠭᠦᠭᠦᠷ ᠬᠤᠭᠤᠯᠠᠢ ᠶᠢ ᠲᠣᠭᠲᠠᠭᠰᠠᠨ ᠪᠠᠶᠢᠷᠢᠨ ᠳᠤ ᠲᠠᠯᠪᠢᠵᠤ᠂ 11 ᠠᠵᠢᠯ ᠤᠨ ᠲᠠᠯ᠎ᠠ ᠶᠢ ᠵᠠᠯᠭᠠᠭ᠎ᠠ ᠪᠠᠷ ᠳᠡᠯᠭᠡᠵᠦ᠂ ᠨᠢᠭᠡᠨ ᠯᠤᠲᠤ ᠶᠡᠭᠡ ᠮᠥᠩᠭᠦᠨ ᠥᠩᠭᠡ ᠶᠢᠨ ︽ᠨᠡᠷᠡᠨ ᠬᠤᠸᠠᠷ︾ ᠢ ᠪᠣᠶ ᠪᠣᠯᠭᠠᠪᠠ᠃ ᠪᠦᠬᠦ᠋ᠢᠯᠡ ᠲᠦᠷᠦᠯ ᠵᠦᠢᠯ ᠨᠢ ︽ᠴᠠᠭ ᠢ ᠠᠮᠵᠢᠬᠤ᠂ ᠠᠬᠢᠴᠠ ᠶᠢ ᠲᠦᠷᠭᠡᠳᠬᠡᠬᠦ︾ ᠡᠷᠴᠢ ᠵᠣᠷᠢᠭ ᠢᠶᠠᠷ ᠪᠦᠳᠦᠭᠡᠨ ᠪᠠᠶᠢᠭᠤᠯᠤᠯᠲᠠ ᠶᠢᠨ ︽ᠠᠬᠢᠴᠠ ᠶᠢᠨ ᠵᠤᠷᠪᠤᠰ︾ ᠢ ᠲᠠᠰᠤᠷᠠᠯᠳᠠ ᠦᠭᠡᠢ ᠰᠢᠨᠡᠳᠭᠡᠵᠦ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠶᠠᠭᠠᠷᠠᠯᠲᠠᠢ ᠪᠠᠶᠢᠳᠠᠯ ᠢᠯᠡᠷᠡᠪᠡ᠃    ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠰᠢᠯᠢ ᠶᠢᠨ ᠭᠤᠤᠯ ᠲᠥᠪ ᠤᠨ ᠡᠷᠢᠶᠡᠨ ᠬᠤᠲᠠ ᠶᠢᠨ 150 ᠲᠦᠮᠡᠨ ᠰᠠᠯᠬᠢᠨ ᠬᠦᠴᠦᠨ ᠤ ᠬᠠᠳᠠᠭᠠᠯᠠᠮᠵᠢ ᠶᠢᠨ ᠲᠥᠷᠥᠯ ᠵᠦᠢᠯ ᠤᠨ ᠳᠠᠭᠠᠭᠠᠮᠠᠯ ᠾᠧ ᠢᠦᠶ ᠹᠧᠩ᠄ ︽2024 ᠣᠨ ᠤ ᠡᠴᠦᠰ ᠲᠤ ᠭᠤᠷᠪᠠᠨ ᠬᠦᠴᠦᠳᠡᠯ ᠳᠡᠭᠡᠭᠰᠢᠯᠡᠭᠦᠯᠬᠦ ᠥᠷᠲᠡᠭᠡ ᠶᠢᠨ ᠲᠤᠷᠰᠢᠨ ᠲᠣᠬᠢᠷᠠᠭᠤᠯᠵᠤ ᠳᠠᠭᠤᠰᠬᠤ ᠶᠢᠨ ᠬᠠᠮᠲᠤ ᠴᠠᠬᠢᠯᠭᠠᠨ ᠭᠠᠷᠭᠠᠬᠤ ᠶᠢ ᠪᠡᠶᠡᠯᠡᠭᠦᠯᠦᠨ᠎ᠡ᠃ ᠡᠨᠡ ᠵᠢᠯ 6 ᠰᠠᠷ᠎ᠠ ᠠᠴᠠ ᠡᠮᠦᠨ᠎ᠡ 80 ᠰᠠᠤᠷᠢ ᠮᠠᠰᠢᠨ ᠤ ᠳᠡᠭᠦᠵᠢᠯᠡᠨ ᠤᠭᠰᠠᠷᠠᠬᠤ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠂ ᠵᠢᠱᠢᠯᠲᠡ ᠪᠠᠷ ᠪᠦᠬᠦᠯᠢ ᠴᠣᠭᠴᠠ ᠶᠢᠨ ᠲᠥᠷᠥᠯ ᠵᠦᠢᠯ ᠢ 7 ᠰᠠᠷ᠎ᠠ ᠳᠤ ᠲᠤᠰᠢᠶᠠᠨ ᠥᠭᠴᠦ ᠬᠡᠷᠡᠭᠯᠡᠭᠦᠯᠬᠦ ᠪᠣᠯᠤᠨ᠎ᠠ︾᠃    ᠲᠣᠰ ᠲᠥᠷᠥᠯ ᠵᠦᠢᠯ ᠨᠢ ᠥᠪᠥᠷ ᠮᠣᠩᠭᠤᠯ ᠤᠨ ᠡᠨᠧᠷᠭᠢ ᠶᠢᠨ ᠡᠷᠢᠶᠡᠨ ᠬᠤᠲᠠ ᠶᠢᠨ 100 ᠲᠦᠮᠡᠨ ᠺᠢᠯᠣᠸᠠᠲ ᠤᠨ ᠰᠠᠯᠬᠢ ᠨᠥᠭᠡᠴᠡᠯᠡᠬᠦ ᠲᠥᠷᠥᠯ ᠵᠦᠢᠯ ᠪᠣᠯᠤᠨ ᠥᠪᠥᠷ ᠮᠣᠩᠭᠤᠯ ᠤᠨ ᠡᠨᠧᠷᠭᠢ ᠶᠢᠨ ᠡᠷᠢᠶᠡᠨ ᠬᠤᠲᠠ ᠶᠢᠨ ᠪᠣᠭᠤᠮᠲᠠ ᠶᠢᠨ ᠪᠣᠬᠢᠷᠲᠤᠯ ᠥᠬᠡᠶ ᠪᠠᠷ ᠴᠠᠬᠢᠯᠭᠠᠨ ᠬᠠᠩᠭᠠᠬᠤ 50 ᠲᠦᠮᠡᠨ ᠺᠢᠯᠣᠸᠠᠲ ᠤᠨ ᠰᠠᠯᠬᠢᠨ ᠨᠥᠭᠡᠴᠡᠯᠡᠬᠦ ᠲᠥᠷᠥᠯ ᠵᠦᠢᠯ ᠢᠶᠠᠷ ᠪᠦᠷᠢᠯᠳᠦᠵᠦ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ 1500 ᠰᠠᠶ᠎ᠠ ᠸᠠᠲ ᠲᠤ ᠬᠦᠷᠴᠦ᠂ 150 ᠰᠠᠤᠷᠢ 10 ᠰᠠᠶ᠎ᠠ ᠸᠠᠲ ᠤᠨ ᠰᠠᠯᠬᠢᠨ ᠬᠦᠴᠦᠨ ᠤ ᠮᠠᠰᠢᠨ ᠢ ᠳᠡᠭᠦᠵᠢᠯᠡᠨ ᠤᠭᠰᠠᠷᠠᠪᠠ᠃ ᠡᠨᠡ ᠬᠦ ᠦᠯᠢᠶᠡᠭᠦᠷ ᠮᠠᠰᠢᠨ ᠤ ᠲᠠᠩ ᠮᠠᠰᠢᠨ ᠤ ᠪᠠᠭᠲᠠᠭᠠᠮᠵᠢ ᠨᠢ 10 ᠰᠠᠶ᠎ᠠ ᠸᠠᠲ ᠲᠤ ᠬᠦᠷᠴᠦ᠂ ᠣᠳᠣᠬᠠᠨ ᠳᠤ ᠪᠦᠬᠦ ᠳᠡᠯᠡᠬᠡᠶ ᠶᠢᠨ ᠡᠬᠡ ᠬᠠᠭᠤᠷᠠᠶ ᠳᠠᠬᠢ ᠳᠠᠩ ᠮᠠᠰᠢᠨ ᠤ ᠪᠠᠭᠲᠠᠭᠠᠮᠵᠢ ᠪᠠᠷ ᠬᠠᠮᠤᠭ ᠤᠨ ᠶᠡᠭᠡ ᠮᠠᠰᠢᠨ ᠴᠣᠭᠴᠠᠯᠠᠪᠤᠷᠢ ᠪᠠᠶᠢᠵᠤ᠂ ᠰᠠᠯᠬᠢᠨ ᠤ ᠮᠠᠰᠢᠨ ᠤ ᠬᠦᠷᠳᠦ ᠶᠢᠨ ᠪᠤᠯᠤ ᠶᠢᠨ ᠲᠥᠪ ᠤᠨ ᠥᠨᠳᠥᠷ ᠨᠢ 125 ᠮᠧᠲᠷ᠂ ᠰᠠᠯᠬᠢᠨ ᠤ ᠮᠠᠰᠢᠨ ᠤ ᠳ᠋ᠢᠶᠠᠮᠧᠲᠷ ᠨᠢ 226 ᠮᠧᠳ᠋ᠷ᠂ ᠭᠠᠭᠴᠠ ᠰᠠᠤᠷᠢ ᠦᠯᠢᠶᠡᠯ ᠤᠨ ᠮᠠᠰᠢᠨ ᠤ ᠬᠦᠨᠳᠦ ᠨᠢ 260 ᠲᠣᠨ᠂ ᠰᠠᠯᠬᠢ ᠱᠦᠭᠦᠷᠳᠡᠬᠦ ᠲᠠᠯᠠᠪᠠᠶ ᠨᠢ ᠪᠠᠷᠤᠭ 4 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 6 ᠪᠠᠷᠢᠮᠵᠢᠶᠠᠲᠤ ᠬᠥᠯ ᠪᠥᠮᠪᠦᠭᠡ ᠶᠢᠨ ᠲᠠᠯᠠᠪᠠᠢ ᠲᠠᠢ ᠤᠶᠢᠷᠠᠲᠤᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号