| | | 2025 ᠣᠨ ᠤ 1 ᠰᠠᠷ᠎ᠠ ᠪᠣᠯᠲᠠᠯ᠎ᠠ᠂ ᠡᠷᠢᠶᠡᠨ ᠬᠤᠲᠠ ᠶᠢᠨ ᠪᠣᠭᠤᠮᠲᠠ ᠶᠢᠨ ᠬᠢᠯᠢ ᠶᠢᠨ ᠠᠷᠠᠳ ᠤᠨ | ᠵᠠᠬ᠎ᠠ ᠶᠢᠨ ᠠᠷᠠᠯᠵᠢᠶᠠᠨ ᠤ ᠲᠤᠭ᠎ᠠ 15 ᠳ᠋ᠦᠩᠰᠢᠭᠤᠷ ᠲᠥᠭᠦᠷᠢᠭ ᠢ ᠳᠠᠪᠠᠵᠤ᠂ 15.31 ᠳ᠋ᠦᠩᠰᠢᠭᠤᠷ | ᠲᠥᠭᠦᠷᠢᠭ ᠲᠤ ᠬᠦᠷᠪᠡ᠃ ᠡᠭᠦᠨ ᠳᠤ ᠡᠳ᠋ᠰᠢᠭᠦᠯᠦᠭᠰᠡᠨ ᠠᠷᠠᠯᠵᠢᠶᠠᠨ ᠤ ᠲᠤᠭ᠎ᠠ 8.42 ᠳ᠋ᠦᠩᠰᠢᠭᠤᠷ | ᠲᠥᠭᠦᠷᠢᠭ ᠲᠤ ᠬᠦᠷᠪᠡ᠃ ᠪᠠᠷᠠᠭ᠎ᠠ ᠨᠢ ᠭᠤᠣᠯᠳᠠᠭᠤ ᠠᠮᠤ ᠲᠣᠰᠣ᠂ ᠨᠣᠣᠰᠣ ᠨᠣᠣᠯᠣᠭᠤᠷ᠂ ᠮᠢᠬᠠᠨ ᠤ ᠲᠥᠷᠥᠯ ᠢ | ᠪᠠᠭᠲᠠᠭᠠᠵᠤ᠂ ᠠᠷᠠᠯᠵᠢᠶᠠᠯᠠᠬᠤ ᠤᠯᠤᠰ ᠨᠢ ᠮᠣᠩᠭᠤᠯ᠂ ᠣᠷᠣᠰ᠂ ᠪᠧᠯᠤᠷᠦ᠋ᠰᠢᠶ᠎ᠠ ᠶᠢ ᠬᠠᠮᠤᠷᠴᠤ ᠪᠠᠶᠢᠳᠠᠭ᠃ | ᠣᠶᠢᠯᠠᠭᠠᠭᠰᠠᠨ ᠢᠶᠠᠷ᠂ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ | ᠲᠣᠭᠤᠷᠢᠭ ᠨᠢ 2017 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠴᠣᠬᠤᠯᠠᠪᠤᠷᠢ ᠶᠢ ᠣᠯᠵᠤ᠂ ᠵᠢᠩᠬᠢᠨᠢ ᠪᠠᠷ ᠪᠣᠭᠤᠮᠲᠠ ᠬᠠᠭᠠᠵᠤ ᠠᠵᠢᠯᠯᠠᠭᠤᠯᠪᠠ᠃ 2023 ᠣᠨ ᠤ 4 ᠰᠠᠷ᠎ᠠ ᠳᠤ | ᠠᠩᠬ᠎ᠠ ᠤᠳᠠᠭ᠎ᠠ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ | ᠭᠠᠳᠠᠭᠠᠳᠤ ᠠᠴᠠ ᠣᠷᠣᠭᠤᠯᠤᠭᠰᠠᠨ ᠲᠠᠸᠠᠷ ᠢ ᠪᠣᠳᠠᠲᠠᠶᠢᠵᠢᠭᠤᠯᠤᠨ ᠪᠣᠯᠪᠠᠰᠤᠷᠠᠭᠤᠯᠬᠤ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠪᠡ᠃ ᠣᠯᠠᠨ ᠵᠢᠯ ᠤᠨ ᠲᠤᠷᠰᠢ᠂ ᠡᠷᠢᠶᠡᠨ ᠬᠤᠲᠠ ᠶᠢᠨ ᠪᠣᠭᠤᠮᠲᠠ ᠶᠢᠨ ᠬᠢᠯᠢ ᠶᠢᠨ ᠠᠷᠠᠳ ᠤᠨ | ᠵᠠᠬ᠎ᠠ ᠶᠢᠨ ᠠᠷᠠᠯᠵᠢᠶᠠᠨ ᠤ ᠲᠣᠭᠤᠷᠢᠭ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠵᠤ᠂ ᠠᠷᠠᠯᠵᠢᠶᠠᠨ ᠤ ᠬᠡᠮᠵᠢᠶ᠎ᠡ | ᠵᠢᠯ ᠳᠠᠷᠠᠭᠠᠯᠠᠨ ᠳᠡᠭᠡᠭᠰᠢᠯᠡᠪᠡ᠃ | ᠡᠷᠢᠶᠡᠨ ᠪᠣᠭᠤᠮᠲᠠ ᠶᠢᠨ ᠬᠢᠨ ︽ᠨᠠᠶᠢᠳᠠᠵᠤ ᠭᠤᠶᠤᠴᠢᠯᠠᠨ ᠮᠡᠳᠡᠭᠦᠯᠬᠦ︾ ︽ᠰᠢᠭᠤᠳ ᠨᠡᠪᠲᠡᠷᠡᠬᠦ | ᠲᠡᠭᠡᠭᠡᠪᠦᠷᠢ︾᠂ ︽ᠲᠤᠬᠠᠢ ᠶᠢᠨ ᠲᠠᠯᠠᠪᠤᠷ ᠲᠤ ᠬᠦᠷᠴᠦ ᠪᠠᠶᠢᠴᠠᠭᠠᠨ ᠰᠢᠯᠭᠠᠬᠤ︾ ᠵᠡᠷᠭᠡ ᠪᠣᠭᠤᠮᠲᠠ ᠪᠠᠷ | ᠥᠩᠭᠡᠷᠡᠬᠦ ᠶᠢ ᠳᠥᠭᠦᠮᠴᠢᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠣᠭᠤᠮᠲᠠ ᠶᠢᠨ ᠬᠢᠯᠢ ᠶᠢᠨ ᠠᠷᠠᠳ ᠤᠨ | ᠵᠠᠬ᠎ᠠ ᠶᠢᠨ ᠠᠷᠠᠯᠵᠢᠶᠠᠨ ᠤ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠪᠠ᠃ ᠣᠲᠣ ᠪᠣᠯᠲᠠᠯ᠎ᠠ᠂ ᠡᠷᠢᠶᠡᠨ | ᠬᠤᠲᠠ ᠶᠢᠨ ᠪᠣᠭᠤᠮᠲᠠ ᠳᠤ ᠨᠡᠶᠢᠲᠡ 20 ᠡᠳ᠋ᠰᠢᠭᠦᠯᠬᠦ ᠠᠵᠤ ᠠᠬᠤᠶᠢᠯᠠᠯ᠂ ᠬᠢᠯᠢ ᠶᠢᠨ ᠠᠷᠠᠳ ᠤᠨ ᠬᠠᠷᠢᠯᠴᠠᠨ | ᠬᠠᠪᠰᠤᠷᠤᠯᠴᠠᠬᠤ ᠳᠤᠭᠤᠶᠢᠯᠠᠩ 23᠂ ᠬᠢᠯᠢ ᠶᠢᠨ ᠠᠷᠠᠳ ᠤᠨ ᠬᠤᠷᠰᠢᠶ᠎ᠠ 7᠂ ᠬᠢᠯᠢ ᠶᠢᠨ ᠠᠷᠠᠳ ᠤᠨ | ᠳᠠᠩᠰᠠᠯᠠᠭᠤᠯᠤᠭᠰᠠᠨ ᠬᠥᠮᠦᠨ ᠤ ᠲᠤᠭ᠎ᠠ 1.3 ᠲᠦᠮᠡ ᠶᠢ ᠳᠠᠪᠠᠪᠠ᠃ |