ᠡᠷᠢᠶᠡᠨ ᠬᠤᠲᠠ ᠶᠢᠨ ᠭᠤᠷᠪᠠᠨ ᠤᠮᠠᠷᠠᠲᠤ ᠶᠢᠨ ᠢᠨᠵᠧᠨᠧᠷᠢᠩ ᠢ ᠶᠡᠷᠦᠩᠬᠡᠶᠢᠯᠡᠨ ᠵᠠᠰᠠᠬᠤ ᠬᠢᠭᠡᠳ ᠣᠶ ᠰᠢᠭᠤᠶ ᠡᠪᠡᠰᠦ ᠪᠡᠯᠴᠢᠭᠡᠷ ᠢ ᠨᠢᠭᠡ  ᠴᠤᠭᠴᠠᠵᠢᠭᠤᠯᠤᠨ  ᠬᠠᠮᠠᠭᠠᠯᠠᠨ ᠰᠡᠷᠭᠦᠭᠡᠬᠦ  ᠲᠥᠷᠥᠯ  ᠵᠦᠢᠯ ᠤᠨ ᠬᠡᠷᠡᠭᠯᠡᠬᠦ  ᠭᠠᠵᠠᠷ ᠵᠢᠴᠢ ᠬᠠᠮᠢᠶᠠᠷᠤᠨ ᠬᠠᠮᠠᠭᠠᠯᠠᠬᠤ  ᠭᠡᠷ᠎ᠡ
ᠨᠡᠶᠢᠲᠡᠯᠡᠭᠰᠡᠨ ᠴᠠᠭ᠄
2025/2/25
     ᠮᠠᠨ ᠤ ᠬᠤᠲᠠ ᠶᠢᠨ 2024 — 2026 ᠣᠨ ᠤ ᠭᠤᠷᠪᠠᠨ ᠤᠮᠠᠷᠠᠲᠤ ᠶᠢᠨ ᠢᠨᠵᠧᠨᠧᠷᠢᠩ ᠢ ᠶᠡᠷᠦᠩᠬᠡᠶᠢᠯᠡᠨ ᠵᠠᠰᠠᠬᠤ ᠬᠢᠭᠡᠳ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠠᠲᠠᠷ ᠭᠠᠵᠠᠷ ᠢ ᠨᠢᠭᠡ ᠴᠤᠭᠴᠠᠵᠢᠭᠤᠯᠤᠨ ᠬᠠᠮᠠᠭᠠᠯᠠᠨ ᠰᠡᠷᠭᠦᠭᠡᠬᠦ ᠲᠥᠷᠥᠯ ᠵᠦᠢᠯ ᠢ ᠰᠠᠶᠢᠲᠤᠷ ᠬᠢᠵᠤ᠂ ᠮᠠᠨ ᠤ ᠬᠤᠲᠠ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠬᠤ ᠶᠢᠨ ᠳᠣᠯᠠᠳᠠ᠂ ᠬᠤᠶᠠᠷ ᠲᠠᠯ᠎ᠠ ᠪᠠᠷ ᠢᠶᠠᠨ ᠵᠥᠪᠳᠡᠯᠴᠡᠬᠦ ᠪᠠᠷ ᠳᠡᠮᠵᠢᠨ᠂ ᠳᠣᠤᠷᠠᠬᠢ ᠬᠠᠮᠢᠶᠠᠷᠤᠨ ᠬᠠᠮᠠᠭᠠᠯᠠᠬᠤ ᠪᠡᠯᠴᠢᠭᠡᠷᠯᠡᠭᠦᠯᠬᠦ ᠶᠢ ᠵᠤᠭᠰᠣᠭᠠᠬᠤ ᠭᠡᠷ᠎ᠡ ᠶᠢ ᠪᠠᠶᠢᠭᠤᠯᠪᠠ᠄     ᠨᠢᠭᠡ᠂ ᠲᠥᠷᠥᠯ ᠵᠦᠢᠯ ᠤᠨ ᠣᠷᠣᠨ ᠤ ᠭᠠᠵᠠᠷ ᠢ ᠰᠣᠩᠭᠤᠬᠤ ᠵᠢᠴᠢ ᠬᠡᠷᠡᠭᠯᠡᠬᠦ     ᠭᠤᠷᠪᠠᠨ ᠤᠮᠠᠷᠠᠲᠤ ᠶᠢᠨ ᠢᠨᠵᠧᠨᠧᠷᠢᠩ ᠢ ᠶᠡᠷᠦᠩᠬᠡᠶᠢᠯᠡᠨ ᠵᠠᠰᠠᠬᠤ ᠬᠢᠭᠡᠳ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠠᠳᠠᠷ ᠭᠠᠵᠠᠷ ᠢ ᠨᠢᠭᠡ ᠴᠤᠭᠴᠠᠵᠢᠭᠤᠯᠤᠨ ᠬᠠᠮᠠᠭᠠᠯᠠᠨ ᠰᠡᠷᠭᠦᠭᠡᠬᠦ ᠲᠥᠷᠥᠯ ᠵᠦᠢᠯ ᠤᠨ ᠳᠣᠲᠣᠷᠠᠬᠢ ᠨᠢᠯᠬ᠎ᠠ ᠣᠶ ᠮᠣᠳᠣ ᠶᠢ ᠠᠷᠠᠴᠢᠯᠠᠨ ᠪᠤᠶᠢᠵᠢᠭᠤᠯᠬᠤ᠂ ᠲᠠᠴᠢᠷᠳᠠᠭᠰᠠᠨ ᠣᠶ ᠶᠢ ᠰᠡᠷᠭᠦᠭᠡᠬᠦ ᠪᠠ ᠲᠠᠴᠢᠷᠳᠠᠭᠰᠠᠨ ᠨᠤᠲᠤᠭ ᠪᠡᠯᠴᠢᠭᠡᠷ ᠢ ᠰᠡᠷᠭᠦᠭᠡᠬᠦ ᠲᠥᠷᠥᠯ ᠵᠦᠢᠯ ᠢᠶᠠᠷ ᠳᠠᠮᠵᠢᠭᠤᠯᠤᠨ᠂ ᠣᠶ ᠰᠢᠭᠤᠶ ᠡᠪᠡᠰᠦ ᠪᠡᠯᠴᠢᠭᠡᠷ ᠤᠨ ᠪᠦᠲᠦᠴᠡ ᠶᠢ ᠰᠢᠯᠢᠳᠡᠭᠵᠢᠭᠦᠯᠵᠦ᠂ ᠣᠶ ᠰᠢᠭᠤᠶ ᠡᠪᠡᠰᠦ ᠪᠡᠯᠴᠢᠭᠡᠷ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠣᠶ ᠰᠢᠭᠤᠶ ᠡᠪᠡᠰᠦ ᠪᠡᠯᠴᠢᠭᠡᠷ ᠤᠨ ᠵᠥᠪ ᠴᠢᠭᠯᠡᠯ ᠢᠶᠠᠷ ᠤᠯᠠᠷᠢᠭᠤᠯᠬᠤ ᠶᠢ ᠠᠬᠢᠭᠤᠯᠤᠨ᠎ᠠ᠃ ᠳᠠᠭᠠᠭᠠᠴᠢᠯᠠᠭᠰᠠᠨ ᠭᠠᠵᠠᠷ ᠰᠢᠷᠣᠶ ︵ᠨᠤᠲᠤᠭ ᠪᠡᠯᠴᠢᠭᠡᠷ︶ ᠨᠢ ᠮᠠᠯᠴᠢᠳ ᠭᠠᠷ ᠤᠨ ᠦᠰᠦᠭ ᠵᠢᠷᠤᠵᠤ ᠨᠤᠲᠠᠯᠠᠭᠰᠠᠨ ᠤ ᠳᠠᠷᠠᠭ᠎ᠠ ᠰᠠᠶᠢᠨ ᠳᠤᠷ᠎ᠠ ᠠᠴᠠ ᠪᠠᠨ ᠭᠠᠵᠠᠷ ᠰᠢᠷᠣᠶ ︵ᠨᠤᠲᠤᠭ ᠪᠡᠯᠴᠢᠭᠡᠷ︶ ᠶᠢ ᠬᠥᠬᠡ ᠲᠠᠯ᠎ᠠ ᠳᠤ ᠬᠠᠩᠭᠠᠵᠤ ᠬᠠᠮᠠᠭᠠᠯᠠᠨ ᠰᠡᠷᠭᠦᠭᠡᠬᠦ ᠲᠥᠷᠥᠯ ᠵᠦᠢᠯ ᠳᠤ ᠬᠡᠷᠡᠭᠯᠡᠭᠦᠯᠵᠦ᠂ ᠪᠠᠶᠢᠭᠤᠯᠤᠭᠰᠠᠨ ᠤ ᠳᠠᠷᠠᠭ᠎ᠠ ᠨᠥᠬᠦᠴᠡᠯ ᠳᠤ ᠬᠦᠷᠦᠭᠰᠡᠨ ᠮᠠᠯᠴᠢᠳ ᠠᠴᠠ ᠰᠢᠯᠢᠳᠡᠭ ᠢ ᠨᠢ ᠰᠣᠩᠭᠤᠨ ᠤᠷᠢᠵᠤ ᠬᠠᠮᠢᠶᠠᠷᠤᠨ ᠬᠠᠮᠠᠭᠠᠯᠠᠭᠤᠯᠬᠤ ᠶᠢᠨ ᠬᠠᠮᠲᠤ ᠪᠡᠯᠴᠢᠭᠡᠷᠯᠡᠭᠦᠯᠬᠦ ᠶᠢ ᠵᠤᠭᠰᠤᠭᠠᠬᠤ ᠬᠠᠮᠢᠶᠠᠷᠤᠨ ᠬᠠᠮᠠᠭᠠᠯᠠᠬᠤ ᠰᠦᠢᠳᠭᠡᠯ ᠣᠯᠭᠤᠵᠤ᠂ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ ᠮᠠᠯᠴᠢᠳ ᠦᠷᠭᠦᠯᠵᠢᠯᠡᠨ ᠬᠠᠮᠢᠶᠠᠷᠴᠤ ᠬᠡᠷᠡᠭᠯᠡᠨ᠎ᠡ᠃     ᠬᠤᠶᠠᠷ᠂ ᠲᠥᠷᠥᠯ ᠵᠦᠢᠯ ᠤᠨ ᠣᠷᠣᠨ ᠤ ᠦᠨᠳᠦᠰᠦᠨ ᠪᠠᠶᠢᠳᠠᠯ ᠵᠢᠴᠢ ᠬᠠᠮᠢᠶᠠᠷᠤᠨ ᠬᠠᠮᠠᠭᠠᠯᠠᠬᠤ ᠪᠠᠷᠢᠮᠵᠢᠶ᠎ᠠ    1. ᠲᠥᠷᠥᠯ ᠵᠦᠢᠯ ᠤᠨ ᠣᠷᠣᠨ ᠤ ᠶᠡᠷᠦᠩᠬᠡᠶ ᠲᠠᠯᠠᠪᠠᠶ ᠨᠢ                 ᠮᠥ ︵ᠡᠴᠦᠰ ᠤᠨ ᠪᠣᠳᠠᠲᠠᠶ ᠬᠡᠮᠵᠢᠯᠲᠡ ᠶᠢᠨ ᠲᠠᠯᠠᠪᠠᠶ ᠪᠠᠷ ᠪᠠᠷᠢᠮᠵᠢᠶ᠎ᠠ ᠪᠣᠯᠭᠠᠨ᠎ᠠ︶᠃ ᠡᠭᠦᠨ ᠳᠤ᠂ ᠶᠡᠷᠦᠩᠬᠡᠶᠢᠯᠡᠨ ᠴᠡᠭᠴᠡᠯᠡᠨ ᠵᠠᠰᠠᠬᠤ ᠲᠥᠷᠥᠯ ᠵᠦᠢᠯ                ᠮᠤ᠋  ︔ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠠᠲᠠᠷ ᠭᠠᠵᠠᠷ ᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ                  ᠮᠦ᠃    2. ᠬᠠᠮᠢᠶᠠᠷᠤᠨ ᠬᠠᠮᠠᠭᠠᠯᠠᠬᠤ ᠰᠦᠢᠳᠭᠡᠯ ᠤᠨ ᠪᠠᠷᠢᠮᠵᠢᠶ᠎ᠠ ᠨᠢ 12 ᠲᠦᠭᠦᠷᠢᠭ/ ᠮᠤ᠋/ ᠵᠢᠯ᠃    3. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠢᠲᠡᠭᠦᠮᠵᠢᠯᠡᠨ ᠪᠡᠯᠴᠢᠭᠡᠷᠯᠡᠬᠦᠯᠬᠦ ᠶᠢ ᠵᠤᠭᠰᠤᠭᠠᠬᠤ ᠬᠤᠭᠤᠴᠠᠭ᠎ᠠ ᠨᠢ   ᠲᠠᠪᠤᠨ    ᠵᠢᠯ᠃   4.  ᠳᠣᠭᠠᠴᠠᠭ᠎ᠠ ᠬᠢᠬᠦ ᠠᠷᠭ᠎ᠠ ᠬᠡᠯᠪᠡᠷᠢ᠄ ᠬᠥᠬᠡ ᠲᠠᠯ᠎ᠠ ᠶᠢᠨ ᠠᠵᠢᠯ ᠤᠨ ᠦᠷ᠎ᠡ ᠪᠦᠲᠦᠮᠵᠢ ᠶᠢ ᠰᠢᠯᠭᠠᠨ ᠦᠨᠡᠯᠡᠭᠡᠳ ᠬᠢᠷᠢ ᠲᠡᠩᠴᠡᠭᠰᠡᠨ ᠤ ᠳᠠᠷᠠᠭ᠎ᠠ᠂ ︽ᠨᠢᠭᠡ ᠺᠠᠷᠲ ᠪᠠᠷ ᠨᠡᠪᠲᠡᠷᠡᠬᠦ︾ ᠺᠠᠷᠲ ᠪᠤᠶᠤ ᠴᠠᠯᠢᠩ ᠢ ᠣᠷᠣᠯᠠᠨ ᠥᠭᠬᠦ ᠠᠷᠭ᠎ᠠ ᠮᠠᠶ᠋ᠢᠭ ᠢᠶᠠᠷ ᠬᠥᠬᠡᠭᠴᠢᠨ ᠲᠠᠯ᠎ᠠ ᠳᠤ ᠣᠯᠭᠤᠨ᠎ᠠ᠃    ᠭᠤᠷᠪᠠ᠂ ᠬᠥᠬᠡ ᠲᠠᠯ᠎ᠠ ᠶᠢᠨ ᠡᠷᠬᠡ ᠪᠠ ᠡᠭᠦᠷᠭᠡ    1. ᠲᠤᠬᠠᠶ ᠶᠢᠨ ᠭᠠᠵᠠᠷ ᠤᠨ ᠪᠠᠶᠢᠭᠠᠯᠢ ᠶᠢᠨ ᠨᠥᠬᠦᠴᠡᠯ ᠪᠠ ᠨᠡᠶᠢᠭᠡᠮ ᠤᠨ ᠨᠥᠬᠦᠴᠡᠯ ᠢ ᠦᠨᠳᠦᠰᠦᠯᠡᠨ᠂ ᠠᠵᠢᠯ ᠤᠨ ᠵᠢᠷᠤᠭ ᠲᠥᠯᠥᠪᠯᠡᠭᠡ ᠶᠢ ᠬᠠᠷᠢᠭᠤᠴᠠᠨ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠠᠵᠢᠯ ᠤᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ ᠪᠠᠷᠢᠯᠭ᠎ᠠ ᠶᠢᠨ ᠠᠵᠢᠯ ᠢ ᠶᠠᠪᠤᠭᠳᠠᠭᠤᠯᠤᠨ᠎ᠠ᠃    2. ᠲᠥᠷᠥᠯ ᠵᠦᠢᠯ ᠤᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ᠂ ᠪᠠᠷᠢᠯᠭ᠎ᠠ ᠪᠠᠷᠢᠬᠤ ᠳᠤ ᠬᠢᠨᠠᠯᠲᠠ ᠲᠠᠯᠪᠢᠬᠤ᠂ ᠰᠢᠯᠭᠠᠨ ᠠᠪᠬᠤ ᠠᠵᠢᠯ᠂ ᠬᠢᠨᠠᠯᠲᠠ ᠲᠠᠯᠪᠢᠵᠤ ᠬᠠᠮᠢᠶᠠᠷᠬᠤ᠂ ᠦᠷ᠎ᠡ ᠪᠦᠲᠦᠮᠵᠢ ᠶᠢ ᠰᠢᠯᠭᠠᠨ ᠲᠣᠭᠲᠠᠭᠠᠬᠤ ᠵᠡᠷᠭᠡ ᠠᠵᠢᠯ ᠢ ᠬᠠᠷᠢᠭᠤᠴᠠᠨ᠎ᠠ᠃    3. ᠲᠥᠷᠥᠯ ᠵᠦᠢᠯ ᠤᠨ ᠣᠷᠣᠨ᠂ ᠲᠠᠯᠠᠪᠠᠶ᠂ ᠬᠠᠮᠢᠶᠠᠷᠤᠨ ᠬᠠᠮᠠᠭᠠᠯᠠᠬᠤ ᠱᠠᠭᠠᠷᠳᠠᠯᠭ᠎ᠠ ᠪᠠ ᠬᠠᠮᠢᠶᠠᠷᠤᠨ ᠬᠠᠮᠠᠭᠠᠯᠠᠬᠤ ᠬᠤᠭᠤᠴᠠᠭ᠎ᠠ ᠶᠢ ᠲᠣᠳᠣᠷᠬᠠᠶ ᠲᠣᠭᠲᠠᠭᠠᠵᠤ᠂ ᠬᠠᠮᠢᠶᠠᠷᠤᠨ ᠬᠠᠮᠠᠭᠠᠯᠠᠬᠤ ᠣᠷᠣᠨ ᠢ ᠬᠦᠷᠢᠶᠡᠯᠡᠨ ᠪᠢᠲᠡᠭᠦᠮᠵᠢᠯᠡᠨ᠎ᠡ᠃    ᠳᠥᠷᠪᠡ᠂ ᠬᠥᠬᠡᠭᠴᠢᠨ ᠲᠠᠯ᠎ᠠ ᠶᠢᠨ ᠡᠷᠬᠡ ᠪᠠ ᠡᠭᠦᠷᠭᠡ    1᠂ ᠬᠥᠬᠡᠭᠴᠢᠨ ᠲᠠᠯ᠎ᠠ ᠶᠢᠨ ᠬᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠣᠷᠣᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠬᠥᠬᠡ ᠬᠥᠬᠡᠭᠴᠢᠨ ᠬᠤᠶᠠᠷ ᠲᠠᠯ᠎ᠠ ᠶᠢᠨ ᠭᠡᠷ᠎ᠡ ᠲᠤᠭᠲᠠᠭᠰᠠᠨ ᠱᠠᠭᠠᠷᠳᠠᠯᠭ᠎ᠠ ᠶᠤᠰᠤᠭᠠᠷ᠂ ᠲᠥᠷᠥᠯ ᠵᠦᠢᠯ ᠤᠨ ᠦᠷ᠎ᠡ ᠪᠦᠲᠦᠭᠡᠯ ᠢ ᠬᠠᠮᠠᠭᠠᠯᠠᠬᠤ ᠬᠡᠷᠡᠭᠲᠡᠶ᠃ ᠬᠠᠮᠢᠶᠠᠷᠴᠤ ᠬᠠᠮᠠᠭᠠᠯᠠᠵᠤ ᠲᠣᠭᠤᠷᠢᠨ ᠪᠠᠶᠢᠴᠠᠭᠠᠭᠰᠠᠨ ᠡᠳᠦᠷ ᠤᠨ ᠲᠡᠮᠳᠡᠭᠯᠡᠯ ︵ᠬᠡᠪ ᠢ ᠳᠠᠭᠠᠯᠳᠤᠭᠤᠯᠤᠯ ᠳᠤ ᠦᠵᠡ︶ ᠢ ᠰᠠᠶᠢᠲᠤᠷ ᠬᠢᠵᠦ᠂ ᠰᠠᠷ᠎ᠠ ᠪᠦᠷᠢ 6 ᠤᠳᠠᠭ᠎ᠠ ᠠᠴᠠ ᠲᠤᠤᠷ᠎ᠠ ᠦᠭᠡᠢ ᠲᠣᠭᠤᠷᠢᠨ ᠪᠠᠶᠢᠴᠠᠭᠠᠵᠦ᠂ ᠦᠰᠦᠭ ᠲᠡᠷᠢ ᠲᠡᠭᠰᠢ᠂ ᠠᠭᠤᠯᠭ᠎ᠠ ᠬᠦᠢᠴᠡᠳ ᠪᠠᠶᠢᠵᠤ᠂ ᠲᠤᠬᠠᠢ ᠶᠢᠨ ᠲᠠᠯᠠᠪᠠᠢ ᠶᠢᠨ ᠭᠡᠷᠡᠯ ᠵᠢᠷᠤᠭ ᠲᠤ ᠤᠰᠤᠨ ᠬᠡᠪᠯᠡᠯ ᠤᠨ ᠰᠡᠭᠦᠳᠡᠷᠯᠡᠬᠦ ᠮᠠᠰᠢᠨ ᠢ ᠬᠡᠷᠡᠭᠯᠡᠨ ᠰᠡᠭᠦᠳᠡᠷᠯᠡᠬᠦ ︵ᠭᠡᠷᠡᠯ ᠵᠢᠷᠤᠭ ᠨᠢ ᠪᠠᠶᠢᠷᠢᠰᠢᠯ᠂ ᠴᠠᠭ᠂ ᠭᠠᠵᠠᠷ︶  ᠶᠢ ᠱᠠᠭᠠᠷᠳᠠᠵᠤ᠂ ᠲᠡᠮᠳᠡᠭᠯᠡᠬᠦ ᠳᠡᠭᠡᠨ ᠦᠨᠡᠨ ᠠᠴᠠ ᠵᠥᠪ ᠢ ᠡᠷᠢᠵᠦ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠶᠢ ᠡᠷᠡᠰ ᠬᠤᠷᠢᠭᠯᠠᠬᠤ ᠬᠡᠷᠡᠭᠲᠡᠢ᠃    2. ᠲᠥᠷᠥᠯ ᠵᠦᠢᠯ ᠤᠨ ᠪᠢᠲᠡᠭᠦᠮᠵᠢᠯᠡᠭᠰᠡᠨ ᠣᠷᠣᠨ ᠤ ᠳᠣᠲᠣᠷ᠎ᠠ ᠪᠡᠯᠴᠢᠭᠡᠷᠯᠡᠭᠦᠯᠬᠦ ᠶᠢ ᠵᠤᠭᠰᠤᠭᠠᠬᠤ ᠶᠢ ᠬᠡᠷᠡᠭᠵᠢᠭᠦᠯᠵᠤ᠂ ᠬᠡᠷᠪᠡ ᠮᠠᠯ ᠬᠠᠷᠢᠭᠤᠯᠤᠭᠰᠠᠨ ᠢ ᠣᠯᠵᠤ ᠮᠡᠳᠡᠪᠡᠯ ᠴᠠᠭ ᠲᠤᠬᠠᠶ ᠳᠤᠨᠢ ᠬᠥᠬᠡ ᠲᠠᠯ᠎ᠠ ᠪᠤᠶᠤ ᠬᠢᠨᠠᠯᠲᠠ ᠲᠠᠯᠪᠢᠬᠤ ᠲᠠᠯ᠎ᠠ ᠳᠤ ᠬᠠᠷᠢᠭᠤ ᠮᠡᠳᠡᠭᠦᠯᠦᠨ᠎ᠡ᠂ ᠬᠡᠷᠪᠡ ᠬᠠᠷᠢᠭᠤ ᠮᠡᠳᠡᠭᠦᠯᠦᠭᠰᠡᠨ ᠦᠭᠡᠢ ᠪᠠᠶᠢᠪᠠᠯ᠂ ᠪᠠᠶᠢᠳᠠᠯ ᠢ ᠦᠨᠳᠦᠰᠦᠯᠡᠨ ᠵᠤᠬᠢᠮᠵᠢᠲᠠᠢ ᠪᠠᠷ ᠬᠠᠮᠢᠶᠠᠷᠴᠤ ᠬᠠᠮᠠᠭᠠᠯᠠᠬᠤ ᠰᠦᠢᠳᠭᠡᠯ ᠠᠴᠠ ᠬᠠᠰᠤᠨ᠎ᠠ᠃ ᠬᠥᠬᠡᠭᠴᠢᠨ ᠲᠠᠯ᠎ᠠ ᠶᠢᠨ ᠴᠠᠭ ᠲᠤᠬᠠᠢ ᠳᠤ ᠨᠢ ᠮᠡᠳᠡᠭᠦᠯᠦᠭᠰᠡᠨ ᠦᠭᠡᠢ ᠠᠴᠠ ᠪᠣᠯᠤᠭᠰᠠᠨ ᠠᠯᠢᠪᠠ ᠬᠤᠬᠢᠷᠠᠯ ᠢ ᠬᠦᠬᠡᠭᠴᠢᠨ ᠲᠠᠯ᠎ᠠ  ᠠᠴᠠ ᠡᠭᠦᠷᠭᠡᠯᠡᠨ᠎ᠡ᠃    3. ᠬᠥᠬᠡᠭᠴᠢᠨ ᠲᠠᠯ᠎ᠠ ᠨᠢ ᠬᠠᠮᠢᠶᠠᠷᠴᠤ ᠬᠠᠮᠠᠭᠠᠯᠠᠬᠤ ᠣᠷᠣᠨ ᠤ ᠳᠣᠲᠣᠷ᠎ᠠ ᠡᠯᠡᠰᠦ ᠮᠠᠯᠲᠠᠬᠤ᠂ ᠰᠢᠷᠣᠶ ᠠᠪᠬᠤ᠂ ᠣᠢ ᠰᠢᠭᠤᠶ ᠡᠪᠡᠰᠦᠲᠦ ᠭᠠᠵᠠᠷ ᠢ ᠲᠠᠲᠠᠪᠤᠷᠢᠯᠠᠨ ᠡᠵᠡᠯᠡᠬᠦ ᠵᠡᠷᠭᠡ ᠣᠢ ᠰᠢᠭᠤᠶ ᠡᠪᠡᠰᠦᠲᠦ ᠭᠠᠵᠠᠷ ᠢ ᠬᠦᠨᠳᠦ ᠨᠣᠴᠢᠲᠠᠶ ᠡᠪᠳᠡᠬᠦ ᠠᠵᠢᠯᠯᠠᠭ᠎ᠠ ᠬᠢᠵᠦ ᠪᠣᠯᠬᠤ ᠦᠭᠡᠶ᠂ ᠬᠡᠷᠪᠡ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠶᠢ ᠢᠯᠡᠷᠡᠭᠦᠯᠪᠡᠯ ᠬᠥᠬᠡ ᠲᠠᠯ᠎ᠠ ᠪᠠ ᠬᠢᠨᠠᠯᠲᠠ ᠲᠠᠯᠪᠢᠬᠤ ᠲᠠᠯ᠎ᠠ ᠨᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠤᠰᠤᠭᠠᠷ ᠰᠢᠢᠳᠬᠡᠨ ᠲᠣᠷᠭᠠᠬᠤ ᠶᠢᠨ ᠬᠠᠮᠲᠤ ᠬᠠᠷᠢᠭᠤᠴᠠᠯᠭ᠎ᠠ ᠨᠡᠬᠡᠮᠵᠢᠯᠡᠬᠦ ᠡᠷᠬᠡ ᠲᠠᠢ᠃    4. ᠬᠦᠬᠡᠭᠴᠢᠨ ᠲᠠᠯ᠎ᠠ ᠠᠴᠠ ᠡᠪᠡᠳᠴᠢᠨ ᠬᠤᠷᠣᠬᠠᠢ ᠶᠢᠨ ᠬᠥᠨᠥᠭᠡᠯ᠂ ᠭᠠᠯ ᠤᠨ ᠠᠶᠤᠯ ᠢ ᠣᠯᠵᠤ ᠢᠯᠡᠷᠡᠭᠦᠯᠪᠡᠯ ᠳᠠᠷᠦ᠋ᠢᠬᠠᠨ ᠬᠥᠬᠡ ᠲᠠᠯ᠎ᠠ ᠪᠤᠶᠤ ᠬᠢᠨᠠᠯᠲᠠ ᠲᠠᠯᠪᠢᠬᠤ ᠲᠠᠯ᠎ᠠ ᠳᠤ ᠮᠡᠳᠡᠭᠦᠯᠬᠦ ᠬᠡᠷᠡᠭᠲᠡᠶ᠃ ᠬᠥᠬᠡᠭᠴᠢᠨ ᠲᠠᠯ᠎ᠠ ᠶᠢᠨ ᠴᠠᠭ ᠲᠤᠬᠠᠢ ᠳᠤ ᠨᠢ ᠮᠡᠳᠡᠭᠦᠯᠦᠭᠰᠡᠨ ᠦᠭᠡᠢ ᠠᠴᠠ ᠪᠣᠯᠤᠭᠰᠠᠨ ᠠᠯᠢᠪᠠ ᠬᠤᠬᠢᠷᠠᠯ ᠢ ᠬᠥᠬᠡᠭᠴᠢᠨ ᠲᠠᠯ᠎ᠠ  ᠠᠴᠠ ᠡᠭᠦᠷᠭᠡᠯᠡᠨ᠎ᠡ᠃    5 ᠬᠦᠭᠡᠭᠴᠢᠨ ᠲᠠᠯ᠎ᠠ ᠨᠢ ᠬᠠᠮᠢᠶᠠᠷᠴᠦ ᠬᠠᠮᠠᠭᠠᠯᠠᠬᠤ ᠣᠷᠣᠨ ᠤ ᠠᠯᠢᠪᠡ  ᠬᠠᠮᠠᠭᠠᠯᠠᠬᠤ᠂ ᠰᠡᠯᠪᠢᠨ ᠵᠠᠰᠠᠬᠤ ᠪᠠ ᠬᠠᠷᠠᠵᠤ ᠬᠠᠮᠠᠭᠠᠯᠠᠬᠤ ᠠᠵᠢᠯ ᠢ ᠡᠭᠦᠷᠭᠡᠯᠡᠵᠤ᠂ ᠡᠭᠦᠨ ᠳᠤ ᠬᠦᠷᠢᠶ᠎ᠡ ᠬᠠᠰᠢᠶ᠎ᠠ᠂ ᠲᠡᠮᠳᠡᠭ ᠫᠠᠶᠢᠰᠠ ᠵᠡᠷᠭᠡ ᠳᠤ ᠬᠢᠵᠠᠭᠠᠷᠯᠠᠭᠳᠠᠬᠤ ᠦᠭᠡᠢ᠂ ᠬᠦᠭᠡᠭᠴᠢᠨ ᠲᠠᠯ᠎ᠠ ᠶᠢᠨ ᠴᠠᠭ ᠲᠤᠬᠠᠢ ᠳᠤ ᠨᠢ ᠬᠠᠮᠠᠭᠠᠯᠠᠵᠤ᠂ ᠰᠡᠯᠪᠢᠨ ᠵᠠᠰᠠᠭᠰᠠᠨ ᠦᠭᠡᠢ ᠪᠠ ᠬᠠᠷᠠᠵᠤ ᠬᠠᠮᠠᠭᠠᠯᠠᠭᠰᠠᠨ ᠦᠭᠡᠢ ᠠᠴᠠ ᠪᠤᠯᠤᠭᠰᠠᠨ ᠠᠯᠢᠪᠠ ᠬᠤᠬᠢᠷᠠᠯ ᠢ ᠬᠦᠭᠡᠭᠴᠢᠨ ᠲᠠᠯ᠎ᠠ ᠠᠴᠠ ᠡᠭᠦᠷᠭᠡᠯᠡᠨ᠎ᠡ᠃    6. ᠬᠦᠭᠡᠭᠴᠢᠨ ᠲᠠᠯ᠎ᠠ ᠠᠴᠠ ᠬᠥᠬᠡ ᠲᠠᠯ᠎ᠠ ᠪᠠ ᠬᠢᠨᠠᠯᠲᠠ ᠲᠠᠯᠪᠢᠬᠤ ᠲᠠᠯ᠎ᠠ ᠶᠢᠨ ᠲᠣᠬᠢᠷᠠᠭᠤᠯᠤᠭᠰᠠᠨ ᠪᠤᠰᠤᠳ ᠬᠠᠮᠢᠶᠠᠷᠤᠨ ᠬᠠᠮᠠᠭᠠᠯᠠᠬᠤ ᠡᠭᠦᠷᠭᠡ ᠪᠠ ᠬᠡᠷᠡᠭ ᠤᠴᠢᠷ ᠢ ᠢᠯᠡᠷᠡᠭᠦᠯᠦᠨ ᠬᠦᠢᠴᠡᠳᠭᠡᠨ᠎ᠡ᠃     ᠲᠠᠪᠤ᠂ ᠬᠢᠨᠠᠯᠲᠠ ᠲᠠᠯᠪᠢᠬᠤ ᠲᠠᠯ᠎ᠠ ᠶᠢᠨ ᠡᠷᠬᠡ ᠪᠠ ᠡᠭᠦᠷᠭᠡ    1. ᠬᠠᠮᠢᠶ᠎ᠠ ᠪᠦᠬᠦᠢ ᠨᠥᠬᠦᠴᠡᠯ ᠢ ᠪᠦᠷᠢᠯᠳᠦᠭᠦᠯᠦᠭᠰᠡᠨ ᠪᠦᠭᠡᠳ ᠭᠠᠴᠠᠭᠠᠨ ᠤ ᠡᠳᠦᠷ ᠲᠤᠲᠤᠮ ᠤᠨ ᠠᠵᠢᠯ ᠲᠠᠢ ᠢᠳᠡᠪᠬᠢᠲᠡᠶ ᠬᠠᠮᠵᠢᠯᠴᠠᠬᠤ ᠮᠠᠯᠴᠢᠳ ᠢ ᠰᠤᠩᠭᠤᠨ ᠤᠷᠢᠵᠤ ᠬᠠᠮᠢᠶᠠᠷᠴᠤ ᠬᠠᠮᠠᠭᠠᠯᠠᠬᠤ ᠠᠵᠢᠯᠳᠠᠨ ᠪᠤᠯᠭᠠᠨ᠎ᠠ ︵ᠬᠠᠮᠢᠶᠠᠷᠴᠤ ᠬᠠᠮᠠᠭᠠᠯᠠᠬᠤ ᠠᠵᠢᠯᠲᠠᠨ ᠤ ᠬᠠᠮᠢᠶ᠎ᠠ ᠪᠦᠬᠦᠢ ᠮᠡᠳᠡᠭᠡ ᠵᠠᠩᠭᠢ ᠶᠢᠨ ᠮᠠᠲ᠋ᠧᠷᠢᠶᠠᠯ ᠨᠢ ᠲᠣᠰ ᠭᠡᠷ᠎ᠡ ᠶᠢᠨ ᠳᠠᠭᠠᠯᠳᠤᠭᠤᠯᠤᠯ︶᠃ ᠲᠥᠷᠥᠯ ᠵᠦᠢᠯ ᠤᠨ ᠣᠷᠣᠨ ᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠲᠥᠷᠥᠯ ᠵᠦᠢᠯ ᠤᠨ ᠣᠷᠣᠨ ᠤ ᠳᠣᠲᠣᠷ᠎ᠠ ᠮᠠᠯ ᠬᠠᠷᠢᠭᠤᠯᠬᠤ ᠦᠵᠡᠭᠳᠡᠯ ᠣᠷᠣᠰᠢᠵᠤ ᠪᠠᠶᠢᠬᠤ ᠡᠰᠡᠬᠦ ᠶᠢ ᠲᠣᠭᠤᠷᠢᠨ ᠪᠠᠶᠢᠴᠠᠭᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠠᠮᠵᠢᠯᠴᠠᠨ ᠦᠷ᠎ᠡ ᠪᠦᠲᠦᠮᠵᠢ ᠶᠢ ᠦᠨᠡᠯᠡᠬᠦ ᠠᠵᠢᠯ ᠢ ᠰᠠᠶᠢᠲᠤᠷ ᠬᠢᠨ᠎ᠡ᠃    2. ᠲᠥᠷᠥᠯ ᠵᠦᠢᠯ ᠤᠨ ᠣᠷᠣᠨ ᠤ ᠠᠵᠢᠯ ᠤᠨ ᠠᠭᠤᠯᠭ᠎ᠠ ᠶᠢ ᠤᠬᠠᠭᠤᠯᠵᠤ᠂ ᠬᠥᠲᠥᠯᠦᠨ ᠵᠢᠯᠣᠭᠤᠳᠬᠤ ᠶᠢ ᠴᠢᠩᠭᠠᠳᠬᠠᠨ᠂ ᠭᠠᠯ ᠰᠡᠷᠭᠡᠶᠢᠯᠡᠬᠦ ᠠᠵᠢᠯ ᠢ ᠬᠠᠷᠢᠭᠤᠴᠠᠵᠤ᠂ ᠲᠥᠷᠥᠯ ᠵᠦᠢᠯ ᠤᠨ ᠣᠷᠣᠨ ᠤ ᠣᠯᠠᠨ ᠲᠦᠮᠡᠨ ᠤ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠲᠥᠷᠥᠯ ᠵᠦᠢᠯ ᠤᠨ ᠣᠷᠣᠨ ᠤ ᠦᠷ᠎ᠡ ᠪᠦᠲᠦᠭᠡᠯ ᠢ ᠬᠠᠶᠢᠷᠠᠯᠠᠨ ᠬᠠᠮᠠᠭᠠᠯᠠᠨ᠎ᠠ᠃    3. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ᠂ ᠬᠥᠬᠡᠭᠴᠢᠨ ᠲᠠᠯ᠎ᠠ ᠶᠢᠨ ᠨᠤᠲᠤᠭ ᠪᠡᠯᠴᠢᠭᠡᠷ ᠢ ᠬᠡᠷᠡᠭᠯᠡᠬᠦ ᠡᠷᠬᠡ ᠪᠠ ᠳᠠᠭᠠᠭᠠᠴᠢᠯᠠᠨ ᠡᠵᠡᠩᠨᠡᠬᠦ ᠡᠷᠬᠡ ᠶᠢᠨ ᠬᠠᠷᠢᠶᠠᠯᠠᠯ ᠨᠢ ᠬᠤᠪᠢᠷᠠᠯᠲᠠ ᠭᠠᠷᠬᠤ ᠦᠭᠡᠢ ᠪᠠ ᠰᠢᠯᠵᠢᠬᠦ ᠦᠭᠡᠢ ᠪᠠᠶᠢᠬᠤ ᠶᠢ ᠪᠠᠲᠤᠯᠠᠨ᠎ᠠ᠃    4. ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ ᠬᠠᠮᠵᠢᠯᠴᠠᠨ ᠨᠡᠪᠲᠡᠷᠡᠯᠴᠡᠵᠤ᠂ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠬᠥᠬᠡᠭᠴᠢᠨ ᠲᠠᠯ᠎ᠠ ᠶᠢᠨ ᠪᠡᠯᠴᠢᠭᠡᠷᠯᠡᠭᠦᠯᠬᠦ ᠶᠢ ᠵᠤᠭᠰᠤᠭᠠᠭᠰᠠᠨ ᠪᠠᠶᠢᠳᠠᠯ ᠪᠠ ᠬᠠᠮᠢᠶᠠᠷᠴᠤ ᠬᠠᠮᠠᠭᠠᠯᠠᠭᠰᠠᠨ ᠪᠠᠶᠢᠳᠠᠯ ᠳᠤ ᠬᠢᠨᠠᠨ ᠰᠢᠯᠭᠠᠯᠲᠠ ᠬᠢᠬᠦ ᠶᠢᠨ ᠬᠠᠮᠲᠤ ᠦᠨᠡᠨ ᠪᠣᠳᠠᠲᠠᠶ ᠪᠠᠷ ᠲᠡᠮᠳᠡᠭᠯᠡᠨ ᠳᠡᠪᠳᠡᠷᠯᠡᠵᠤ᠂ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠰᠠᠭᠤᠷᠢᠨ ᠳᠡᠭᠡᠷ᠎ᠡ ᠨᠥᠬᠦᠪᠥᠷᠢ ᠣᠯᠭᠤᠬᠤ ᠶᠢ ᠢᠯᠡ ᠨᠡᠶᠢᠲᠡᠯᠡᠬᠦ ᠪᠠ ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ ᠠᠵᠢᠯ ᠢ ᠴᠠᠭ ᠲᠤᠬᠠᠶ ᠳᠤᠨᠢ ᠪᠡᠶᠡᠯᠡᠭᠦᠯᠵᠦ᠂ ᠨᠥᠬᠦᠪᠥᠷᠢ ᠶᠢᠨ ᠪᠠᠯᠠ ᠮᠥᠩᠭᠦ ᠶᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ᠃    5. ᠲᠥᠷᠥᠯ ᠵᠦᠢᠯ ᠤᠨ ᠣᠷᠣᠨ ᠳᠤ ᠲᠣᠭᠲᠠᠭᠠᠯ ᠠᠴᠠ ᠵᠥᠷᠢᠴᠡᠨ ᠮᠠᠯ ᠮᠠᠯᠵᠢᠭᠰᠠᠨ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠡᠪᠳᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠤᠷᠢᠭᠯᠠᠨ ᠵᠣᠭᠰᠣᠭᠠᠬᠤ ᠶᠢᠨ ᠬᠠᠮᠲᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠮᠡᠳᠡᠭᠳᠡᠵᠦ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃    6. ᠲᠥᠷᠥᠯ ᠵᠦᠢᠯ ᠤᠨ ᠲᠣᠭᠤᠷᠢᠭ ᠤᠨ ᠬᠠᠮᠢᠶᠠᠷᠤᠨ ᠬᠠᠮᠠᠭᠠᠯᠠᠬᠤ ᠠᠵᠢᠯᠲᠠᠨ ᠤ ᠨᠡᠷᠡᠰ ᠤᠨ ᠪᠦᠷᠢᠳᠬᠡᠯ ᠢ ᠰᠠᠶᠢᠲᠤᠷ ᠬᠢᠬᠦ ᠶᠢ ᠬᠠᠷᠢᠭᠤᠴᠠᠵᠤ᠂ ᠱᠠᠲᠤ ᠳᠠᠷᠠᠭᠠᠯᠠᠨ ᠭᠠᠴᠠᠭ᠎ᠠ᠂ ᠭᠡᠷᠡᠯᠲᠦᠠᠣᠳᠣ ᠰᠤᠮᠤ ᠶᠢᠨ ᠬᠠᠤᠯᠢ ᠬᠡᠷᠡᠭᠵᠢᠭᠦᠯᠬᠦ ᠠᠩᠭᠢ᠂ ᠭᠡᠷᠡᠯᠲᠦᠠᠣᠳᠣ ᠰᠤᠮᠤ ᠶᠢᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠭᠠᠷ ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠤ ᠰᠡᠭᠦᠯᠡᠷ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠲᠣᠭᠲᠠᠭᠠᠯᠭᠠᠭᠰᠠᠨ ᠤ ᠳᠠᠷᠠᠭ᠎ᠠ ᠬᠠᠮᠢᠶᠠᠷᠴᠤ ᠬᠠᠮᠠᠭᠠᠯᠠᠬᠤ ᠰᠦᠢᠳᠭᠡᠯ ᠣᠯᠭᠤᠨ᠎ᠠ᠃      ᠵᠢᠷᠭᠤᠭ᠎ᠠ᠂ ᠪᠤᠰᠤᠳ ᠵᠦᠢᠯ    1. ᠭᠡᠷ᠎ᠡ ᠶᠢᠨ ᠳᠠᠭᠤᠰᠤᠭᠠᠳᠣᠢ ᠵᠦᠢᠯ ᠤᠳ ᠢ ᠭᠤᠷᠪᠠᠨ ᠲᠠᠯ᠎ᠠ ᠠᠴᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠵᠥᠪᠳᠡᠯᠴᠡᠨ ᠪᠣᠯᠵᠣᠨ ᠲᠤᠭᠲᠠᠬᠤ ᠶᠢᠨ ᠬᠠᠮᠲᠤ ᠨᠥᠬᠦᠪᠥᠷᠢᠯᠡᠬᠦ ᠬᠡᠯᠡᠯᠴᠡᠭᠡᠷ ᠲᠣᠭᠲᠠᠭᠠᠵᠤ᠂ ᠨᠥᠬᠦᠪᠥᠷᠢᠯᠡᠬᠦ ᠬᠡᠯᠡᠯᠴᠡᠭᠡᠷ ᠬᠢᠭᠡᠳ ᠲᠣᠰ ᠭᠡᠷ᠎ᠡ ᠨᠢ ᠠᠳᠠᠯᠢᠬᠠᠨ ᠬᠠᠤᠯᠢ ᠶᠢᠨ ᠬᠦᠴᠦᠨ ᠲᠠᠢ᠃       2. ᠲᠤᠰ ᠭᠡᠷ᠎ᠡ ᠨᠢ ᠨᠢᠭᠡ ᠬᠡᠪ ᠤᠨ ᠲᠠᠪᠤᠨ ᠬᠤᠪᠢ ᠳᠠᠷᠣᠮᠯᠠᠵᠦ᠂ ᠬᠥᠬᠡ᠂ ᠬᠥᠬᠡᠭᠴᠢᠨ᠂ ᠬᠢᠨᠠᠯᠲᠠ ᠲᠠᠯᠪᠢᠬᠤ ᠲᠠᠯ᠎ᠠ ᠵᠢᠴᠢ ᠠᠵᠦ ᠠᠬᠤᠶᠢᠯᠠᠯ ᠲᠤᠰ ᠪᠦᠷᠢ ᠨᠢᠭᠡ ᠬᠤᠪᠢ ᠠᠪᠴᠤ᠂ ᠭᠠᠷ ᠤᠨ ᠦᠰᠦᠭ ᠵᠢᠷᠤᠭᠰᠠᠨ ᠡᠳᠦᠷ ᠠᠴᠠ ᠡᠬᠢᠯᠡᠨ ᠬᠦᠴᠦᠨ ᠲᠠᠢ ᠪᠣᠯᠣᠨ᠎ᠠ᠃     3. ᠲᠤᠰ ᠭᠡᠷ᠎ᠡ ᠨᠢ ᠲᠣᠭᠲᠠᠭᠰᠠᠨ ᠡᠳᠦᠷ ᠠᠴᠠ ᠡᠬᠢᠯᠡᠨ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠶᠢᠨ ᠬᠤᠭᠤᠴᠠᠭᠠᠨ ᠳᠤ ᠣᠷᠣᠵᠤ᠂ ᠬᠥᠬᠡᠭᠴᠢᠨ ᠲᠠᠯ᠎ᠠ ᠨᠢ ᠬᠥᠬᠡ ᠲᠠᠯ᠎ᠠ ᠶᠢᠨ ᠬᠢᠨ ᠲᠠᠢ ᠬᠠᠮᠵᠢᠯᠴᠠᠨ ᠪᠦᠲᠦᠭᠡᠨ ᠪᠠᠶᠢᠭᠤᠯᠣᠯᠳᠠ ᠶᠢᠨ ᠠᠭᠤᠯᠭ᠎ᠠ ᠶᠢ ᠳᠠᠭᠤᠰᠭᠠᠬᠤ ᠬᠡᠷᠡᠭᠲᠡᠢ᠃      4. ᠭᠡᠷ᠎ᠡ ᠶᠢᠨ ᠬᠤᠭᠤᠴᠠᠭ᠎ᠠ ᠲᠠᠪᠤᠨ ᠵᠢᠯ᠂ ᠳᠠᠷᠤᠢ             ᠤᠨ ᠤ          ᠰᠠᠷ᠎ᠠ ᠶᠢᠨ      ᠡᠳᠦᠷ ᠠᠴᠠ             ᠤᠨ ᠤ          ᠰᠠᠷ᠎ᠠ   ᠶᠢᠨ       ᠡᠳᠦᠷ ᠬᠦᠷᠲᠡᠯ᠎ᠡ᠃     5. ᠲᠤᠰ ᠭᠡᠷ᠎ᠡ ᠨᠢ ᠮᠠᠷᠭᠤᠭᠠᠨ ᠡᠭᠦᠰᠬᠦ ᠦᠶ᠎ᠡ ᠳᠤ ᠬᠤᠶᠠᠷ ᠲᠠᠯ᠎ᠠ ᠪᠠᠷ ᠢᠶᠠᠨ ᠵᠥᠪᠳᠡᠯᠴᠡᠨ ᠰᠢᠢᠳᠪᠦᠷᠢᠯᠡᠵᠤ᠂ ᠵᠥᠪᠳᠡᠯᠴᠡᠭᠡᠳ ᠲᠤᠬᠢᠷᠠᠯᠴᠠᠵᠤ ᠳᠡᠶᠢᠯᠬᠦ ᠦᠭᠡᠶ ᠪᠣᠯ᠂ ᠬᠥᠬᠡ ᠲᠠᠯ᠎ᠠ ᠶᠢᠨ ᠪᠠᠶᠢᠭ᠎ᠠ ᠭᠠᠵᠠᠷ ᠤᠨ ᠠᠷᠠᠳ ᠤᠨ ᠰᠢᠭᠦᠬᠦ ᠬᠤᠷᠢᠶᠠᠨ ᠳᠤ ᠵᠠᠷᠭᠤ ᠵᠠᠭᠠᠯᠳᠤᠯᠭ᠎ᠠ ᠭᠠᠷᠭᠠᠵᠤ ᠪᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号