ᠡᠷᠢᠶᠡᠨ ᠬᠤᠲᠠ 2025 ᠣᠨ ᠤ ᠬᠠᠪᠤᠷ ᠤᠨ ᠤᠯᠠᠷᠢᠯ ᠤᠨ ᠴᠡᠷᠢᠭ ᠲᠤ ᠡᠯᠰᠡᠭᠳᠡᠭᠰᠡᠨ ᠵᠠᠯᠠᠭᠤᠴᠤᠳ ᠤᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/2/24
   2 ᠰᠠᠷ᠎ᠠ ᠶᠢᠨ 20 ᠤ ᠡᠳᠦᠷ᠂ ᠮᠠᠨ ᠤ ᠬᠤᠲᠠ 2025 ᠣᠨ ᠤ ᠬᠠᠪᠤᠷ ᠤᠨ ᠤᠯᠠᠷᠢᠯ ᠤᠨ ᠴᠡᠷᠢᠭ ᠲᠤ ᠡᠯᠰᠡᠭᠳᠡᠭᠰᠡᠨ ᠵᠠᠯᠠᠭᠤᠴᠤᠳ ᠤᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ ᠴᠡᠷᠢᠭ ᠲᠤ ᠡᠯᠰᠡᠭᠳᠡᠭᠰᠡᠨ ᠵᠠᠯᠠᠭᠤᠴᠤᠳ ᠴᠡᠷᠢᠭ ᠤᠨ ᠬᠦᠰᠡᠯ ᠵᠡᠭᠦᠳᠦ ᠪᠠᠨ ᠳᠦᠭᠦᠷᠡᠩ ᠡᠪᠦᠷᠯᠡᠨ᠂ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠦᠷᠳᠡᠭᠡ ᠳᠤ ᠬᠦᠷᠴᠦ᠂ ᠴᠡᠷᠢᠭ ᠤᠨ ᠬᠤᠸᠠᠷᠠᠨ ᠳᠠᠬᠢ ᠬᠦᠰᠡᠯ ᠡᠷᠡᠮᠡᠯᠵᠡᠯ ᠪᠣᠯᠤᠨ ᠡᠬᠡ ᠤᠯᠤᠰ ᠲᠠᠭᠠᠨ ᠬᠦᠴᠦ ᠪᠠᠨ ᠡᠷᠭᠦᠬᠦ ᠴᠢᠩ ᠦᠨᠡᠨᠴᠢ ᠰᠡᠳᠬᠢᠯᠭᠡ ᠶᠢ ᠡᠪᠦᠷᠯᠡᠨ᠂ ᠢᠳᠡᠪᠬᠢᠲᠡᠢ ᠪᠠᠷ ᠡᠬᠡ ᠤᠯᠤᠰ ᠤᠨ ᠰᠣᠩᠭᠤᠯᠲᠠ ᠶᠢ ᠬᠦᠯᠢᠶᠡᠨ᠎ᠡ᠃    ᠪᠡᠶ᠎ᠡ ᠶᠢᠨ ᠪᠠᠶᠢᠴᠠᠭᠠᠯᠲᠠ ᠶᠢᠨ ᠲᠤᠬᠠᠶ ᠶᠢᠨ ᠲᠠᠯᠠᠪᠤᠷ ᠲᠤ᠂ ᠴᠡᠷᠢᠭ ᠲᠤ ᠡᠯᠰᠡᠭᠳᠡᠬᠦ ᠵᠠᠯᠠᠭᠤᠴᠤᠳ ᠠᠵᠢᠯᠲᠠᠳ ᠠᠵᠢᠯᠲᠠᠨ ᠤ ᠵᠢᠯᠣᠭᠤᠳᠣᠯᠭ᠎ᠠ ᠳᠣᠤᠷ᠎ᠠ᠂ ᠲᠡᠷᠢ ᠲᠡᠭᠰᠢ ᠵᠢᠭᠰᠠᠵᠤ᠂ ᠳᠣᠲᠣᠷ ᠡᠮᠨᠡᠯᠭᠡ᠂ ᠭᠠᠳᠠᠷ ᠡᠮᠨᠡᠯᠭᠡ᠂ ᠨᠢᠳᠦᠨ ᠤ ᠡᠮᠨᠡᠯᠭᠡ᠂ ᠴᠢᠬᠢ ᠬᠠᠮᠠᠷ ᠬᠤᠭᠤᠯᠠᠶ ᠶᠢᠨ ᠰᠠᠯᠠᠭ᠎ᠠ᠂ ᠠᠮᠠᠨ ᠬᠥᠨᠳᠡᠶ ᠶᠢᠨ ᠰᠠᠯᠠᠭ᠎ᠠ᠂ ᠴᠢᠰᠤᠨ ᠤ ᠵᠤᠷᠰᠢᠯ᠂ ᠰᠢᠭᠡᠰᠦᠨ ᠤ ᠵᠤᠷᠰᠢᠯ᠂ ᠵᠢᠷᠦᠬᠡᠨ ᠤ ᠯᠤᠭᠰᠢᠯᠲᠠ ᠶᠢᠨ ᠵᠢᠷᠤᠭ᠂ ᠴᠡᠭᠡᠵᠢᠨ ᠤ ᠪᠠᠶᠢᠴᠠᠭᠠᠯᠳᠠ ᠵᠡᠷᠭᠡ ᠲᠥᠷᠥᠯ ᠵᠦᠢᠯ ᠤᠨ ᠪᠠᠶᠢᠴᠠᠭᠠᠯᠲᠠ ᠶᠢ ᠡᠮᠬᠢ ᠵᠢᠷᠤᠮ ᠲᠠᠢ ᠪᠠᠷ ᠬᠦᠯᠢᠶᠡᠪᠡ᠃ ᠣᠯᠠᠨ ᠢᠶᠠᠷ ᠢᠶᠠᠨ ᠴᠤᠭ ᠵᠢᠪᠬᠤᠭ᠎ᠠ ᠲᠡᠭᠦᠯᠳᠡᠷ ᠪᠠᠶᠢᠵᠤ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠪᠡᠶ᠎ᠡ ᠶᠢᠨ ᠪᠠᠶᠢᠴᠠᠭᠠᠯᠲᠠ ᠶᠢ ᠤᠭᠲᠤᠪᠠ᠃    ᠪᠡᠶ᠎ᠡ ᠶᠢᠨ ᠪᠠᠶᠢᠴᠠᠭᠠᠯᠲᠠ ᠳᠤᠮᠳᠠ᠂ ᠡᠮᠨᠡᠯᠭᠡ ᠶᠢᠨ ᠠᠵᠢᠯᠲᠠᠳ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ ᠪᠣᠯᠤᠨ ᠶᠠᠪᠤᠴᠠ ᠶᠢ ᠴᠢᠩᠭ᠎ᠠ ᠵᠢᠷᠤᠮᠯᠠᠨ᠂ ᠴᠡᠷᠢᠭ ᠲᠤ ᠡᠯᠰᠡᠭᠳᠡᠬᠦ ᠵᠠᠯᠠᠭᠤᠴᠤᠳ ᠨᠢᠭᠡᠪᠦᠷᠢ ᠳᠤ ᠨᠠᠷᠢᠨ ᠬᠢᠨᠠᠮᠠᠭᠠᠶ ᠪᠠᠶᠢᠴᠠᠭᠠᠯᠲᠠ ᠬᠢᠵᠦ᠂ ᠴᠡᠷᠢᠭ ᠠᠩᠭᠢ ᠳᠤ ᠪᠡᠶ᠎ᠡ ᠮᠠᠬᠠᠪᠣᠳ ᠤᠨ ᠬᠡᠪ ᠴᠢᠨᠠᠷ ᠢᠶᠠᠷ ᠴᠢᠩᠭ᠎ᠠ ᠰᠢᠯᠢᠳᠡᠭ ᠴᠡᠷᠢᠭ ᠬᠦᠷᠭᠡᠬᠦ ᠶᠢ ᠦᠨᠡᠨᠬᠦ ᠪᠠᠲᠤᠯᠠᠪᠠ᠃    ᠪᠡᠶ᠎ᠡ ᠶᠢᠨ ᠪᠠᠶᠢᠴᠠᠭᠠᠯᠲᠠ ᠪᠣᠯ ᠴᠡᠷᠢᠭ ᠡᠯᠰᠡᠬᠦ ᠠᠵᠢᠯ ᠤᠨ ᠨᠢᠭᠡᠳᠦᠭᠡᠷ ᠪᠣᠭᠤᠮᠲᠠ ᠮᠥᠨ᠂ ︽ᠨᠢᠭᠡᠳᠦᠭᠡᠷ ᠪᠣᠭᠤᠮᠲᠠ︾ ᠶᠢ ᠰᠠᠶᠢᠲᠤᠷ ᠡᠵᠡᠮᠳᠡᠬᠦ ᠶᠢᠨ ᠳᠣᠯᠠᠳᠠ᠂ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠥᠬᠦ ᠶᠠᠪᠤᠴᠠ ᠳᠤ ᠬᠢᠨᠠᠯᠲᠠ ᠲᠠᠯᠪᠢᠵᠤ᠂ ᠪᠢᠲᠡᠭᠦᠮᠵᠢᠯᠡᠭᠰᠡᠨ ᠵᠠᠭᠪᠤᠷ ᠢᠶᠠᠷ ᠶᠠᠪᠤᠭᠳᠠᠭᠤᠯᠵᠤ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠲᠤᠷᠰᠢᠯᠭ᠎ᠠ ᠪᠠᠷ ᠪᠠᠶᠠᠯᠢᠭ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠡᠮᠨᠡᠯᠭᠡ ᠶᠢᠨ ᠠᠵᠢᠯᠲᠠᠨ ᠢ ᠨᠠᠷᠢᠨ ᠨᠢᠮᠪᠠᠶ ᠰᠣᠩᠭᠤᠨ ᠪᠡᠶ᠎ᠡ ᠶᠢᠨ ᠪᠠᠶᠢᠴᠠᠭᠠᠯᠲᠠ ᠶᠢᠨ ᠪᠦᠯᠬᠦᠮ ᠪᠠᠶᠢᠭᠤᠯᠵᠤ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠳᠤ ᠬᠢᠨᠠᠯᠲᠠ ᠲᠠᠯᠪᠢᠭᠴᠢ ᠵᠡᠷᠭᠡ ᠪᠠᠷ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号