| | | 2 ᠰᠠᠷ᠎ᠠ ᠶᠢᠨ 20 ᠤ ᠡᠳᠦᠷ᠂ ᠮᠠᠨ ᠤ ᠬᠤᠲᠠ 2025 ᠣᠨ ᠤ ᠬᠠᠪᠤᠷ ᠤᠨ ᠤᠯᠠᠷᠢᠯ ᠤᠨ ᠴᠡᠷᠢᠭ ᠲᠤ | ᠡᠯᠰᠡᠭᠳᠡᠭᠰᠡᠨ ᠵᠠᠯᠠᠭᠤᠴᠤᠳ ᠤᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ ᠴᠡᠷᠢᠭ ᠲᠤ ᠡᠯᠰᠡᠭᠳᠡᠭᠰᠡᠨ | ᠵᠠᠯᠠᠭᠤᠴᠤᠳ ᠴᠡᠷᠢᠭ ᠤᠨ ᠬᠦᠰᠡᠯ ᠵᠡᠭᠦᠳᠦ ᠪᠠᠨ ᠳᠦᠭᠦᠷᠡᠩ ᠡᠪᠦᠷᠯᠡᠨ᠂ ᠴᠡᠷᠢᠭ ᠡᠯᠰᠡᠬᠦ ᠪᠡᠶ᠎ᠡ ᠶᠢᠨ | ᠪᠠᠶᠢᠴᠠᠭᠠᠯᠲᠠ ᠶᠢᠨ ᠦᠷᠳᠡᠭᠡ ᠳᠤ ᠬᠦᠷᠴᠦ᠂ ᠴᠡᠷᠢᠭ ᠤᠨ ᠬᠤᠸᠠᠷᠠᠨ ᠳᠠᠬᠢ ᠬᠦᠰᠡᠯ ᠡᠷᠡᠮᠡᠯᠵᠡᠯ ᠪᠣᠯᠤᠨ ᠡᠬᠡ | ᠤᠯᠤᠰ ᠲᠠᠭᠠᠨ ᠬᠦᠴᠦ ᠪᠠᠨ ᠡᠷᠭᠦᠬᠦ ᠴᠢᠩ ᠦᠨᠡᠨᠴᠢ ᠰᠡᠳᠬᠢᠯᠭᠡ ᠶᠢ ᠡᠪᠦᠷᠯᠡᠨ᠂ ᠢᠳᠡᠪᠬᠢᠲᠡᠢ ᠪᠠᠷ ᠡᠬᠡ | ᠤᠯᠤᠰ ᠤᠨ ᠰᠣᠩᠭᠤᠯᠲᠠ ᠶᠢ ᠬᠦᠯᠢᠶᠡᠨ᠎ᠡ᠃ | ᠪᠡᠶ᠎ᠡ ᠶᠢᠨ ᠪᠠᠶᠢᠴᠠᠭᠠᠯᠲᠠ ᠶᠢᠨ ᠲᠤᠬᠠᠶ ᠶᠢᠨ ᠲᠠᠯᠠᠪᠤᠷ ᠲᠤ᠂ ᠴᠡᠷᠢᠭ ᠲᠤ ᠡᠯᠰᠡᠭᠳᠡᠬᠦ ᠵᠠᠯᠠᠭᠤᠴᠤᠳ ᠠᠵᠢᠯᠲᠠᠳ | ᠠᠵᠢᠯᠲᠠᠨ ᠤ ᠵᠢᠯᠣᠭᠤᠳᠣᠯᠭ᠎ᠠ ᠳᠣᠤᠷ᠎ᠠ᠂ ᠲᠡᠷᠢ ᠲᠡᠭᠰᠢ ᠵᠢᠭᠰᠠᠵᠤ᠂ ᠳᠣᠲᠣᠷ ᠡᠮᠨᠡᠯᠭᠡ᠂ ᠭᠠᠳᠠᠷ ᠡᠮᠨᠡᠯᠭᠡ᠂ | ᠨᠢᠳᠦᠨ ᠤ ᠡᠮᠨᠡᠯᠭᠡ᠂ ᠴᠢᠬᠢ ᠬᠠᠮᠠᠷ ᠬᠤᠭᠤᠯᠠᠶ ᠶᠢᠨ ᠰᠠᠯᠠᠭ᠎ᠠ᠂ ᠠᠮᠠᠨ ᠬᠥᠨᠳᠡᠶ ᠶᠢᠨ ᠰᠠᠯᠠᠭ᠎ᠠ᠂ ᠴᠢᠰᠤᠨ ᠤ ᠵᠤᠷᠰᠢᠯ | ᠂ ᠰᠢᠭᠡᠰᠦᠨ ᠤ ᠵᠤᠷᠰᠢᠯ᠂ ᠵᠢᠷᠦᠬᠡᠨ ᠤ ᠯᠤᠭᠰᠢᠯᠲᠠ ᠶᠢᠨ ᠵᠢᠷᠤᠭ᠂ ᠴᠡᠭᠡᠵᠢᠨ ᠤ ᠪᠠᠶᠢᠴᠠᠭᠠᠯᠳᠠ ᠵᠡᠷᠭᠡ ᠲᠥᠷᠥᠯ | ᠵᠦᠢᠯ ᠤᠨ ᠪᠠᠶᠢᠴᠠᠭᠠᠯᠲᠠ ᠶᠢ ᠡᠮᠬᠢ ᠵᠢᠷᠤᠮ ᠲᠠᠢ ᠪᠠᠷ ᠬᠦᠯᠢᠶᠡᠪᠡ᠃ ᠣᠯᠠᠨ ᠢᠶᠠᠷ ᠢᠶᠠᠨ ᠴᠤᠭ ᠵᠢᠪᠬᠤᠭ᠎ᠠ ᠲᠡᠭᠦᠯᠳᠡᠷ | ᠪᠠᠶᠢᠵᠤ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠪᠡᠶ᠎ᠡ ᠶᠢᠨ ᠪᠠᠶᠢᠴᠠᠭᠠᠯᠲᠠ ᠶᠢ ᠤᠭᠲᠤᠪᠠ᠃ | | ᠪᠡᠶ᠎ᠡ ᠶᠢᠨ ᠪᠠᠶᠢᠴᠠᠭᠠᠯᠲᠠ ᠳᠤᠮᠳᠠ᠂ ᠡᠮᠨᠡᠯᠭᠡ ᠶᠢᠨ ᠠᠵᠢᠯᠲᠠᠳ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ | ᠪᠠᠷᠢᠮᠵᠢᠶ᠎ᠠ ᠪᠣᠯᠤᠨ ᠶᠠᠪᠤᠴᠠ ᠶᠢ ᠴᠢᠩᠭ᠎ᠠ ᠵᠢᠷᠤᠮᠯᠠᠨ᠂ ᠴᠡᠷᠢᠭ ᠲᠤ ᠡᠯᠰᠡᠭᠳᠡᠬᠦ ᠵᠠᠯᠠᠭᠤᠴᠤᠳ ᠨᠢᠭᠡᠪᠦᠷᠢ ᠳᠤ ᠨᠠᠷᠢᠨ | ᠬᠢᠨᠠᠮᠠᠭᠠᠶ ᠪᠠᠶᠢᠴᠠᠭᠠᠯᠲᠠ ᠬᠢᠵᠦ᠂ ᠴᠡᠷᠢᠭ ᠠᠩᠭᠢ ᠳᠤ ᠪᠡᠶ᠎ᠡ ᠮᠠᠬᠠᠪᠣᠳ ᠤᠨ ᠬᠡᠪ ᠴᠢᠨᠠᠷ ᠢᠶᠠᠷ ᠴᠢᠩᠭ᠎ᠠ ᠰᠢᠯᠢᠳᠡᠭ | ᠴᠡᠷᠢᠭ ᠬᠦᠷᠭᠡᠬᠦ ᠶᠢ ᠦᠨᠡᠨᠬᠦ ᠪᠠᠲᠤᠯᠠᠪᠠ᠃ | ᠪᠡᠶ᠎ᠡ ᠶᠢᠨ ᠪᠠᠶᠢᠴᠠᠭᠠᠯᠲᠠ ᠪᠣᠯ ᠴᠡᠷᠢᠭ ᠡᠯᠰᠡᠬᠦ ᠠᠵᠢᠯ ᠤᠨ ᠨᠢᠭᠡᠳᠦᠭᠡᠷ ᠪᠣᠭᠤᠮᠲᠠ ᠮᠥᠨ᠂ ︽ᠨᠢᠭᠡᠳᠦᠭᠡᠷ | ᠪᠣᠭᠤᠮᠲᠠ︾ ᠶᠢ ᠰᠠᠶᠢᠲᠤᠷ ᠡᠵᠡᠮᠳᠡᠬᠦ ᠶᠢᠨ ᠳᠣᠯᠠᠳᠠ᠂ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ | ᠪᠥᠬᠦ ᠶᠠᠪᠤᠴᠠ ᠳᠤ ᠬᠢᠨᠠᠯᠲᠠ ᠲᠠᠯᠪᠢᠵᠤ᠂ ᠪᠢᠲᠡᠭᠦᠮᠵᠢᠯᠡᠭᠰᠡᠨ ᠵᠠᠭᠪᠤᠷ ᠢᠶᠠᠷ ᠶᠠᠪᠤᠭᠳᠠᠭᠤᠯᠵᠤ᠂ ᠬᠤᠲᠠ ᠶᠢᠨ | ᠠᠷᠠᠳ ᠤᠨ ᠡᠮᠨᠡᠯᠭᠡ ᠶᠢᠨ ᠬᠤᠷᠢᠶ᠎ᠠ ᠲᠤᠷᠰᠢᠯᠭ᠎ᠠ ᠪᠠᠷ ᠪᠠᠶᠠᠯᠢᠭ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ | ᠡᠮᠨᠡᠯᠭᠡ ᠶᠢᠨ ᠠᠵᠢᠯᠲᠠᠨ ᠢ ᠨᠠᠷᠢᠨ ᠨᠢᠮᠪᠠᠶ ᠰᠣᠩᠭᠤᠨ ᠪᠡᠶ᠎ᠡ ᠶᠢᠨ ᠪᠠᠶᠢᠴᠠᠭᠠᠯᠲᠠ ᠶᠢᠨ ᠪᠦᠯᠬᠦᠮ ᠪᠠᠶᠢᠭᠤᠯᠵᠤ᠂ | ᠠᠷᠢᠭᠤᠨ ᠴᠢᠬᠡᠴᠢ ᠪᠠᠷ ᠴᠡᠷᠢᠭ ᠡᠯᠰᠡᠬᠦ ᠳᠤ ᠬᠢᠨᠠᠯᠲᠠ ᠲᠠᠯᠪᠢᠭᠴᠢ ᠵᠡᠷᠭᠡ ᠪᠠᠷ ᠲᠣᠭᠤᠷᠢᠨ ᠪᠠᠶᠢᠴᠠᠭᠠᠬᠤ ᠠᠵᠢᠯ ᠢ | ᠥᠷᠨᠢᠭᠦᠯᠪᠡ᠃ |