| | ᠣᠶᠢᠷ᠎ᠠ ᠳᠤ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠪᠠᠶᠠᠷ ᠤᠨ ᠴᠢᠮᠡᠭᠡ ᠤᠯᠠᠮᠵᠢᠯᠠᠨ | ᠢᠷᠡᠵᠡᠶ᠂ ᠮᠠᠨ ᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ | ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠪᠥᠬᠦ ᠤᠯᠤᠰ ᠤᠨ ᠡᠮᠡᠭᠲᠡᠶᠢᠴᠦᠳ ᠤᠨ ᠪᠣᠯᠪᠠᠰᠤᠨ ᠠᠵᠢᠯ ᠤᠨ | ᠪᠠᠶᠢᠷᠢ︾ ᠶᠢᠨ ᠢᠷᠠᠭᠤ ᠠᠯᠳᠠᠷ ᠢ ᠭᠥᠷᠳᠡᠪᠡ᠂ ᠡᠨᠡ ᠪᠣᠯ ᠲᠣᠰ ᠲᠣᠪᠴᠢᠶ᠎ᠠ ᠶᠢᠨ ᠡᠮᠡᠭᠲᠡᠶ ᠺᠠᠳ᠋ᠷ ᠠᠵᠢᠯᠲᠠᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠳᠡᠭᠡᠳᠦ ᠬᠡᠮᠵᠢᠶ᠎ᠡ ᠪᠠᠷ | ᠮᠡᠳᠡᠷᠡᠵᠦ ᠪᠠᠶᠢᠭ᠎ᠠ ᠶᠠᠪᠤᠳᠠᠯ ᠮᠥᠨ᠂ ᠪᠠᠰᠠ ᠴᠤ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ | ᠭᠦᠢᠴᠡᠳ ᠨᠤᠲᠠᠯᠠᠵᠤ ᠪᠠᠶᠢᠭ᠎ᠠ ᠶᠠᠪᠤᠳᠠᠯ ᠮᠥᠨ᠃ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢᠭᠡ ᠪᠦᠯᠦᠭ ᠬᠥᠮᠦᠰ - ᠲᠡᠳᠡ ᠠᠵᠢᠯ ᠤᠨ ᠪᠠᠶᠢᠷᠢ ᠪᠠᠨ ᠬᠠᠶᠢᠷᠠᠯᠠᠨ | ᠦᠢᠯᠡᠰ ᠢᠶᠠᠨ ᠳᠡᠭᠡᠳᠦᠯᠡᠵᠦ᠂ ᠰᠢᠮᠳᠠᠨ ᠰᠤᠷᠤᠯᠴᠠᠵᠤ ᠴᠢᠳᠠᠮᠠᠭᠠᠢ ᠪᠠᠷ ᠠᠵᠢᠯᠯᠠᠵᠤ᠂ ᠬᠠᠯᠠᠭᠤᠨ ᠳᠤᠯᠠᠭᠠᠨ ᠢᠨᠢᠶᠡᠮᠰᠦᠭᠯᠡᠯ᠂ | ᠪᠣᠯᠪᠠᠰᠤᠨ ᠦᠭᠡ ᠬᠡᠯᠡ᠂ ᠢᠷᠠᠭᠤ ᠰᠠᠶᠢᠬᠠᠨ ᠦᠢᠯᠡ ᠠᠵᠢᠯᠯᠠᠭ᠎ᠠ ᠪᠠᠷ ᠢᠶᠠᠨ ᠬᠡᠷᠡᠭ ᠡᠷᠬᠢᠯᠡᠬᠦ ᠤᠯᠠᠨ ᠲᠦᠮᠡᠨ ᠳᠤ | ᠦᠢᠯᠡᠴᠢᠯᠡᠵᠦ᠂ ᠤᠶᠠᠨ ᠬᠠᠲᠠᠨ ᠡᠭᠦᠷᠭᠡ ᠡᠭᠦᠷᠭᠡᠯᠡᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠮᠦᠨ᠎ᠡ ᠹᠷᠣᠨᠲ ᠲᠤ | ᠶᠡᠷᠦ ᠪᠤᠰᠤ ᠶᠢᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠥᠨᠳᠥᠷ ᠪᠦᠲᠦᠮᠵᠢᠲᠡᠢ ᠳᠥᠭᠦᠮ ᠳᠥᠲᠡ᠂ ᠢᠯᠡ ᠲᠣᠳᠣ᠂ | ᠠᠷᠠᠳ ᠲᠦᠮᠡᠨ ᠤ ᠲᠥᠯᠥᠭᠡ ᠳᠣᠲᠣᠨᠣ ᠪᠠᠶᠢᠳᠠᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠤᠢ | ᠪᠣᠯᠭᠠᠬᠤ ᠳᠤ ᠬᠦᠴᠦᠷᠬᠡᠭ ᠶᠡᠭᠡ ᠬᠦᠴᠦᠨ ᠴᠢᠳᠠᠯ ᠢᠶᠠᠨ ᠡᠷᠭᠦᠵᠦ ᠪᠠᠶᠢᠨ᠎ᠠ᠃ ᠲᠡᠳᠡ ᠪᠣᠯ ᠳᠠᠷᠤᠢ ᠬᠤᠲᠠ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ | ᠲᠣᠪᠴᠢᠶ᠎ᠠ ᠶᠢᠨ 7 ᠡᠮᠡᠭᠲᠡᠢ ᠠᠵᠢᠯᠲᠠᠨ ᠠᠵᠢᠯᠴᠢᠨ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠡᠯ᠎ᠡ | ᠴᠣᠩᠬᠤᠨ ᠤ 77 ᠡᠮᠡᠭᠲᠡᠢ ᠠᠵᠢᠯᠲᠠᠨ ᠠᠵᠢᠯᠴᠢᠨ ᠪᠣᠯᠤᠨ᠎ᠠ᠃ ᠲᠡᠳᠡ ᠥᠪᠡᠷ ᠤᠨ ᠡᠮᠡᠭᠲᠡᠶᠢᠴᠦᠳ ᠤᠨ ᠬᠦᠴᠦᠨ ᠪᠠ | ᠡᠮᠡᠭᠲᠡᠶᠢᠴᠦᠳ ᠤᠨ ᠠᠯᠴᠢᠭᠤᠷ ᠢᠶᠠᠷ ᠮᠠᠨ ᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ | ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠭᠠᠰ ᠲᠡᠭᠷᠢ ᠶᠢ ᠲᠤᠯᠵᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠢ ᠢᠯᠡᠷᠡᠭᠦᠯᠪᠡ᠃ ᠣᠶᠢᠷ᠎ᠠ ᠶᠢᠨ ᠵᠢᠯ ᠳᠤ᠂ ᠬᠤᠲᠠ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ | ᠲᠣᠪᠴᠢᠶ᠎ᠠ ᠵᠠᠯᠭᠠᠭ᠎ᠠ ᠪᠠᠷ 2022 ᠣᠨ ᠤ ︽ᠪᠥᠬᠦ ᠣᠷᠣᠨ ᠤ ᠲᠠᠪᠤᠨ ᠰᠠᠷ᠎ᠠ ᠶᠢᠨ ᠨᠢᠭᠡᠨ ᠤ ᠡᠮᠡᠭᠲᠡᠶᠢᠴᠦᠳ ᠤᠨ | ᠵᠢᠱᠢᠶᠡᠴᠢ ᠶᠢᠨ ᠠᠵᠢᠯ ᠤᠨ ᠪᠠᠶᠢᠷᠢ︾᠂ 2019 ᠣᠨ ᠤ ︽ᠪᠥᠬᠦ ᠣᠷᠣᠨ ᠤ ᠭᠤᠷᠪᠠᠨ ᠰᠠᠷ᠎ᠠ ᠶᠢᠨ ᠨᠠᠢᠮᠠᠨ ᠤ ᠤᠯᠠᠭᠠᠨ | ᠲᠤᠭᠴᠢ ᠬᠠᠮᠲᠤ︾᠂ 2017 ᠣᠨ ᠤ ︽ᠪᠥᠬᠦ ᠠᠶᠢᠮᠠᠭ ᠤᠨ ᠡᠮᠡᠭᠲᠡᠶ ᠠᠵᠢᠯᠲᠠᠨ ᠠᠵᠢᠯᠴᠢᠨ ᠤ ᠭᠠᠪᠢᠶ᠎ᠠ ᠪᠠᠶᠢᠭᠤᠯᠵᠤ | ᠦᠢᠯᠡᠰ ᠪᠦᠲᠦᠭᠡᠬᠦ ᠵᠢᠱᠢᠶᠡᠴᠢ ᠠᠵᠢᠯ ᠤᠨ ᠪᠠᠶᠢᠷᠢ︾ ᠵᠡᠷᠭᠡ ᠢᠷᠠᠭᠤ ᠠᠯᠳᠠᠷ ᠤᠨ ᠴᠣᠯᠠ ᠶᠢ ᠭᠥᠷᠳᠡᠪᠡ᠃ | | | | | ᠲᠡᠳᠡ ᠪᠣᠭᠤᠮᠲᠠ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠷᠭ᠎ᠠ | ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ᠂ | ᠦᠢᠯᠡᠴᠢᠯᠡᠬᠦ ᠶᠢ ᠨᠢᠭᠡ ᠴᠣᠭᠴᠠᠵᠢᠭᠤᠯᠤᠭᠰᠠᠨ ︽ᠪᠣᠭᠤᠮᠲᠠ ᠶᠢᠨ ᠦᠢᠯᠡᠴᠢᠯᠡᠭᠡᠨ ᠤ ᠲᠤᠰᠬᠠᠶ ᠲᠣᠭᠤᠷᠢᠭ︾ ᠢ ᠪᠠᠶᠢᠭᠤᠯᠵᠤ | ᠂ ᠲᠤᠰᠬᠠᠶ ᠲᠣᠭᠤᠷᠢᠭ ᠲᠤ ᠳᠤᠮᠳᠠᠳᠤ ᠠᠩᠭ᠍ᠯᠢ ᠮᠣᠩᠭᠤᠯ ᠭᠤᠷᠪᠠᠨ ᠬᠡᠯᠡ ᠪᠠᠷ ᠤᠯᠠᠨ ᠲᠦᠮᠡᠨ ᠳᠤ ᠦᠢᠯᠡᠴᠢᠯᠡᠪᠡ᠃ ᠠᠵᠤ | ᠠᠬᠤᠶᠢᠯᠠᠯ ᠢ ᠲᠤᠰᠠᠯᠠᠵᠤ ᠥᠷᠲᠡᠭ ᠢ ᠨᠡᠮᠡᠭᠳᠡᠭᠦᠯᠬᠦ ᠦᠢᠯᠡᠴᠢᠯᠡᠭᠡ ᠶᠢ ᠭᠦᠨᠵᠡᠭᠡᠶᠢᠷᠡᠭᠦᠯᠬᠦ ᠳᠤᠮᠳᠠ᠂ ᠨᠠᠩ ᠴᠤ ᠭᠠᠷ ᠢᠶᠠᠨ | ᠶᠡᠭᠡ ᠪᠠᠷ ᠳᠡᠯᠭᠡᠨ ᠦᠵᠡᠭᠦᠯᠵᠦ᠂ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ ᠵᠢᠷᠮᠦᠰᠦᠨ ᠵᠡᠷᠭᠡ ᠣᠨᠴᠠᠭᠠᠶ ᠪᠦᠯᠦᠭ | ᠬᠦᠮᠦᠰ ᠲᠤ ︽ᠰᠠᠭᠠᠳ ᠥᠬᠡᠶ ᠨᠡᠪᠲᠡᠷᠡᠬᠦ ᠵᠠᠮ︾ ᠨᠡᠭᠡᠭᠡᠨ ᠥᠭᠴᠦ᠂ ᠪᠥᠬᠦ ᠶᠠᠪᠤᠴᠠ ᠳᠤ ᠬᠠᠪᠰᠤᠷᠤᠨ ᠭᠦᠶ᠋ᠴᠡᠳᠬᠡᠵᠦ | ᠣᠷᠣᠯᠠᠨ ᠬᠦᠢᠴᠡᠳᠬᠡᠬᠦ ᠦᠢᠯᠡᠴᠢᠯᠡᠭᠡ ᠬᠠᠩᠭᠠᠵᠤ᠂ ᠨᠠᠷᠢᠨ ᠵᠦᠢᠯᠡᠰ ᠠᠴᠠ ᠰᠣᠶᠣᠯ ᠢᠷᠭᠡᠨᠰᠢᠯ ᠤᠨ ᠬᠠᠯᠠᠮᠵᠢᠯᠠᠯ ᠢ | ᠢᠯᠡᠷᠡᠭᠦᠯᠵᠦ᠂ ᠪᠣᠭᠤᠮᠲᠠ ᠶᠢᠨ ᠣᠨᠴᠠᠯᠢᠭ ᠲᠠᠢ᠂ ᠬᠠᠯᠠᠭᠤᠨ ᠳᠤᠯᠠᠭᠠᠨ ︽ᠬᠤᠯᠪᠣᠭᠠᠯᠠᠨ ᠬᠦᠢᠴᠡᠳᠬᠡᠬᠦ︾ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠣᠶ ᠪᠣᠯᠭᠠᠪᠠ᠃ ᠡᠭᠦᠨ ᠤ ᠬᠠᠮᠲᠤ᠂ ᠲᠡᠳᠡ ᠪᠠᠰᠠ ︽ᠠᠷᠠᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠡᠷ ᠲᠤᠨᠢ ᠬᠦᠷᠭᠡᠬᠦ︾ ᠤᠬᠠᠭᠤᠯᠭ᠎ᠠ ᠥᠷᠨᠢᠭᠦᠯᠵᠦ᠂ 300 ᠭᠠᠷᠤᠶ | ᠡᠷᠦᠬᠡ ᠠᠰᠢᠭ ᠬᠦᠷᠲᠡᠪᠡ᠃ ᠶᠠᠳᠠᠭᠤ ᠶᠢ ᠲᠡᠳᠬᠦᠵᠦ ᠬᠦᠴᠢᠷᠳᠡᠯᠲᠡᠶ ᠶᠢ ᠲᠤᠰᠠᠯᠠᠬᠤ ᠠᠵᠢᠯᠯᠠᠭ᠎ᠠ ᠳᠤ ᠣᠷᠣᠯᠴᠠᠵᠤ᠂ ︽ | ᠪᠢᠴᠢᠯ ᠬᠦᠰᠡᠯ︾ ᠢᠶᠠᠷ ᠳᠠᠮᠵᠢᠭᠤᠯᠤᠨ ᠳᠠᠭᠠᠭᠠᠨ ᠠᠪᠬᠤ ᠪᠠᠷ ᠳᠠᠮᠵᠢᠭᠤᠯᠤᠨ᠂ ᠳᠠᠭᠠᠭᠠᠴᠢᠯᠠᠨ ᠬᠤᠯᠪᠣᠭᠠᠯᠠᠭᠰᠠᠨ ᠬᠠᠷᠢᠶ᠎ᠠ | ᠣᠷᠣᠨ ᠤ ᠶᠠᠳᠠᠭᠤ ᠬᠦᠴᠢᠷᠳᠡᠯᠲᠡᠶ ᠬᠡᠤᠬᠡᠳ ᠲᠤ ᠰᠤᠷᠤᠯᠭ᠎ᠠ ᠶᠢᠨ ᠬᠡᠷᠡᠭᠰᠡᠯ᠂ ᠬᠤᠪᠴᠠᠰᠤ ᠬᠤᠨᠠᠷ ᠵᠡᠷᠭᠡ ᠠᠮᠢᠳᠤᠷᠠᠯ ᠤᠨ | ᠡᠳ᠋ ᠪᠣᠳᠠᠰ ᠬᠠᠨᠳᠢᠪᠯᠠᠵᠤ᠂ ︽ᠬᠠᠪᠰᠤᠷᠤᠨ ᠣᠷᠣᠯᠠᠨ ᠭᠦᠢᠴᠡᠳᠬᠡᠬᠦ︾ ᠵᠡᠷᠭᠡ ᠬᠡᠷ ᠲᠤᠨᠢ ᠬᠦᠷᠴᠦ ᠦᠢᠯᠡᠴᠢᠯᠡᠬᠦ ᠣᠯᠠᠨ | ᠲᠦᠮᠡᠨ ᠳᠤ 5 ᠬᠤᠪᠢ ᠪᠣᠳᠠᠲᠤ ᠶᠠᠪᠤᠳᠠᠯ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠬᠠᠶᠢᠷ᠎ᠠ ᠬᠠᠯᠠᠮᠵᠢ ᠶᠢ ᠳᠠᠮᠵᠢᠭᠤᠯᠵᠤ᠂ | ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠨᠡᠶᠢᠭᠡᠮ ᠤᠨ ᠡᠭᠦᠷᠭᠡᠯᠡᠯ ᠢ ᠢᠯᠡᠷᠡᠭᠦᠯᠪᠡ᠃ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ ᠫᠠᠩ ᠵᠢᠶᠦ᠋ᠨ ᠴᠢᠩ ᠬᠡᠯᠡᠭᠰᠡᠨ ᠨᠢ᠄ ︽︿ᠪᠥᠬᠦ ᠤᠯᠤᠰ ᠤᠨ ᠡᠮᠡᠭᠲᠡᠶᠢᠴᠦᠳ ᠤᠨ ᠪᠣᠯᠪᠠᠰᠤᠨ ᠠᠵᠢᠯ ᠤᠨ ᠪᠠᠶᠢᠷᠢ | ﹀ ᠶᠢᠨ ᠢᠷᠠᠭᠤ ᠠᠯᠳᠠᠷ ᠢ ᠭᠥᠷᠳᠡᠭᠰᠡᠨ ᠪᠣᠯ ᠮᠠᠨ ᠤ ᠨᠢᠭᠡᠴᠡ ᠶᠢᠨ ᠡᠮᠡᠭᠲᠡᠶ ᠺᠠᠳ᠋ᠷ ᠠᠵᠢᠯᠲᠠᠨ ᠠᠵᠢᠯᠴᠢᠨ ᠳᠤ ᠲᠦᠢᠯ ᠤᠨ | ᠶᠡᠭᠡ ᠵᠣᠷᠢᠭᠵᠢᠭᠤᠯᠤᠯ ᠪᠣᠯᠤᠨ᠎ᠠ᠃ 2025 ᠣᠨ ᠳᠤ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠡᠮᠡᠭᠲᠡᠢ | ᠠᠵᠢᠯᠲᠠᠨ ᠦᠷᠭᠦᠯᠵᠢᠯᠡᠨ ᠪᠣᠳᠠᠲᠤ ᠠᠵᠢᠯᠯᠠᠭ᠎ᠠ ᠪᠠᠷ ᠢᠶᠠᠨ ᠡᠮᠡᠭᠲᠡᠶᠢᠴᠦᠳ ᠤᠨ ᠪᠣᠯᠪᠠᠰᠤᠨ ᠠᠵᠢᠯ ᠤᠨ ᠪᠠᠶᠢᠷᠢ ᠶᠢᠨ | ᠭᠦᠨᠵᠡᠭᠡᠢ ᠠᠭᠤᠯᠤᠭᠳᠠᠬᠤᠨ ᠢ ᠲᠠᠶᠢᠯᠪᠤᠷᠢᠯᠠᠵᠤ᠂ ᠪᠢᠳᠡ ᠦᠷᠭᠦᠯᠵᠢᠯᠡᠨ ᠤᠭ ᠰᠠᠨᠠᠭ᠎ᠠ ᠪᠠᠨ ᠪᠠᠷᠢᠮᠲᠠᠯᠠᠵᠤ᠂ ᠡᠷᠡᠮᠡᠬᠡᠶᠢᠯᠡᠨ | ᠤᠷᠤᠭᠰᠢᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠠᠪᠴᠠᠩ | ᠳᠡᠭᠡᠷ᠎ᠡ ᠨᠡᠩ ᠭᠡᠷᠡᠯ ᠰᠠᠴᠤᠷᠠᠩᠭᠤᠢ ᠬᠠᠭᠤᠳᠠᠰᠤ ᠶᠢ ᠦᠷᠭᠦᠯᠵᠢᠯᠡᠨ ᠪᠢᠴᠢᠭᠯᠡᠵᠦ᠂ ᠪᠣᠭᠤᠮᠲᠠ ᠶᠢᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ | ᠬᠡᠯᠡᠪᠡ᠃ |