2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠲᠡᠭᠦᠰᠴᠦ᠂ ᠪᠥᠬᠦ ᠬᠤᠲᠠ ᠳᠤ ᠨᠡᠶᠢᠲᠡ 6.7 ᠲᠦᠮᠡᠨ ᠬᠥᠮᠦᠨ ᠤᠳᠠᠭ᠎ᠠ ᠠᠶᠠᠨᠴᠢᠳ ᠢ ᠬᠦᠷᠭᠡᠪᠡ
ᠨᠡᠶᠢᠲᠡᠯᠡᠭᠰᠡᠨ ᠴᠠᠭ᠄
2025/2/25
    2 ᠰᠠᠷ᠎ᠠ ᠶᠢᠨ 24 ᠤ ᠡᠳᠦᠷ᠂ ᠰᠤᠷᠪᠤᠯᠵᠢᠯᠠᠭᠴᠢ ᠶᠡᠷᠦᠩᠬᠡᠶᠢᠯᠡᠭᠰᠡᠨ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠷᠢᠶᠡᠨ ᠲᠡᠷᠭᠡᠨ ᠥᠷᠲᠡᠭᠡ᠂ ᠰᠠᠶᠢᠬᠤᠰᠦ ᠣᠯᠠᠨ ᠤᠯᠤᠰ ᠤᠨ ᠨᠢᠰᠬᠡᠯ ᠤᠨ ᠪᠠᠭᠤᠳᠠᠯ ᠵᠡᠷᠭᠡ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠠᠴᠠ ᠣᠶᠢᠯᠠᠭᠠᠭᠰᠠᠨ ᠢᠶᠠᠷ᠂ 2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ᠂ ᠪᠥᠬᠦ ᠬᠤᠲᠠ ᠳᠤ ᠠᠶᠠᠨᠴᠢᠳ ᠢ ᠨᠡᠶᠢᠲᠡ 67899 ᠬᠥᠮᠦᠨ ᠤᠳᠠᠭ᠎ᠠ ᠬᠦᠷᠭᠡᠵᠦ᠂ 2024 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠲᠠᠢ ᠬᠠᠷᠢᠴᠠᠭᠤᠯᠪᠠᠯ 18.8% ᠪᠠᠷ ᠨᠡᠮᠡᠭᠳᠡᠪᠡ᠃
  2025 ᠣᠨ ᠤ ᠴᠠᠭᠠᠨ ᠰᠠᠷ᠎ᠠ ᠶᠢᠨ ᠵᠥᠭᠡᠭᠡᠪᠦᠷᠢ 1 ᠰᠠᠷ᠎ᠠ ᠶᠢᠨ 14 ᠤ ᠡᠳᠦᠷ ᠠᠴᠠ 2 ᠰᠠᠷ᠎ᠠ ᠶᠢᠨ 22 ᠤᠨ ᠡᠳᠦᠷ ᠪᠣᠯᠲᠠᠯ᠎ᠠ᠂ 40 ᠡᠳᠦᠷ ᠤᠨ ᠬᠤᠭᠤᠴᠠᠭ᠎ᠠ ᠲᠠᠢ᠃ ᠴᠠᠭᠠᠨ ᠰᠠᠷ᠎ᠠ ᠶᠢᠨ ᠵᠥᠭᠡᠭᠡᠪᠦᠷᠢᠯᠡᠯᠲᠡ ᠶᠢᠨ ᠬᠤᠭᠤᠴᠠᠭᠠᠨ ᠳᠤ᠂ ᠠᠶᠠᠨᠴᠢᠳ ᠢ ᠣᠶᠢᠷ᠎ᠠ ᠰᠠᠳᠤᠨ ᠢᠶᠠᠨ ᠡᠷᠭᠢᠵᠦ ᠦᠵᠡᠬᠦ᠂ ᠵᠢᠭᠤᠯᠴᠢᠯᠠᠯ ᠤᠨ ᠤᠷᠤᠰᠬᠠᠯ᠂ ᠰᠤᠷᠤᠭᠴᠢᠳ ᠢᠶᠠᠷ ᠭᠤᠣᠯ ᠪᠣᠯᠭᠠᠨ᠎ᠠ᠃ ᠮᠠᠨ ᠤ ᠬᠤᠲᠠ ᠶᠢᠨ ᠵᠠᠰᠠᠮᠠᠯ ᠵᠠᠮ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠲᠡᠭᠡᠭᠡᠪᠦᠷᠢ ᠶᠢᠨ ᠬᠦᠴᠦᠨ ᠢᠶᠠᠨ ᠢᠳᠡᠪᠬᠢᠲᠡᠢ ᠣᠷᠣᠭᠤᠯᠵᠤ᠂ ᠣᠯᠠᠨ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠠᠪᠴᠤ᠂ ᠥᠷᠭᠡᠨ ᠣᠯᠠᠨ ᠠᠷᠠᠳ ᠲᠦᠮᠡᠨ ᠤ ᠴᠠᠭᠠᠨ ᠰᠠᠷ᠎ᠠ ᠶᠢᠨ ᠪᠠᠶᠠᠷ ᠢ ᠪᠠᠶᠠᠷ ᠬᠥᠷ ᠲᠠᠢ ᠥᠩᠭᠡᠷᠡᠭᠦᠯᠬᠦ ᠳᠤ ᠬᠦᠴᠦᠲᠡᠶ ᠲᠡᠭᠡᠭᠡᠪᠦᠷᠢ ᠶᠢᠨ ᠲᠤᠯᠭᠠᠭᠤᠷᠢᠯᠠᠯ ᠬᠠᠩᠭᠠᠵᠤ᠂ ︽ᠠᠮᠤᠷ ᠠᠮᠤᠭᠤᠯᠠᠩ ᠴᠠᠭᠠᠨ ᠰᠠᠷ᠎ᠠ ᠶᠢᠨ ᠵᠥᠭᠡᠭᠡᠪᠦᠷᠢ᠂ ᠡᠮᠬᠢ ᠵᠢᠷᠤᠮ ᠲᠠᠢ ᠴᠠᠭᠠᠨ ᠰᠠᠷ᠎ᠠ ᠶᠢᠨ ᠵᠥᠭᠡᠭᠡᠪᠦᠷᠢ᠂ ᠬᠠᠯᠠᠭᠤᠨ ᠳᠤᠯᠠᠭᠠᠨ ᠴᠠᠭᠠᠨ ᠰᠠᠷ᠎ᠠ ᠶᠢᠨ ᠵᠥᠭᠡᠭᠡᠪᠦᠷᠢ᠂ ᠠᠶᠠᠨᠴᠢᠳ ᠲᠤ ᠨᠠᠩ ᠰᠠᠶᠢᠨ ᠰᠠᠶᠢᠬᠠᠨ ᠪᠠᠶᠢᠳᠠᠯ ᠢ ᠣᠶᠢᠯᠠᠭᠠᠭᠤᠯᠬᠤ︾ ᠠᠵᠢᠯ ᠤᠨ ᠬᠠᠷᠠᠯᠲᠠ ᠶᠢ ᠪᠡᠶᠡᠯᠡᠭᠦᠯᠪᠡ᠃
    ᠵᠠᠰᠠᠮᠠᠯ ᠵᠠᠮ ᠤᠨ ᠲᠠᠯ᠎ᠠ ᠪᠠᠷ᠂ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠪᠥᠬᠦ ᠬᠦᠴᠦᠨ ᠢᠶᠠᠷ ᠢᠶᠠᠨ ᠠᠮᠤᠷ ᠲᠦᠪᠰᠢᠨ᠂ ᠡᠮᠬᠢ ᠵᠢᠷᠤᠮ ᠲᠠᠢ᠂ ᠬᠠᠯᠠᠭᠤᠨ ᠳᠤᠯᠠᠭᠠᠨ ᠴᠠᠭᠠᠨ ᠰᠠᠷ᠎ᠠ ᠶᠢᠨ ᠲᠡᠭᠡᠭᠡᠪᠦᠷᠢ ᠶᠢ ᠪᠣᠶ ᠪᠣᠯᠭᠠᠵᠤ᠂ ᠨᠡᠶᠢᠲᠡ 736 ᠡᠭᠡᠯᠵᠢ ᠶᠢᠨ ᠲᠡᠷᠭᠡ ᠶᠠᠪᠤᠭᠤᠯᠵᠤ᠂ 4996 ᠬᠥᠮᠦᠨ ᠤᠳᠠᠭ᠎ᠠ ᠠᠶᠠᠨᠴᠢᠳ ᠢ ᠬᠦᠷᠭᠡᠪᠡ᠃    ᠲᠡᠮᠦᠷ ᠵᠠᠮ ᠤᠨ ᠲᠠᠯ᠎ᠠ ᠪᠠᠷ᠂ ᠡᠷᠢᠶᠡᠨ ᠲᠡᠷᠭᠡᠨ ᠥᠷᠲᠡᠭᠡ ᠨᠠᠰᠤᠵᠢᠯᠲᠠ ᠳᠤ ᠵᠣᠬᠢᠴᠠᠭᠰᠠᠨ᠂ ᠲᠣᠣᠷ ᠠᠴᠠ ᠰᠠᠯᠤᠭᠰᠠᠨ ᠬᠥᠮᠦᠰ ᠪᠠ ᠭᠤᠣᠯᠳᠠᠯᠭ᠎ᠠ ᠲᠠᠢ ᠠᠶᠠᠨᠴᠢᠳ ᠤᠨ ᠦᠢᠯᠡᠴᠢᠯᠡᠭᠡ ᠶᠢ ᠴᠢᠩᠭᠠᠳᠬᠠᠵᠤ᠂ ᠨᠠᠰᠤᠲᠠᠶᠢᠴᠤᠳ ᠤᠨ ᠠᠶᠠᠨᠴᠢᠨ᠂ ᠠᠶᠠᠯᠠᠯ ᠤᠨ ᠲᠥᠯᠥᠪᠵᠢᠭᠦᠯᠭᠡ ᠪᠠ ᠠᠰᠠᠭᠤᠵᠤ ᠬᠠᠷᠢᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠪᠦᠬᠦ ᠬᠦᠴᠦᠨ ᠢᠶᠠᠷ ᠢᠶᠠᠨ ᠠᠶᠠᠨᠴᠢᠳ ᠤᠨ ᠠᠮᠤᠷ ᠲᠦᠪᠰᠢᠨ ᠢᠶᠠᠷ ᠭᠠᠳᠠᠭᠰᠢ ᠭᠠᠷᠬᠤ ᠶᠢ ᠪᠠᠲᠤᠯᠠᠵᠤ᠂ ᠠᠶᠠᠨᠴᠢᠳ ᠢ ᠨᠡᠶᠢᠲᠡ 22687 ᠬᠥᠮᠦᠨ ᠤᠳᠠᠭ᠎ᠠ ᠬᠦᠷᠭᠡᠪᠡ᠃    ᠠᠷᠠᠳ ᠤᠨ ᠠᠭᠠᠷ ᠤᠨ ᠲᠡᠭᠡᠭᠡᠪᠦᠷᠢ ᠶᠢᠨ ᠲᠠᠯ᠎ᠠ ᠪᠠᠷ᠂ ᠰᠠᠶᠢᠬᠤᠰᠦ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠲᠡᠭᠡᠭᠡᠪᠦᠷᠢ ᠶᠢᠨ ᠡᠭᠡᠯᠵᠢ ᠶᠢᠨ ᠨᠢᠰᠬᠡᠯ ᠤᠨ ᠨᠢᠰᠴᠦ ᠪᠠᠭᠤᠬᠤ ᠶᠢ 695 ᠤᠳᠠᠭ᠎ᠠ ᠪᠠᠲᠤᠯᠠᠵᠤ᠂ ᠠᠳᠠᠯᠢ ᠬᠤᠭᠤᠴᠠᠭᠠᠨ ᠤ ᠬᠢ ᠠᠴᠠ 32.9% ᠪᠠᠷ ᠨᠡᠮᠡᠭᠳᠡᠪᠡ︔ ᠠᠶᠠᠨᠴᠢᠳ ᠤᠨ ᠣᠷᠣᠭᠤᠯᠵᠤ ᠭᠠᠷᠭᠠᠬᠤ ᠬᠡᠮᠵᠢᠶ᠎ᠡ ᠶᠢ 40216 ᠬᠥᠮᠦᠨ ᠤᠳᠠᠭ᠎ᠠ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 40.6% ᠪᠠᠷ ᠨᠡᠮᠡᠭᠳᠡᠨ᠂ ᠠᠶᠠᠨᠴᠢᠳ ᠤᠨ ᠲᠤᠭ᠎ᠠ ᠭᠤᠣᠯᠳᠠᠭᠤ ᠬᠥᠬᠡᠬᠤᠲᠠ᠂ ᠪᠡᠭᠡᠵᠢᠩ ᠵᠡᠷᠭᠡ ᠴᠢᠭᠯᠡᠯ ᠳᠤ ᠲᠥᠪᠯᠡᠷᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号