【 ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠶᠠᠪᠤᠭᠳᠠᠵᠤ  ᠪᠠᠶᠢᠨ᠎ᠠ】 ᠡᠷᠢᠶᠡᠨ ᠬᠤᠲᠠ ᠶᠢᠨ ᠪᠣᠭᠤᠮᠲᠠ᠄ ︽ᠰᠠᠭᠠᠳ ᠥᠬᠡᠶ ᠨᠡᠪᠲᠡᠷᠡᠬᠦ ᠵᠠᠮ︾ ᠢᠶᠠᠷ ᠭᠠᠳᠠᠭᠠᠳᠤ ᠳᠤ ᠭᠠᠷᠭᠠᠬᠤ ᠵᠢᠮᠢᠰ ᠢᠳᠡᠰᠢᠨ ᠨᠣᠭᠤᠭ᠎ᠠ ᠶᠢ ᠶᠠᠭᠠᠷᠠᠯᠳᠠᠢ ᠭᠠᠷᠭᠠᠨ᠎ᠠ
ᠨᠡᠶᠢᠲᠡᠯᠡᠭᠰᠡᠨ ᠴᠠᠭ᠄
2025/2/24
    2 ᠰᠠᠷ᠎ᠠ ᠶᠢᠨ 22 ᠤᠨ ᠡᠳᠦᠷ᠂ ᠬᠤᠲᠠ ᠶᠢᠨ ᠬᠤᠤ ᠭᠠᠩ ᠪᠠᠷᠠᠭᠠᠨ ᠤ ᠭᠦᠢᠯᠭᠡᠭᠡᠨ ᠤ ᠲᠣᠭᠤᠷᠢᠭ ᠲᠤ ᠠᠯᠮᠤᠷᠠᠳ᠂ ᠪᠠᠨᠠᠨᠠ᠂ ᠲᠥᠪᠡᠳ ᠬᠠᠰᠢ᠂ ᠰᠢᠯᠢᠮᠳᠡᠭ ᠵᠡᠷᠭᠡ ᠰᠢᠨ᠎ᠡ ᠰᠣᠷᠭᠤᠭ ᠵᠢᠮᠢᠰ ᠢᠳᠡᠰᠢᠨ ᠨᠣᠭᠤᠭ᠎ᠠ ᠶᠢ ᠳᠦᠭᠦᠷᠲᠡᠯ᠎ᠡ ᠲᠡᠭᠡᠭᠡᠭᠰᠡᠨ 25 ᠪᠠᠷᠠᠭᠠᠨ ᠤ ᠲᠡᠷᠭᠡ ᠨᠢ ᠡᠷᠢᠶᠡᠨ ᠪᠣᠭᠤᠮᠲᠠ ᠶᠢᠨ ᠪᠠᠶᠢᠴᠠᠭᠠᠨ ᠰᠢᠯᠭᠠᠯᠲᠠ ᠪᠠᠷ ᠳᠠᠮᠵᠢᠨ ᠬᠦᠷᠢᠶᠡᠯᠡᠩ ᠲᠣᠭᠤᠷᠢᠭ ᠠᠴᠠ ᠭᠠᠷᠴᠤ᠂ ᠵᠠᠰᠠᠮᠠᠯ ᠵᠠᠮ ᠤᠨ ᠪᠣᠭᠤᠮᠲᠠ ᠪᠠᠷ ᠮᠣᠩᠭᠤᠯ ᠤᠯᠤᠰ ᠲᠤ ᠬᠦᠷᠪᠡ᠃     ᠡᠨᠡ ᠵᠢᠯ ᠤᠨ 2 ᠰᠠᠷ᠎ᠠ ᠶᠢᠨ 21 ᠤ ᠡᠳᠦᠷ ᠪᠣᠯᠲᠠᠯ᠎ᠠ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠪᠠᠷ ᠭᠠᠷᠭᠠᠭᠰᠠᠨ ᠵᠢᠮᠢᠰ ᠨᠣᠭᠤᠭ᠎ᠠ 946 ᠤᠳᠠᠭ᠎ᠠ ᠪᠠᠢᠵᠤ᠂ ᠪᠠᠷᠠᠭᠠᠨ ᠤ ᠬᠦᠨᠳᠦ ᠨᠢ 21758 ᠲᠤᠨ᠂ ᠪᠠᠷᠠᠭᠠᠨ ᠤ ᠥᠷᠲᠡᠭ ᠨᠢ 3568.3 ᠲᠦᠮᠡᠨ ᠲᠥᠭᠦᠷᠢᠭ ᠪᠠᠢᠵᠤ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 42.3%᠂ 42.2 ᠪᠠ 42.2 ᠣᠳᠣᠬᠠᠨ ᠳᠤ ᠡᠷᠢᠶᠡᠨ ᠬᠤᠲᠠ ᠶᠢᠨ ᠪᠣᠭᠤᠮᠲᠠ ᠪᠠᠷ ᠭᠠᠷᠭᠠᠭᠰᠠᠨ ᠵᠢᠮᠢᠰ ᠢᠳᠡᠰᠢᠨ ᠨᠣᠭᠤᠭ᠎ᠠ ᠳᠤ ᠰᠢᠬᠢᠷᠯᠢᠭ ᠯᠠᠵᠤᠤ᠂ ᠥᠷᠭᠡᠰᠦᠲᠦ ᠬᠡᠮᠬᠡ᠂ ᠲᠤᠯᠠᠭᠠᠨ ᠬᠤᠸᠠᠷ᠂ ᠠᠯᠮᠤᠷᠠᠳ᠂ ᠠᠯᠢᠮ᠎ᠠ᠂ ᠪᠠᠨᠠᠨᠠ ᠵᠡᠷᠭᠡ ᠲᠥᠷᠥᠯ ᠵᠦᠢᠯ ᠪᠠᠭᠲᠠᠵᠤ᠂ ᠡᠳᠦᠷ ᠪᠦᠷᠢ ᠳᠤᠮᠳᠠᠴᠢ ᠪᠠᠷ ᠪᠠᠷᠤᠭ 20 ᠲᠡᠷᠭᠡ ᠤᠳᠠᠭ᠎ᠠ ᠭᠠᠳᠠᠭᠠᠳᠤ ᠳᠤ ᠭᠠᠷᠭᠠᠵᠤ ᠪᠠᠶᠢᠨ᠎ᠠ᠃     ᠣᠶᠢᠷ᠎ᠠ ᠶᠢᠨ ᠵᠢᠯ ᠤᠳ ᠲᠤ᠂ ᠪᠣᠭᠤᠮᠲᠠ ᠪᠠᠷ ᠥᠩᠭᠡᠷᠡᠬᠦ ᠶᠢ ᠳᠠᠭᠠᠯᠳᠤᠨ᠂ ᠵᠢᠮᠢᠰ ᠨᠣᠭᠤᠭ᠎ᠠ ᠭᠠᠳᠠᠭᠠᠳᠤ ᠳᠤ ᠭᠠᠷᠭᠠᠬᠤ ᠵᠠᠬᠢᠶᠠᠯᠠᠭ᠎ᠠ ᠶᠢᠨ ᠬᠠᠭᠤᠳᠠᠰᠤ ᠠᠭᠠᠵᠢᠮ ᠢᠶᠠᠷ ᠨᠡᠮᠡᠭᠳᠡᠪᠡ᠃ ᠪᠣᠭᠤᠮᠲᠠ ᠶᠢᠨ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠳᠠᠭᠠᠭᠤᠯᠤᠭᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠢᠨᠠᠨ ᠬᠠᠮᠢᠶᠠᠷᠬᠤ ᠦᠢᠯᠡᠳᠦᠯ ᠴᠢᠳᠠᠪᠤᠷᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠦᠷᠭᠦᠯᠵᠢᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠨᠠᠷᠢᠯᠢᠭ ᠪᠣᠳᠠᠲᠠᠢ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠨᠡᠩ ᠤᠯᠠᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠰᠢᠯᠢᠳᠡᠭ ︽ᠰᠣᠷᠭᠤᠭ︾ ᠢ ᠭᠠᠳᠠᠭᠠᠳᠤ ᠳᠤ ᠭᠠᠷᠭᠠᠬᠤ ᠶᠢ ᠠᠬᠢᠭᠤᠯᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号