| | | ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠡᠯ᠎ᠡ ᠵᠦᠢᠯ ᠤᠨ ᠠᠮᠤᠷ ᠲᠦᠪᠰᠢᠨ ᠤ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ | ᠰᠡᠷᠭᠡᠶᠢᠯᠡᠨ ᠬᠤᠷᠢᠭᠯᠠᠬᠤ ᠶᠢᠨ ᠳᠣᠯᠠᠳᠠ᠂ 2 ᠰᠠᠷ᠎ᠠ ᠶᠢᠨ 26 ᠤ ᠡᠳᠦᠷ᠂ ᠬᠤᠲᠠ ᠶᠢᠨ ᠭᠠᠯ ᠤᠨᠲᠠᠷᠠᠭᠠᠬᠤ | ᠠᠪᠤᠷᠠᠨ ᠲᠤᠰᠠᠯᠠᠬᠤ ᠶᠡᠭᠡ ᠠᠩᠭᠢ ᠪᠠᠷᠠᠭᠤᠨ ᠨᠡᠶᠢᠭᠡᠮ ᠲᠣᠭᠤᠷᠢᠭ ᠲᠠᠢ ᠬᠠᠮᠲᠤᠷᠠᠨ ᠬᠤᠶᠠᠷ ᠬᠤᠷᠠᠯ ᠠᠴᠠ ᠡᠮᠦᠨᠡᠬᠢ | ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠵᠢᠴᠢ ᠡᠷᠦᠬᠡ ᠳᠤ ᠣᠷᠣᠵᠤ ᠤᠬᠠᠭᠤᠯᠬᠤ ᠠᠵᠢᠯ ᠢ | ᠥᠷᠨᠢᠭᠦᠯᠵᠦ᠂ ᠴᠢᠬᠤᠯᠠ ᠴᠡᠭ ᠢ ᠦᠷᠭᠦᠯᠵᠢᠯᠡᠨ ᠴᠢᠩᠭ᠎ᠠ ᠠᠩᠬᠠᠷᠴᠤ ᠠᠮᠤᠷ ᠲᠦᠪᠰᠢᠨ ᠤ ᠬᠡᠮ ᠰᠣᠭᠤᠭ ᠢ | ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠬᠤᠶᠠᠷ ᠬᠤᠷᠠᠯ ᠤᠨ ᠬᠤᠭᠤᠴᠠᠭᠠᠨ ᠳᠠᠬᠢ ᠠᠮᠤᠷ ᠲᠦᠪᠰᠢᠨ ᠤ | ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠪᠠ᠃ | ᠵᠢᠭᠰᠠᠭᠠᠨ ᠪᠠᠶᠢᠴᠠᠭᠠᠬᠤ ᠶᠠᠪᠤᠴᠠ ᠳᠤ᠂ ᠭᠠᠯ ᠤᠨᠲᠠᠷᠠᠭᠠᠬᠤ ᠵᠢᠯᠣᠭᠤᠳᠣᠭᠴᠢ ᠪᠠᠶᠢᠯᠳᠤᠭᠴᠢᠳ ︽ᠨᠢᠭᠡ | ᠲᠠᠯ᠎ᠠ ᠪᠠᠷ ᠪᠠᠶᠢᠴᠠᠭᠠᠬᠤ᠂ ᠨᠢᠭᠡ ᠲᠠᠯ᠎ᠠ ᠪᠠᠷ ᠵᠢᠯᠣᠭᠤᠳᠬᠤ᠂ ᠨᠢᠭᠡ ᠲᠠᠯ᠎ᠠ ᠪᠠᠷ ᠤᠬᠠᠭᠤᠯᠬᠤ︾ ᠠᠷᠭ᠎ᠠ ᠮᠠᠶ᠋ᠢᠭ ᠢ | ᠠᠪᠴᠤ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠢᠳᠡᠪᠬᠢᠲᠡᠶ | ᠥᠷᠨᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠭᠠᠯ ᠤᠨᠲᠠᠷᠠᠭᠠᠬᠤ ᠠᠮᠤᠷ ᠲᠦᠪᠰᠢᠨ ᠢ ᠢᠮᠠᠭᠲᠠ | ᠪᠠᠲᠤ ᠴᠡᠭᠡᠵᠢᠯᠡᠵᠦ᠂ ᠡᠯ᠎ᠡ ᠲᠥᠷᠥᠯ ᠤᠨ ᠭᠠᠯ ᠤᠨ ᠠᠶᠤᠯ ᠤᠨ ᠳᠠᠯᠳᠠ ᠬᠡᠮ ᠢ ᠳᠠᠬᠢᠨ ᠠᠵᠢᠭᠯᠠᠬᠤ ᠬᠡᠮᠵᠢᠶ᠎ᠡ ᠪᠠᠨ | ᠳᠡᠭᠡᠭᠰᠢᠯᠡᠭᠦᠯᠵᠦ᠂ ᠭᠠᠯ ᠤᠨ ᠠᠶᠤᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠵᠠᠬᠢᠪᠠ᠃ ︽ | ᠡᠷᠦᠬᠡ ᠳᠤ ᠣᠷᠣᠬᠤ ᠮᠠᠶ᠋ᠢᠭ︾ ᠤᠨ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ | ᠪᠠᠶᠢᠴᠠᠭᠠᠬᠤ ᠪᠠ ᠤᠬᠠᠭᠤᠯᠬᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ | ᠠᠷᠠᠳ ᠲᠤ ᠠᠮᠢᠳᠤᠷᠠᠯ ᠤᠨ ᠳᠤᠮᠳᠠ ︽ᠭᠠᠯ ᠤᠨᠲᠠᠷᠠᠭᠠᠬᠤ︾ ᠶᠢ ᠦᠵᠡᠭᠦᠯᠵᠦ᠂ ︽ᠭᠠᠯ ᠤᠨᠲᠠᠷᠠᠭᠠᠬᠤ︾ ᠶᠢ | ᠰᠤᠷᠭᠠᠪᠠ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ | ᠦᠷᠭᠦᠯᠵᠢᠯᠡᠨ ᠨᠡᠶᠢᠭᠡᠮ ᠲᠣᠭᠤᠷᠢᠭ ᠲᠤ ᠣᠷᠣᠵᠤ ᠰᠠᠭᠤᠭᠠᠯᠢ ᠠᠷᠠᠳ ᠤᠨ ᠲᠣᠭᠤᠷᠢᠭ ᠲᠤ ᠣᠷᠣᠵᠤ᠂ ᠣᠯᠠᠨ | ᠶᠠᠩᠵᠤ ᠬᠡᠯᠪᠡᠷᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ | ᠥᠷᠨᠢᠭᠦᠯᠵᠦ᠂ ᠥᠷᠭᠡᠨ ᠣᠯᠠᠨ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠ | ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃ |