ᠬᠠᠤᠯᠢ ᠪᠠᠷ ᠵᠠᠰᠠᠬᠤ ᠠᠵᠤ ᠠᠬᠤᠶᠢᠯᠠᠯ ᠢ ᠬᠠᠮᠠᠭᠠᠯᠠᠵᠤ ᠬᠤᠳᠠᠯᠳᠤᠭ᠎ᠠ ᠡᠷᠬᠢᠯᠡᠯᠲᠡ ᠶᠢ ᠬᠠᠮᠲᠤ ᠪᠠᠷ ᠶᠠᠷᠢᠯᠴᠠᠶ᠎ᠠ︕ ᠬᠤᠲᠠ ᠶᠢᠨ ᠰᠢᠭᠦᠬᠦ ᠬᠤᠷᠢᠶ᠎ᠠ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/28
    ︽ᠵᠢᠷᠭᠤᠭᠠᠨ ᠠᠵᠢᠯᠯᠠᠭ᠎ᠠ︾ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠪᠠ ᠪᠠᠲᠤᠯᠠᠬᠤ ᠶᠢᠨ ᠲᠥᠯᠥᠭᠡ᠂ 2 ᠰᠠᠷ᠎ᠠ ᠶᠢᠨ 26 ᠤ ᠡᠳᠦᠷ᠂ ᠬᠤᠲᠠ ᠶᠢᠨ ᠠᠷᠠᠳ ᠤᠨ ᠰᠢᠭᠦᠬᠦ ᠬᠤᠷᠢᠶ᠎ᠠ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠵᠤ ᠠᠬᠤᠶᠢᠯᠠᠯᠲᠠᠨ ᠤ ᠲᠥᠯᠥᠭᠡᠯᠡᠭᠴᠢ ᠲᠠᠢ ᠨᠢᠭᠤᠷᠳᠠᠨ ᠠᠷᠭ᠎ᠠ ᠪᠣᠳᠣᠯᠭ᠎ᠠ ᠬᠡᠷᠡᠭᠴᠡᠭᠡ ᠱᠠᠭᠠᠷᠳᠠᠯᠭ᠎ᠠ ᠶᠢ ᠨᠢ ᠠᠰᠠᠭᠤᠪᠠ᠃     ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠠᠵᠤ ᠠᠬᠤᠶᠢᠯᠠᠯᠲᠠᠨ ᠤ ᠲᠥᠯᠥᠭᠡᠯᠡᠭᠴᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠠᠤᠯᠢ ᠴᠠᠭᠠᠵᠠ ᠶᠢᠨ ᠠᠰᠠᠭᠤᠳᠠᠯ᠂ ᠬᠠᠤᠯᠢ ᠴᠠᠭᠠᠵᠠ ᠶᠢᠨ ᠬᠡᠷᠡᠭᠴᠡᠭᠡ ᠵᠢᠴᠢ ᠠᠵᠤ ᠠᠬᠤᠶᠢᠯᠠᠯ ᠤᠨ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠪᠠ᠃ ᠡᠭᠦᠨ ᠤ ᠬᠠᠮᠲᠤ ᠵᠠᠷᠭᠤ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠥᠨᠳᠥᠷ ᠪᠦᠲᠦᠮᠵᠢᠲᠡᠶ ᠪᠠᠷ ᠰᠢᠭᠦᠬᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠭᠦᠢᠴᠡᠳᠬᠡᠬᠦ ᠡᠷᠴᠢᠮ ᠢ ᠴᠢᠩᠭᠠᠷᠠᠭᠤᠯᠬᠤ᠂ ᠬᠠᠤᠯᠢ ᠴᠠᠭᠠᠵᠠ ᠶᠢᠨ ᠤᠬᠠᠭᠤᠯᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠬᠠᠨᠳᠤᠯᠭᠠᠲᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃     ᠬᠤᠲᠠ ᠶᠢᠨ ᠠᠷᠠᠳ ᠤᠨ ᠰᠢᠭᠦᠬᠦ ᠬᠤᠷᠢᠶ᠎ᠠ ᠲᠥᠯᠥᠭᠡᠯᠡᠭᠴᠢᠳ᠂ ᠭᠡᠰᠢᠭᠦᠳ ᠪᠠ ᠠᠵᠤ ᠠᠬᠤᠶᠢᠯᠠᠯᠲᠠᠨ ᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠡᠮᠬᠢᠯᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠰᠢᠭᠦᠬᠦ ᠬᠤᠷᠢᠶᠠᠨ ᠤ ᠡᠯ᠎ᠡ ᠵᠦᠢᠯ ᠤᠨ ᠠᠵᠢᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ ᠰᠠᠶᠢᠵᠢᠷᠠᠭᠤᠯᠬᠤ ᠪᠣᠯᠤᠨ᠎ᠠ᠃ ᠡᠭᠦᠨ ᠤ ᠬᠠᠮᠲᠤ ᠬᠤᠶᠢᠰᠢᠳᠠ ᠶᠢᠨ ᠠᠵᠢᠯ ᠤᠨ ᠳᠤᠮᠳᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠴᠤ᠂ ᠲᠥᠯᠥᠭᠡᠯᠡᠭᠴᠢ ᠭᠡᠰᠢᠭᠦᠳ ᠤᠨ ᠨᠡᠪᠲᠡᠷᠡᠯᠴᠡᠨ ᠬᠠᠷᠢᠯᠴᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠭᠦᠨ ᠲᠠᠰᠤᠯᠤᠯᠲᠠ ᠶᠢᠨ ᠭᠦᠢᠴᠡᠳᠬᠡᠬᠦ ᠠᠵᠢᠯ ᠤᠨ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠤᠨᠢᠨ ᠳᠡᠭᠡᠷ᠎ᠡ ᠨᠢ ᠬᠠᠤᠯᠢ ᠪᠠᠷᠢᠬᠤ ᠦᠢᠯᠡᠴᠢᠯᠡᠭᠡ ᠬᠠᠩᠭᠠᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠨᠡᠩ ︽ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ︾ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ ᠪᠣᠯᠭᠠᠵᠤ᠂ ᠪᠣᠭᠤᠮᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号