ᠰᠤᠷᠤᠯᠭ᠎ᠠ ᠡᠬᠢᠯᠡᠬᠦ ᠤᠯᠠᠷᠢᠯ᠄ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠪᠡ
ᠨᠡᠶᠢᠲᠡᠯᠡᠭᠰᠡᠨ ᠴᠠᠭ᠄
2025/2/26
   2 ᠰᠠᠷ᠎ᠠ ᠶᠢᠨ 25 ᠤ ᠡᠳᠦᠷ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠬᠤᠩᠬᠤ ᠶᠢᠨ ᠲᠠᠭᠤᠨ ᠳᠤᠤᠭᠠᠷᠬᠤ ᠶᠢ ᠳᠠᠭᠠᠯᠳᠤᠨ᠂ ᠮᠠᠨ ᠤ ᠬᠤᠲᠠ ᠶᠢᠨ ᠡᠯ᠎ᠡ ᠪᠠᠭ᠎ᠠ ᠰᠤᠷᠭᠠᠭᠤᠯᠢ ᠰᠤᠷᠭᠠᠭᠤᠯᠢ ᠡᠬᠢᠯᠡᠬᠦ ᠤᠯᠠᠷᠢᠯ ᠢᠶᠠᠨ ᠤᠭᠲᠤᠵᠤ᠂ ᠰᠤᠷᠭᠠᠭᠤᠯᠢ ᠶᠢᠨ ᠬᠦᠷᠢᠶᠡᠨ ᠤ ᠳᠣᠲᠣᠷ᠎ᠠ ᠭᠠᠳᠠᠨᠠᠬᠢ ᠭᠠᠵᠠᠷ ᠪᠣᠯᠭᠠᠨ ᠳᠤ ᠥᠷᠨᠢᠭᠦᠨ ᠵᠢᠪᠬᠤᠭ᠎ᠠ ᠪᠢᠯᠬᠠᠵᠤ᠂ ᠰᠤᠷᠤᠭᠴᠢᠳ ᠴᠤ᠋ ᠰᠢᠨ᠎ᠡ ᠳᠦᠷᠰᠦ ᠪᠠᠶᠢᠳᠠᠯ ᠢᠶᠠᠷ ᠰᠢᠨ᠎ᠡ ᠰᠤᠷᠤᠯᠭ᠎ᠠ ᠶᠢᠨ ᠬᠤᠭᠤᠴᠠᠭ᠎ᠠ᠂ ᠰᠢᠨ᠎ᠡ ᠠᠶᠠᠨ ᠢᠶᠠᠨ ᠤᠭᠲᠤᠪᠠ᠃    ᠰᠤᠷᠪᠤᠯᠵᠢᠯᠠᠭᠴᠢ ᠬᠤᠲᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠳᠤ ᠨᠢᠭᠡ ᠪᠦᠯᠦᠭ ᠬᠡᠤᠬᠡᠳ ᠤᠳ ᠰᠤᠷᠭᠠᠭᠤᠯᠢ ᠶᠢᠨ ᠬᠦᠷᠢᠶᠡᠨ ᠤ ︽ᠪᠢᠴᠢᠬᠠᠨ ᠡᠯᠴᠢᠨ︾ ᠪᠣᠯᠵᠤ᠂ ᠰᠤᠷᠭᠠᠭᠤᠯᠢ ᠶᠢᠨ ᠡᠭᠦᠳᠡᠨ ᠳᠤ ᠤᠷᠤᠭᠰᠠᠨ ᠰᠤᠷᠤᠭᠴᠢ ᠨᠢᠭᠡᠪᠦᠷᠢ ᠳᠤ ᠬᠠᠯᠠᠭᠤᠨ ᠳᠣᠲᠣᠨᠣ ᠮᠡᠨᠳᠦᠴᠢᠯᠡᠯ ᠬᠦᠷᠭᠡᠪᠡ᠃ ᠰᠤᠷᠭᠠᠭᠤᠯᠢ ᠶᠢᠨ ᠬᠦᠷᠢᠶ᠎ᠡ ᠶᠢᠨ ᠡᠭᠦᠳᠡᠨ ᠳᠤ᠂ ᠨᠠᠷᠢᠨ ᠨᠢᠮᠪᠠᠶ ᠲᠥᠯᠥᠪᠯᠡᠭᠰᠡᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠭᠤᠣᠯ ᠰᠡᠳᠦᠪᠲᠦ ᠦᠵᠡᠭᠦᠯᠭᠡ ᠶᠢᠨ ᠬᠠᠪᠲᠠᠰᠤ ᠨᠢ ᠬᠥᠮᠦᠰ ᠤᠨ ᠠᠩᠬᠠᠷᠤᠯ ᠢ ᠣᠨᠴᠠᠭᠠᠢ ᠲᠠᠲᠠᠵᠤ᠂ ᠬᠡᠦᠬᠡᠳ ᠤᠳ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃    
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号