ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠠᠩᠬ᠎ᠠ ᠤᠳᠠᠭ᠎ᠠ ᠲᠦᠷᠭᠡᠨ ᠡᠮᠨᠡᠯᠭᠡ ᠶᠢᠨ ᠬᠤᠷᠢᠶᠠᠨ ᠤ ᠲᠢᠲᠢᠮᠯᠢᠭ ᠯᠤᠭᠰᠢᠭᠤᠨ ᠰᠤᠳᠠᠯ ᠳᠤ ᠣᠷᠣᠯᠴᠠᠬᠤ ᠮᠡᠷᠭᠡᠵᠢᠯ ᠤᠷᠤᠭᠰᠢᠲᠠᠶ ᠪᠡᠶᠡᠯᠡᠭᠳᠡᠪᠡ
ᠨᠡᠶᠢᠲᠡᠯᠡᠭᠰᠡᠨ ᠴᠠᠭ᠄
2025/2/25
    2 ᠰᠠᠷ᠎ᠠ ᠶᠢᠨ 23 ᠤ ᠡᠳᠦᠷ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠨᠢᠭᠡᠨ ᠲᠦᠷᠭᠡᠨ ᠡᠮᠨᠡᠬᠦ ᠲᠢᠲᠢᠮᠯᠢᠭ ᠠᠭᠤᠰᠬᠢᠨ ᠦᠷᠪᠢᠰᠦᠯ ᠤᠨ ᠯᠤᠭᠰᠢᠭᠤᠨ ᠰᠤᠳᠠᠯ ᠤᠨ ᠣᠷᠣᠯᠴᠠᠬᠤ ᠮᠡᠷᠭᠡᠵᠢᠯ ᠢ ᠪᠡᠶᠡᠯᠡᠭᠦᠯᠵᠦ᠂ ᠵᠢᠷᠦᠬᠡᠨ ᠪᠤᠯᠴᠢᠩ ᠤᠨ ᠲᠦᠭᠵᠢᠷᠡᠯ ᠡᠭᠦᠰᠦᠭᠰᠡᠨ ᠨᠢᠭᠡᠨ ᠡᠪᠡᠳᠴᠢᠲᠡᠨ ᠢ ᠠᠪᠤᠪᠠ᠃    ᠲᠤᠬᠠᠶ ᠶᠢᠨ ᠡᠳᠦᠷ ᠤᠨ ᠦᠳᠡ ᠶᠢᠨ ᠡᠮᠦᠨᠡᠬᠢ 9᠄ 30 ᠮᠢᠨᠦ᠋ᠲ ᠤᠨ ᠦᠶ᠎ᠡ ᠪᠠᠷ᠂ ᠨᠢᠭᠡ ᠡᠷᠡᠭᠲᠡᠶ ᠡᠪᠡᠳᠴᠢᠲᠡᠨ 2 ᠴᠠᠭ ᠤᠨ ᠳᠣᠲᠣᠷ᠎ᠠ ᠴᠡᠭᠡᠵᠢ ᠡᠪᠡᠳᠴᠦ᠂ ᠪᠠᠴᠢᠮ ᠡᠪᠡᠳᠴᠢᠨ ᠳᠤ ᠨᠡᠷᠪᠡᠭᠳᠡᠭᠰᠡᠨ ᠠᠴᠠ ᠡᠮᠨᠡᠯᠭᠡ ᠶᠢᠨ ᠬᠤᠷᠢᠶᠠᠨ ᠤ ᠲᠦᠷᠭᠡᠨ ᠠᠪᠤᠷᠠᠯᠲᠠ ᠶᠢᠨ ᠲᠥᠪ ᠲᠤ ᠪᠠᠴᠢᠮ ᠡᠮᠨᠡᠪᠡ᠃ ᠲᠤᠬᠠᠢ ᠶᠢᠨ ᠦᠶ᠎ᠡ ᠳᠤ ᠡᠪᠡᠳᠴᠢᠲᠡᠨ ᠮᠡᠳᠡᠭᠡ ᠦᠭᠡᠢ ᠪᠠᠶᠢᠳᠠᠯ ᠲᠠᠢ ᠪᠠᠶᠢᠵᠦ᠂ ᠵᠢᠵᠢᠭᠦᠷ ᠤᠨ ᠡᠮᠴᠢ ᠮᠠᠰᠢ ᠲᠦᠷᠭᠡᠨ ᠢᠶᠠᠷ ᠲᠡᠭᠦᠨ ᠳᠤ ᠵᠢᠷᠦᠬᠡᠨ ᠤ ᠴᠠᠬᠢᠯᠭᠠᠨ ᠵᠢᠷᠤᠭ ᠤᠨ ᠪᠠᠶᠢᠴᠠᠭᠠᠯᠳᠠ ᠬᠢᠵᠦ᠂ ᠦᠷ᠎ᠡ ᠳ᠋ᠦᠩ ᠳᠤ ᠰᠠᠨᠠᠭᠤᠯᠤᠮᠵᠢ ᠨᠢ ᠲᠦᠷᠭᠡᠨ ᠴᠢᠨᠠᠷᠲᠠᠢ ST ᠬᠡᠰᠡᠭ ᠲᠤ ᠵᠢᠷᠦᠬᠡᠨ ᠪᠤᠯᠴᠢᠩ ᠤᠨ ᠲᠦᠭᠵᠢᠷᠡᠯ ᠪᠣᠯᠵᠠᠢ᠃ ᠡᠭᠦᠨ ᠤ ᠳᠠᠷᠠᠭ᠎ᠠ᠂ ᠲᠦᠷᠭᠡᠨ ᠠᠪᠤᠷᠠᠯᠲᠠ ᠶᠢᠨ ᠲᠥᠪ ᠴᠡᠭᠡᠵᠢ ᠡᠪᠡᠳᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠦᠳᠲᠡᠷ ᠲᠦᠷᠭᠡᠨ ᠡᠬᠢᠯᠡᠭᠦᠯᠵᠦ᠂ ᠡᠪᠡᠳᠴᠢᠲᠡᠨ ᠢ ᠵᠠᠰᠠᠨ ᠰᠠᠶᠢᠵᠢᠷᠠᠭᠤᠯᠬᠤ ᠠᠵᠢᠯ ᠢ ᠥᠷᠨᠢᠭᠦᠯᠬᠦ ᠶᠢᠨ ᠬᠠᠮᠲᠤ ᠲᠠᠰᠤᠭ ᠤᠨ ᠡᠮᠴᠢ ᠶᠢ ᠪᠠᠴᠢᠮ ᠤᠷᠢᠵᠤ ᠬᠠᠮᠲᠤᠷᠠᠨ ᠣᠨᠣᠰᠢᠯᠠᠭᠤᠯᠵᠤ᠂ ᠡᠪᠡᠳᠴᠢᠨ ᠤ ᠪᠠᠶᠢᠳᠠᠯ ᠢ ᠦᠨᠳᠦᠰᠦᠯᠡᠨ ᠲᠦᠷᠭᠡᠨ ᠡᠮᠨᠡᠨ ᠵᠠᠰᠠᠬᠤ ᠲᠥᠰᠦᠯ ᠢ ᠲᠣᠭᠲᠠᠭᠠᠵᠤ᠂ ᠬᠡᠷ ᠪᠦᠯᠢ ᠶᠢᠨ ᠬᠢᠨ ᠲᠠᠢ ᠭᠦᠢᠴᠡᠳ ᠨᠡᠪᠲᠡᠷᠡᠯᠴᠡᠭᠰᠡᠨ ᠤ ᠳᠠᠷᠠᠭ᠎ᠠ᠂ ᠡᠪᠡᠳᠴᠢᠲᠡᠨ ᠳᠤ ᠲᠢᠲᠢᠮᠯᠢᠭ ᠯᠤᠭᠰᠢᠭᠤᠨ ᠰᠤᠳᠠᠯ ᠤᠨ ᠡᠮᠴᠢᠯᠡᠭᠡ ᠬᠢᠭᠰᠡᠨ ᠪᠠᠶᠢᠨ᠎ᠠ᠃    ᠮᠡᠰᠡ ᠵᠠᠰᠠᠯ ᠤᠨ ᠶᠠᠪᠤᠴᠠ ᠨᠢ ᠪᠠᠴᠢᠮ ᠮᠥᠷᠲᠡᠭᠡᠨ ᠡᠮᠬᠢ ᠵᠢᠷᠤᠮ ᠲᠠᠢ ᠪᠠᠶᠢᠵᠤ᠂ ᠡᠪᠡᠳᠴᠢᠲᠡᠨ ᠠᠴᠠ ᠮᠡᠰᠡ ᠵᠠᠰᠠᠯ ᠤᠨ ᠲᠠᠰᠤᠭ ᠲᠤ ᠣᠷᠣᠵᠤ᠂ ᠠᠮᠵᠢᠯᠲᠠ ᠲᠠᠢ ᠰᠢᠭᠢᠳᠦᠨ ᠰᠠᠭᠤᠯᠭᠠᠵᠤ᠂ ᠭᠤᠷᠪᠠᠳᠤᠭᠠᠷ ᠳᠡᠰ ᠤᠨ ᠴᠢᠰᠤᠨ ᠭᠦᠶᠦᠳᠡᠯ ᠢ ᠰᠡᠷᠭᠦᠭᠡᠵᠦ᠂ ᠵᠥᠪᠬᠡᠨ 1 ᠴᠠᠭ ᠣᠷᠴᠢᠮ ᠬᠡᠷᠡᠭᠯᠡᠵᠦ ᠪᠠᠶᠢᠨ᠎ᠠ᠃    ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠣᠷᠣᠯᠴᠠᠬᠤ ᠲᠠᠰᠤᠭ ᠤᠨ ᠳᠡᠳ᠋ ᠡᠷᠬᠢᠯᠡᠭᠴᠢ ᠸᠠᠩ ᡁᠢ ᠴᠢᠶᠠᠩ᠄ ︽ᠣᠯᠠᠨ ᠪᠦᠯᠦᠭ ᠤᠳᠠᠭ᠎ᠠ ᠶᠢᠨ ᠳᠡᠭᠡᠳᠦ ᠱᠠᠲᠤᠨ ᠤ ᠡᠮᠨᠡᠯᠭᠡ ᠶᠢᠨ ᠬᠤᠷᠢᠶᠠᠨ ᠳᠤ ᠬᠦᠷᠴᠦ ᠳᠠᠪᠲᠠᠨ ᠪᠣᠯᠪᠠᠰᠤᠷᠠᠵᠤ᠂ ᠲᠤᠰᠬᠠᠶ ᠮᠡᠷᠭᠡᠵᠢᠯᠲᠡᠨ ᠢ ᠤᠷᠢᠵᠤ ᠮᠠᠨ ᠤ ᠬᠤᠷᠢᠶᠠᠨ ᠳᠤ ᠵᠢᠯᠣᠭᠤᠳᠤᠭᠤᠯᠵᠤ᠂ ᠮᠠᠨ ᠤ ᠬᠤᠷᠢᠶᠠᠨ ᠤ ᠣᠯᠠᠨ ᠰᠠᠯᠠᠭ᠎ᠠ ᠲᠠᠰᠤᠭ ᠤᠨ ᠬᠤᠯᠪᠣᠭᠠᠯᠠᠨ ᠬᠥᠳᠡᠯᠦᠯᠴᠡᠪᠡ᠂ ᠪᠢᠳᠡ ᠡᠪᠡᠳᠴᠢᠲᠡᠨ ᠳᠤ ᠰᠠᠭᠠᠳ ᠥᠬᠡᠶ ᠨᠡᠪᠲᠡᠷᠡᠬᠦ ᠵᠠᠮ ᠨᠡᠭᠡᠭᠡᠵᠦ᠂ ᠨᠢᠭᠡᠨ ᠲᠦᠷᠭᠡᠨ ᠴᠢᠨᠠᠷᠲᠠᠶ ᠵᠢᠷᠦᠬᠡᠨ ᠪᠤᠯᠴᠢᠩ ᠤᠨ ᠰᠢᠬᠠᠭᠳᠠᠨ ᠦᠬᠦᠭᠰᠡᠨ ᠡᠪᠡᠳᠴᠢᠲᠡᠨ ᠢ ᠠᠮᠵᠢᠯᠲᠠ ᠲᠠᠢ ᠠᠪᠤᠷᠠᠪᠠ᠃ ᠣᠳᠣᠬᠠᠨ ᠳᠤ ᠡᠪᠡᠳᠴᠢᠲᠡᠨ ᠤ ᠡᠪᠡᠳᠴᠢᠨ ᠤ ᠪᠠᠶᠢᠳᠠᠯ ᠲᠣᠭᠲᠠᠭᠤᠨ ᠪᠠᠶᠢᠵᠤ᠂ ᠨᠢᠭᠡᠨᠲᠡ ᠬᠦᠨᠳᠦ ᠡᠪᠡᠳᠴᠢᠨ ᠤ ᠠᠨᠠᠭᠠᠬᠤ ᠤᠬᠠᠭᠠᠨ ᠤ ᠰᠠᠯᠠᠭᠠᠨ ᠳᠤ ᠰᠢᠯᠵᠢᠭᠦᠯᠦᠨ ᠡᠮᠴᠢᠯᠡᠭᠡ ᠬᠢᠵᠦ ᠪᠠᠶᠢᠨ᠎ᠠ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠡᠮᠴᠢᠯᠡᠭᠡᠨ ᠤ ᠮᠡᠰᠡ ᠵᠠᠰᠠᠯ ᠨᠢ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠲᠦᠷᠭᠡᠨ ᠡᠮᠨᠡᠯᠭᠡ ᠶᠢᠨ ᠲᠢᠲᠢᠮᠯᠢᠭ ᠯᠤᠭᠰᠢᠭᠤᠨ ᠰᠤᠳᠠᠯ ᠳᠤ ᠣᠷᠣᠯᠴᠠᠬᠤ ᠮᠡᠷᠭᠡᠵᠢᠯ ᠢ ᠪᠡᠶ᠎ᠡ ᠪᠠᠨ ᠳᠠᠭᠠᠭᠠᠨ ᠪᠡᠶᠡᠯᠡᠭᠦᠯᠬᠦ ᠠᠩᠬᠠᠨ ᠤ ᠵᠠᠮ ᠢ ᠨᠡᠭᠡᠭᠡᠵᠦ᠂ ᠲᠣᠰ ᠡᠮᠨᠡᠯᠭᠡ ᠶᠢᠨ ᠬᠤᠷᠢᠶ᠎ᠠ ᠶᠢᠨ ᠵᠢᠷᠦᠬᠡᠨ ᠤ ᠲᠦᠭᠵᠢᠷᠡᠯ ᠤᠨ ᠠᠪᠤᠷᠠᠨ ᠵᠠᠰᠠᠬᠤ ᠬᠦᠷᠢᠶᠡᠨ ᠳᠠᠬᠢ ᠴᠢᠬᠤᠯᠠ ᠶᠡᠭᠡ ᠰᠢᠪᠲᠤᠯᠤᠯᠲᠠ ᠪᠣᠯᠬᠤ ᠪᠠᠷ ᠪᠠᠷᠠᠬᠤ ᠥᠬᠡᠶ᠂ ᠣᠯᠠᠨ ᠰᠢᠨᠵᠢᠯᠡᠭᠡᠨ ᠤ ᠰᠠᠯᠠᠭᠠᠨ ᠤ ᠣᠨᠣᠰᠢᠯᠠᠨ ᠡᠮᠨᠡᠬᠦ ᠬᠠᠮᠵᠢᠯᠴᠠᠭ᠎ᠠ ᠶᠢᠨ ᠳᠠᠪᠠᠭᠤᠯᠢᠭ ᠢ ᠢᠯᠡᠷᠡᠭᠦᠯᠵᠦ᠂ ᠨᠠᠩ ᠴᠤ ᠡᠮᠴᠢᠯᠡᠭᠡᠨ ᠤ ᠮᠡᠷᠭᠡᠵᠢᠯ ᠤᠨ ᠬᠢᠷᠢ ᠲᠦᠪᠰᠢᠨ ᠤ ᠦᠰᠦᠷᠦᠯᠲᠡ ᠶᠢ ᠪᠡᠶᠡᠯᠡᠭᠦᠯᠬᠦ ᠬᠦᠴᠦᠲᠡᠶ ᠭᠡᠷᠡᠴᠢ ᠪᠣᠯᠤᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号